8 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ | ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠨᠠᠷ ᠤᠨ | ᠬᠤᠷᠠᠯ ᠣᠷᠳᠣᠰ ᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ | ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ︾ ᠤ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠬᠢᠯᠡᠭᠴᠢ᠂ | ᠭᠦᠢᠴᠡᠳᠬᠡᠬᠦ ᠺᠣᠮᠢᠰ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ | ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ ︽ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ︾ ᠤ ᠪᠡᠯᠡᠳᠬᠡᠯ | ᠪᠠ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ ᠡᠬᠢᠯᠡᠯᠲᠡ ᠶᠢᠨ | ᠶᠣᠰᠣᠯᠠᠯ ᠤᠨ ᠠᠵᠢᠯᠯᠠᠭ᠎ᠠ᠂ ᠤᠷᠤᠯᠳᠤᠭᠠᠨ ᠤ ᠶᠠᠪᠤᠳᠠᠯ ᠤᠨ ᠵᠣᠬᠢᠶᠠᠨ ᠪᠠᠶᠢᠭᠤᠯᠤᠯᠲᠠ ᠵᠢᠴᠢ ᠠᠮᠤᠷ ᠲᠦᠪᠰᠢᠨ ᠤ | ᠪᠠᠲᠤᠯᠠᠭ᠎ᠠ᠂ ᠵᠠᠭᠤᠴᠢᠯᠠᠭᠤᠷ ᠤᠨ ᠤᠬᠠᠭᠤᠯᠭ᠎ᠠ᠂ ᠬᠦᠯᠢᠶᠡᠨ ᠠᠪᠬᠤ ᠦᠢᠯᠡᠴᠢᠯᠡᠭᠡ ᠵᠡᠷᠭᠡ ᠭᠤᠣᠯᠳᠠᠯᠭ᠎ᠠ ᠲᠠᠢ | ᠠᠵᠢᠯ ᠢ ᠰᠠᠶᠢᠲᠤᠷ ᠬᠢᠬᠦ ᠲᠠᠬᠢᠨ ᠲᠣᠬᠢᠷᠠᠭᠤᠯᠵᠤ ᠲᠠᠬᠢᠨ ᠪᠠᠶᠢᠷᠢᠯᠠᠭᠤᠯᠪᠠ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ | ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ 8 ᠳ᠋ᠤᠭᠠᠷ ᠰᠠᠷ᠎ᠠ ᠶᠢᠨ 8 ᠤ ᠣᠷᠣᠢ ᠶᠠᠪᠤᠭᠳᠠᠵᠤ᠂ ᠲᠣᠰ | ᠬᠤᠭᠤᠴᠠᠭᠠᠨ ᠤ ᠤᠷᠤᠯᠳᠤᠭᠠᠨ ᠳᠤ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ | ᠣᠨᠴᠠᠯᠢᠭ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ | ᠦᠨᠳᠦᠰᠦᠯᠡᠨ᠂ ᠠᠶᠢᠮᠠᠭ ᠬᠤᠲᠠ ᠶᠢᠨ ᠳᠤᠭᠤᠶᠢᠯᠠᠩ᠂ ᠣᠯᠠᠨ ᠲᠦᠮᠡᠨ ᠤ ᠳᠤᠭᠤᠶᠢᠯᠠᠩ ᠭᠡᠰᠡᠨ 2 ᠳᠤᠭᠤᠶᠢᠯᠠᠩ | ᠲᠣᠬᠢᠷᠠᠭᠤᠯᠵᠤ᠂ ᠨᠡᠶᠢᠲᠡ 44 ᠶᠡᠭᠡ ᠲᠥᠷᠥᠯ᠂ 1232 ᠪᠠᠭ᠎ᠠ ᠲᠥᠷᠥᠯ ᠲᠣᠬᠢᠷᠠᠭᠤᠯᠪᠠ᠃ | |