2023 ᠣᠨ ᠤ ᠬᠥᠬᠡᠬᠤᠲᠠ ᠶᠢᠨ ᠭᠤᠷᠪᠠᠳᠤᠭᠠᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠲᠥᠪᠯᠡᠷᠡᠩᠭᠦᠢ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠲᠣᠭᠲᠠᠬᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/8/10
      8 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭ᠎ᠠ ᠠᠴᠠ ᠭᠤᠣᠯᠯᠠᠨ ᠡᠷᠬᠢᠯᠡᠵᠦ᠂ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠳᠠᠭᠠᠭᠠᠴᠢᠯᠠᠨ ᠡᠷᠬᠢᠯᠡᠭᠰᠡᠡ 2023 ᠣᠨ ᠤ ᠪᠦᠬᠦ ᠬᠤᠳᠠ ᠶᠢᠨ ᠭᠤᠷᠪᠠᠳᠤᠭᠠᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠲᠥᠪᠯᠡᠷᠡᠩᠭᠦᠢ ᠠᠵᠢᠯᠯᠠᠭ᠎ᠠ ᠲᠣᠭᠲᠠᠬᠤ ᠰᠢᠶᠠᠨ ᠳᠤ ᠡᠬᠢᠯᠡᠪᠡ᠃      ᠲᠤᠰ ᠤᠳᠠᠭᠠᠨ ᠤ ᠠᠵᠢᠯᠯᠠᠭ᠎ᠠ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ︾ ᠪᠠᠷ ᠭᠤᠣᠯ ᠰᠡᠳᠦᠪ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠤᠬᠠᠭᠤᠯᠤᠨ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠤᠨ ᠭᠦᠨ ᠳᠤ ᠦᠨᠳᠦᠰᠦᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠠᠵᠢᠯᠯᠠᠭᠠᠨ ᠤ ᠲᠦᠷᠦᠯ ᠲᠡᠮᠳᠡᠭ ᠢ ᠡᠭᠦᠳᠴᠦ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠨᠥᠯᠥᠭᠡᠯᠡᠬᠦ ᠬᠦᠴᠦᠨ ᠢ ᠥᠷᠭᠡᠳᠬᠡᠨ  ᠲᠡᠭᠡᠭᠰᠢᠯᠡᠭᠦᠯᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠥᠬᠡᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠯᠢ ᠧᠨ ᠸᠧᠢ ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠶ᠎ᠠ︾ ᠭᠡᠬᠦ ᠰᠡᠳᠦᠪ ᠤᠨ ᠲᠣᠭᠤᠷᠢᠨ ᠳᠤ ᠭᠤᠣᠯ ᠰᠡᠳᠦᠪᠲᠦ ᠲᠠᠶᠢᠯᠤᠮᠵᠢ ᠬᠢᠪᠡ᠃ ᠰᠢᠶᠠᠨ ᠤ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠨᠥᠬᠦᠳ 100 ᠭᠠᠷᠤᠢ ᠬᠥᠮᠥᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠨᠥᠬᠦᠳ ᠱᠤᠸᠠᠩ ᠾᠧ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠥᠷᠲᠡᠭᠡ ᠳᠤ ᠪᠠᠶᠢᠴᠠᠭᠠᠨ ᠰᠤᠳᠤᠯᠤᠯᠲᠠ ᠬᠢᠪᠡ᠃      ᠪᠥᠬᠦ ᠬᠤᠲᠠ ᠶᠢᠨ ᠭᠤᠷᠪᠠᠳᠤᠭᠠᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠲᠥᠪᠯᠡᠷᠡᠩᠭᠦᠢ ᠠᠵᠢᠯᠯᠠᠭ᠎ᠠ ᠶᠢᠨ ᠬᠤᠭᠤᠴᠠᠭᠠᠨ ᠳᠤ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠬᠢᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠤᠬᠠᠭᠤᠯᠤᠨ ᠲᠠᠶᠢᠯᠪᠤᠷᠢᠯᠠᠭᠴᠢ ᠶᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ᠂ ᠪᠠᠶᠢᠭᠤᠯᠤᠯᠭ᠎ᠠ᠂ ᠠᠵᠤ ᠠᠬᠤᠶᠢᠯᠠᠯ ᠵᠡᠷᠭᠡ ᠳᠤ ᠭᠦᠨᠵᠡᠭᠡᠶᠢᠷᠡᠨ ᠤᠬᠠᠭᠤᠯᠬᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠬᠦ ᠪᠠᠷ ᠪᠣᠶ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1