︽ᠭᠤᠷᠪᠠ ᠶᠢ ᠢᠯᠭᠠᠷᠠᠭᠤᠯᠬᠤ᠂ ᠭᠤᠷᠪᠠ ᠶᠢ ᠴᠡᠭᠴᠡᠯᠡᠨ ᠵᠠᠰᠠᠬᠤ᠂ ᠳᠥᠷᠪᠡ ᠶᠢ ᠳᠡᠭᠡᠭᠰᠢᠯᠡᠭᠦᠯᠬᠦ︾ | ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠦᠷᠨᠢᠭᠦᠯᠵᠦ᠂ ᠪᠦᠬᠦ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠬᠥᠳᠡᠭᠡ | ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠲᠠᠰᠤᠷᠠᠯᠲᠠ ᠦᠭᠡᠢ | ᠲᠡᠭᠡᠭᠰᠢᠯᠡᠭᠦᠯᠬᠦ ᠶᠢᠨ ᠲᠦᠯᠦᠭᠡ᠂ ᠡᠨᠡ ᠵᠢᠯ ᠠᠴᠠ ᠨᠠᠰᠢ᠂ ᠭᠦ᠋ ᠴᠧᠩ ᠪᠠᠯᠭᠠᠰᠤ ᠶᠢᠨ ᠬᠢᠨ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ᠴᠢᠬᠤᠯᠠ ᠡᠭᠦᠷᠭᠡ ᠪᠣᠯᠭᠠᠵᠤ᠂ ᠠᠮᠢ ᠠᠬᠤᠢ ᠶᠢᠨ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ | ᠲᠣᠬᠢᠷᠠᠮᠵᠢᠲᠠᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠴᠡᠪᠡᠷᠰᠢᠭᠦᠯᠬᠦ᠂ | ᠭᠤᠶᠣᠵᠢᠭᠤᠯᠬᠤ ᠪᠠᠷ ᠭᠤᠣᠯᠳᠠᠯᠭ᠎ᠠ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠪᠦᠬᠦ ᠪᠠᠯᠭᠠᠰᠤᠨ ᠤ ᠠᠶᠢᠯ | ᠲᠣᠰᠬᠤᠨ ᠵᠢᠴᠢ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠵᠤ | ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠯᠠᠭᠤᠨ ᠥᠷᠨᠢᠯᠲᠡ ᠶᠢ ᠪᠦᠬᠦ | ᠲᠠᠯ᠎ᠠ ᠪᠠᠷ ᠪᠤᠢ ᠪᠣᠯᠭᠠᠪᠠ᠃ | | | | | ︽ᠪᠦᠲᠦᠭᠡᠨ ᠪᠠᠶᠢᠭᠤᠯᠤᠯᠲᠠ︾ ᠶᠢ ᠪᠣᠳᠣᠯᠬᠢᠯᠠᠨ᠂ ᠰᠠᠭᠤᠷᠢ ᠪᠡᠯᠡᠳᠬᠡᠮᠵᠢ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠭᠦ᠋ ᠴᠧᠩ ᠪᠠᠯᠭᠠᠰᠤ ᠶᠢᠨ ᠬᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ︽ᠬᠠᠲᠠᠭᠤ ᠭᠦᠢᠴᠡᠳᠬᠡᠬᠦ ᠲᠤᠭ᠎ᠠ︾ ᠶᠢ ᠴᠢᠩᠭ᠎ᠠ ᠠᠩᠬᠠᠷᠴᠤ᠂ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢ ᠪᠦᠬᠦ ᠬᠦᠴᠦᠨ ᠢᠶᠠᠷ ᠢᠶᠠᠨ ᠨᠥᠬᠦᠪᠦᠷᠢᠯᠡᠨ ᠲᠡᠭᠦᠯᠳᠡᠷᠵᠢᠭᠦᠯᠪᠡ᠃ ᠠᠮᠢᠳᠤᠷᠠᠯ ᠤᠨ ᠬᠤᠭ ᠨᠣᠪᠰᠢ ᠶᠢ | ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ ᠭᠦ᠋ ᠴᠧᠩ | ᠪᠠᠯᠭᠠᠰᠤ ᠶᠢᠨ 25 ᠵᠠᠰᠠᠭ ᠵᠠᠬᠢᠷᠭᠠᠨ ᠤ ᠲᠣᠰᠬᠤᠨ ᠳᠤ᠂ ᠲᠣᠰᠬᠤᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ | 10% ᠪᠠᠷ ᠬᠤᠭ ᠨᠣᠪᠰᠢ ᠶᠢᠨ ᠰᠠᠪᠠ ᠶᠢ ᠲᠦᠭᠡᠭᠡᠵᠦ᠂ ᠳᠡᠭᠡᠷ᠎ᠡ ᠬᠠᠭᠠᠰ ᠵᠢᠯ ᠳᠤ ᠨᠡᠶᠢᠲᠡ 550 ᠬᠤᠭ | ᠨᠣᠪᠰᠢ ᠶᠢᠨ ᠰᠠᠪᠠ ᠶᠢ ᠲᠦᠭᠡᠭᠡᠵᠦ᠂ ᠡᠯ᠎ᠡ ᠲᠣᠰᠬᠤᠨ ᠤ ᠳᠣᠲᠣᠷᠠᠬᠢ ᠶᠡᠭᠡ ᠪᠠᠭ᠎ᠠ ᠭᠤᠣᠯ ᠵᠠᠮ ᠳᠤ ᠲᠠᠯᠪᠢᠭᠰᠠᠨ | ᠪᠥᠭᠡᠳ ᠴᠡᠪᠡᠷᠯᠡᠭᠴᠢ ᠶᠢ ᠲᠣᠭᠲᠠᠭᠰᠠᠨ ᠴᠠᠭ ᠲᠤ ᠬᠤᠭ ᠨᠣᠪᠰᠢ ᠶᠢᠨ ᠰᠠᠪᠠ ᠶᠢᠨ ᠳᠣᠲᠣᠷᠠᠬᠢ ᠬᠤᠭ ᠨᠣᠪᠰᠢ ᠶᠢ | ᠴᠡᠪᠡᠷᠯᠡᠭᠦᠯᠬᠦ ᠪᠠᠷ ᠲᠣᠬᠢᠷᠠᠭᠤᠯᠵᠠᠢ᠃ | | | | | ︽ᠴᠡᠭᠴᠡᠯᠡᠨ ᠵᠠᠰᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠪᠦᠬᠦᠯᠢ | ᠴᠣᠭᠴᠠ ᠶᠢᠨ ᠳᠦᠷᠰᠦ ᠪᠠᠶᠢᠳᠠᠯ ᠢ ᠰᠠᠶᠢᠵᠢᠷᠠᠭᠤᠯᠪᠠ᠃ ᠴᠡᠪᠡᠷᠯᠡᠨ ᠨᠤᠷᠠᠭᠠᠵᠤ ᠴᠡᠭᠴᠡᠯᠡᠨ ᠵᠠᠰᠠᠬᠤ ᠶᠢ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠮᠡᠭᠯᠡᠬᠦ ᠶᠢᠨ ᠴᠢᠬᠤᠯᠠ ᠭᠠᠷᠳᠠᠴᠠ ᠪᠣᠯᠭᠠᠵᠤ᠂ ᠪᠦᠬᠦ | ᠪᠠᠯᠭᠠᠰᠤᠨ ᠤ ᠪᠤᠵᠠᠷ ᠮᠠᠭᠤᠬᠠᠢ ᠣᠷᠴᠢᠨ ᠲᠣᠭᠤᠷᠢᠨ ᠳᠤ ︽ᠲᠠᠶᠢᠨ ᠵᠠᠷᠯᠠᠪᠠ︾᠃ ᠳᠦᠷᠢᠮ ᠠᠴᠠ ᠵᠥᠷᠢᠴᠡᠨ | ᠪᠠᠶᠢᠭᠤᠯᠤᠭᠰᠠᠨ᠂ ᠭᠡᠷ ᠤᠨ ᠭᠠᠳᠠᠨᠠᠬᠢ ᠲᠣᠭᠲᠠᠭᠠᠯ ᠠᠴᠠ ᠵᠥᠷᠢᠴᠡᠭᠰᠡᠨ ᠵᠠᠷ ᠤᠨ ᠫᠠᠶᠢᠰᠠ ᠶᠢ ᠨᠤᠷᠠᠭᠠᠬᠤ︔ | ᠲᠣᠰᠬᠤᠨ ᠤ ᠳᠣᠲᠣᠷᠠᠬᠢ ᠵᠠᠮ ᠤᠨ ᠬᠤᠭ ᠨᠣᠪᠰᠢ ᠶᠢ ᠴᠡᠪᠡᠷᠯᠡᠵᠦ᠂ ᠲᠠᠷᠢᠶᠠᠨ ᠭᠠᠵᠠᠷ ᠤᠨ ᠪᠤᠵᠠᠷ ᠡᠪᠡᠰᠦ ᠵᠢᠴᠢ | ᠬᠢᠮᠢ ᠶᠢᠨ ᠪᠣᠷᠳᠣᠭᠤᠷ ᠤᠨ ᠤᠭᠤᠲᠠ ᠶᠢ ᠴᠡᠪᠡᠷᠯᠡᠵᠦ᠂ ᠭᠡᠷ ᠤᠨ ᠠᠷᠤ ᠲᠠᠯ᠎ᠠ ᠶᠢᠨ ᠠᠮᠢᠳᠤᠷᠠᠯ ᠤᠨ ᠬᠤᠭ ᠨᠣᠪᠰᠢ ᠶᠢ | ᠴᠡᠪᠡᠷᠯᠡᠨ᠎ᠡ᠃ ᠡᠯ᠎ᠡ ᠲᠣᠰᠬᠤᠨ ᠢ ᠵᠣᠬᠢᠶᠠᠨ ᠪᠠᠶᠢᠭᠤᠯᠤᠨ ᠲᠤᠰᠬᠠᠢ ᠠᠵᠢᠯ ᠤᠨ ᠡᠩᠨᠡᠭᠡ ᠶᠢ ᠪᠠᠶᠢᠭᠤᠯᠵᠤ᠂ | ᠴᠡᠪᠡᠷᠯᠡᠭᠴᠢ ᠶᠢᠨ ᠳᠦᠷᠢᠮ ᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ | ᠬᠦᠴᠦᠲᠡᠢ ᠠᠬᠢᠭᠤᠯᠪᠠ᠃ | | | | | ︽ᠬᠠᠮᠢᠶᠠᠷᠤᠯᠲᠠ︾ ᠳᠤ ᠴᠢᠩᠭᠠᠷᠠᠭᠤᠯᠤᠨ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ | ᠬᠠᠮᠠᠭᠠᠯᠠᠬᠤ ᠲᠣᠭᠲᠠᠴᠠ ᠶᠢ ᠪᠠᠶᠢᠭᠤᠯᠪᠠ᠃ ᠲᠣᠰᠬᠤᠨ ᠤ ᠠᠷᠠᠳ ᠤᠨ ᠵᠥᠪᠯᠡᠯ ᠤᠨ ᠦᠢᠯᠡᠳᠦᠯ ᠢ | ᠪᠠᠳᠠᠷᠠᠭᠤᠯᠬᠤ ᠪᠠᠷ ᠳᠠᠮᠵᠢᠭᠤᠯᠤᠨ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠣᠷᠴᠢᠨ | ᠲᠣᠭᠤᠷᠢᠨ ᠢ ᠬᠠᠶᠢᠷᠠᠯᠠᠬᠤ ᠵᠡᠷᠭᠡ ᠠᠭᠤᠯᠭ᠎ᠠ ᠶᠢ ᠲᠣᠰᠬᠤᠨ ᠤ ᠳᠦᠷᠢᠮ ᠠᠷᠠᠳ ᠤᠨ ᠭᠡᠷ᠎ᠡ ᠳᠤ ᠣᠷᠣᠭᠤᠯᠵᠤ᠂ | ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠭᠡᠷ ᠪᠠᠶᠢᠰᠢᠩ ᠤᠨ ᠡᠷᠬᠢᠨ ᠲᠣᠭᠤᠷᠢᠨ ᠤ ᠣᠷᠴᠢᠨ | ᠲᠣᠭᠤᠷᠢᠨ ᠢ ᠤᠬᠠᠮᠰᠠᠷ ᠠᠴᠠ ᠪᠠᠨ ᠴᠡᠪᠡᠷᠯᠡᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠬᠠᠯᠠᠭᠤᠨ ᠥᠷᠨᠢᠯᠲᠡ ᠳᠤ ᠢᠳᠡᠪᠬᠢᠲᠡᠢ ᠣᠷᠣᠯᠴᠠᠭᠤᠯᠵᠤ᠂ ︽ᠬᠥᠮᠥᠨ ᠪᠦᠬᠦᠨ ᠳᠡᠮᠵᠢᠵᠦ᠂ | ᠬᠥᠮᠥᠨ ᠪᠦᠬᠦᠨ ᠣᠷᠣᠯᠴᠠᠬᠤ︾ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠪᠠ᠃ | | | | | ᠲᠠᠷᠠᠭᠠᠴᠢ ᠶᠢᠨ ᠠᠯᠬᠤᠮ ᠳᠤ᠂ ᠭᠦ᠋ ᠴᠧᠩ ᠪᠠᠯᠭᠠᠰᠤ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠪᠠᠷᠢᠮᠵᠢᠶ᠎ᠠ ᠶᠢ ᠬᠠᠷᠭᠤᠭᠤᠯᠤᠨ ᠬᠦᠰᠦᠨᠦᠭᠲᠦ ᠶᠢ ᠬᠠᠷᠭᠤᠭᠤᠯᠬᠤ ᠶᠢ ᠪᠠᠷᠢᠮᠲᠠᠯᠠᠵᠤ᠂ ︽ᠳᠤᠲᠠᠭᠤᠳᠠᠯ ᠢ | ᠨᠥᠬᠦᠪᠦᠷᠢᠯᠡᠬᠦ ᠪᠠ ᠰᠢᠨ᠎ᠡ ᠶᠢ ᠡᠭᠦᠳᠬᠦ ᠶᠢ ᠠᠳᠬᠤᠬᠤ ᠶᠢ ᠵᠡᠷᠭᠡᠪᠡᠷ ᠬᠦᠴᠦᠯᠡᠬᠦ᠂ ᠬᠦᠴᠢᠷ ᠠᠰᠠᠭᠤᠳᠠᠯ ᠢ | ᠰᠢᠢᠳᠪᠦᠷᠢᠯᠡᠬᠦ ᠪᠠ ᠠᠯᠤᠰ ᠬᠡᠲᠦ ᠶᠢ ᠬᠠᠮᠢᠶᠠᠷᠬᠤ ᠶᠢ ᠵᠡᠷᠭᠡᠪᠡᠷ ᠠᠬᠢᠭᠤᠯᠬᠤ︾ ᠵᠠᠷᠴᠢᠮ ᠢ ᠲᠣᠪᠤᠶᠢᠯᠭᠠᠨ᠂ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠤᠯᠳᠤ ᠪᠠᠷ ᠠᠬᠢᠭᠤᠯᠵᠤ᠂ ᠪᠥᠬᠦ | ᠰᠡᠳᠬᠢᠯ ᠪᠥᠬᠦ ᠵᠣᠷᠢᠭ ᠢᠶᠠᠷ ᠢᠶᠠᠨ ᠣᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠳᠤ ︽ᠦᠨ᠎ᠡ ᠨᠡᠮᠡᠨ᠎ᠡ︾᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |