ᠣᠷᠳᠣᠰ ᠬᠤᠲᠠ ᠶᠢᠨ 1 ᠨᠢᠭᠡᠴᠡ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ ᠲᠡᠷᠢᠭᠦᠨ ᠤ ᠨᠡᠶᠢᠲᠡ ᠶᠢᠨ ᠴᠣᠯᠠ ᠶᠢ ᠭᠦᠷᠲᠡᠵᠦ 2 ᠬᠥᠮᠦᠨ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ ᠲᠡᠷᠢᠭᠦᠨ ᠤ ᠬᠤᠪᠢ ᠬᠥᠮᠦᠨ ᠤ ᠴᠣᠯᠠ ᠶᠢ ᠬᠦᠷᠲᠡᠪᠡ
ᠨᠡᠶᠢᠲᠡᠯᠡᠭᠰᠡᠨ ᠴᠠᠭ᠄
2023/8/10
      ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ  ᠨᠡᠷᠡᠰ ᠢ 7 ᠰᠠᠷ᠎ᠠ ᠶᠢᠨ 31 ᠤ ᠡᠳᠦᠷ ᠨᠡᠶᠢᠲᠡᠯᠡᠵᠦ᠂ ᠣᠷᠳᠣᠰ ᠬᠤᠲᠠ ᠶᠢᠨ ᠣᠶᠢᠵᠢᠭᠤᠯᠤᠯᠲᠠ ᠶᠢᠨ ᠶᠡᠷᠦᠩᠬᠡᠢ ᠲᠠᠯᠠᠪᠠᠢ ᠶᠢᠨ ᠽᠠᠨᠳᠠᠨ ᠵᠤᠤ ᠶᠢᠨ ᠬᠤᠪᠢᠶᠠᠷᠢ  ᠲᠠᠯᠠᠪᠠᠢ ᠨᠢ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ ᠲᠡᠷᠢᠭᠦᠨ ᠤ ᠬᠠᠮᠲᠤ ᠨᠡᠶᠢᠲᠡ ᠶᠢᠨ ᠴᠣᠯᠠ ᠶᠢ ᠬᠦᠷᠲᠡᠵᠦ᠂ ᠣᠷᠳᠣᠰ ᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ  ᠰᠤᠳᠤᠯᠤᠭᠴᠢ  ᠠᠯᠲᠠᠨᠪᠣᠣ  ᠪᠣᠯᠤᠨ ᠣᠲᠤᠭ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢᠨ ᠲᠠᠷᠢᠶᠠᠯᠠᠩ ᠤᠨ  ᠮᠡᠷᠭᠡᠵᠢᠯ ᠢ ᠳᠡᠯᠭᠡᠷᠡᠭᠦᠯᠬᠦ ᠰᠤᠳᠤᠯᠤᠭᠴᠢ ᠠᠯᠲᠠᠨᠪᠤᠯᠠᠭ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ  ᠲᠡᠷᠢᠭᠦᠨ ᠤ  ᠬᠤᠪᠢ‌‍ᠬᠥ᠋ᠮᠦᠨ ᠤ ᠴᠣᠯᠠ ᠶᠢ ᠬᠦᠷᠲᠡᠪᠡ ᠃              ︽ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠥᠪᠯᠡᠯ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤᠯᠤᠰ ᠤᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ ᠲᠡᠷᠢᠭᠦᠨ ᠤ ᠬᠠᠮᠲᠤ ᠪᠠ ᠲᠡᠷᠢᠭᠦᠨ ᠤ  ᠬᠤᠪᠢ ᠬᠥᠮᠦᠨ ᠢ ᠰᠢᠯᠭᠠᠷᠠᠭᠤᠯᠬᠤ ᠲᠤᠬᠠᠢ ᠮᠡᠳᠡᠭᠳᠡᠯ︾ ︵ᠬᠥᠮᠦᠨ ᠨᠡᠶᠢᠭᠡᠮ ᠶᠠᠮᠤᠨ ᠵᠠᠬᠢᠳᠠᠯ 2022120 ᠳ᠋ᠤᠭᠠᠷ ᠲᠣᠭᠠᠲᠤ︶ ᠢ ᠦᠨᠳᠦᠰᠦᠯᠡᠨ᠂ ᠱᠠᠲᠤ  ᠳᠠᠷᠠᠭᠠᠯᠠᠨ ᠲᠠᠨᠢᠯᠴᠠᠭᠤᠯᠤᠨ ᠰᠢᠯᠭᠠᠷᠠᠭᠤᠯᠬᠤ ᠶᠢᠨ ᠬᠠᠮᠲᠤ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠰᠢᠯᠭᠠᠷᠠᠭᠤᠯᠤᠨ ᠬᠥᠬᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠢᠨᠠᠨ ᠬᠠᠷᠭᠤᠭᠤᠯᠵᠤ᠂ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ 1 ᠬᠠᠮᠲᠤ ᠨᠡᠶᠢᠲᠡ᠂ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ 95 ᠲᠡᠷᠢᠭᠦᠨ ᠤ  ᠬᠠᠮᠲᠤ᠂ ᠪᠦᠬᠦ  ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ 10 ᠵᠢᠱᠢᠶᠡᠴᠢ ᠪᠠ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ 102 ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠪᠠᠷ ᠪᠠᠶᠢᠨ᠎ᠠ᠃         ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1