ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠵᠠᠯᠠᠭᠤᠴᠤᠳ ᠪᠠᠭᠠᠴᠤᠳ ᠬᠡᠦᠬᠡᠳ ᠢ ︽ᠬᠠᠯᠠᠭᠤᠨ︾ ᠳᠤ ᠪᠠᠶᠠᠷ | ᠴᠡᠩᠭᠡᠯ ᠲᠠᠢ ᠪᠣᠯᠭᠠᠵᠤ᠂ ︽ᠬᠠᠯᠠᠭᠤᠨ︾ ᠳᠤ ᠰᠤᠷᠤᠯᠴᠠᠯᠭ᠎ᠠ ᠲᠠᠢ ᠪᠣᠯᠭᠠᠵᠤ᠂ ᠪᠠᠶᠠᠷ ᠬᠥᠷ ᠲᠠᠢ ᠰᠤᠷᠤᠯᠴᠠᠬᠤ | ᠣᠷᠴᠢᠨ ᠨᠥᠬᠦᠴᠡᠯ ᠢ ᠪᠣᠶ ᠪᠣᠯᠭᠠᠵᠤ᠂ ᠵᠣᠨ ᠤ ᠠᠮᠠᠷᠠᠯᠲᠠ ᠶᠢᠨ ᠳᠠᠰᠬᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ | ᠲᠥᠯᠥᠭᠡ᠂ 8 ᠳ᠋ᠤᠭᠠᠷ ᠰᠠᠷ᠎ᠠ ᠶᠢᠨ 8 ᠤ ᠡᠳᠦᠷ᠂ ᠱᠤᠸᠠᠩ ᠾᠧ ᠪᠠᠯᠭᠠᠰᠤᠨ ᠤ ᠬᠠᠲᠤᠨ ᠭᠤᠣᠯ ᠨᠡᠶᠢᠭᠡᠮ | ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ︽ᠪᠠᠶᠠᠷ ᠬᠥᠷ ᠲᠠᠢ ᠦᠰᠦᠨ | ᠪᠣᠶᠢᠵᠢᠬᠤ︾ ᠵᠣᠨ ᠤ ᠠᠮᠠᠷᠠᠯᠲᠠ ᠶᠢᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠢ ᠨᠡᠭᠡᠭᠡᠵᠡᠢ᠃ | | | | | ᠲᠣᠰ ᠤᠳᠠᠭᠠᠨ ᠤ ᠬᠢᠴᠢᠶᠡᠯ ᠤᠨ ᠲᠠᠩᠬᠢᠮ ᠢ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠠᠴᠠ | ᠵᠢᠷᠭᠤᠳᠤᠭᠠᠷ ᠣᠨ ᠤ ᠰᠤᠷᠤᠭᠴᠢᠳ ᠲᠤ ᠨᠡᠭᠡᠭᠡᠵᠦ᠂ ᠲᠠᠪᠤᠨ ᠣᠶᠤᠲᠠᠨ ᠰᠠᠶᠢᠨ ᠳᠤᠷ᠎ᠠ ᠶᠢᠨ ᠠᠵᠢᠯᠯᠠᠭᠴᠢ ᠪᠠ | ᠬᠤᠶᠠᠷ ᠨᠡᠶᠢᠭᠡᠮ ᠤᠨ ᠠᠵᠢᠯᠲᠠᠨ ᠬᠡᠦᠬᠡᠳ ᠢ ᠬᠠᠪᠰᠤᠷᠤᠨ ᠵᠣᠨ ᠤ ᠠᠮᠠᠷᠠᠯᠲᠠ ᠶᠢᠨ ᠳᠠᠰᠬᠠᠯ ᠢ ᠨᠢ ᠪᠡᠶ᠎ᠡ ᠪᠠᠨ | ᠳᠠᠭᠠᠭᠠᠵᠤ ᠪᠡᠶᠡᠯᠡᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠲᠤᠬᠠᠢ ᠶᠢᠨ ᠲᠠᠯᠠᠪᠠᠢ ᠳᠤ ᠬᠡᠦᠬᠡᠳ ᠤᠳ ᠲᠤ | ᠰᠤᠷᠤᠯᠴᠠᠬᠤ ᠤᠷ᠎ᠠ ᠳᠡᠮ ᠢᠶᠠᠨ ᠬᠤᠪᠢᠶᠠᠯᠴᠠᠵᠤ᠂ ᠲᠡᠳᠡᠨ ᠤ ᠲᠠᠷᠢᠬᠢ ᠲᠣᠯᠣᠭᠠᠢ ᠪᠠᠨ ᠰᠠᠶᠢᠲᠤᠷ ᠬᠥᠳᠡᠯᠭᠡᠵᠦ᠂ | ᠢᠯᠡᠭᠦᠬᠡᠨ ᠰᠡᠳᠬᠢᠬᠦ ᠶᠢ ᠵᠣᠷᠢᠭᠵᠢᠭᠤᠯᠪᠠ᠃ ᠬᠡᠦᠬᠡᠳ ᠤᠳ ᠬᠦᠴᠢᠷ ᠠᠰᠠᠭᠤᠳᠠᠯ ᠳᠤ ᠲᠤᠯᠭᠠᠷᠠᠪᠠᠯ ᠰᠠᠶᠢᠨ | ᠳᠤᠷ᠎ᠠ ᠶᠢᠨ ᠦᠢᠯᠡᠴᠢᠯᠡᠭᠴᠢᠳ ᠴᠦ ᠨᠢᠭᠡᠳ ᠨᠢᠭᠡ ᠪᠠᠷ ᠬᠦᠯᠢᠴᠡᠩᠭᠦᠢ ᠪᠠᠷ ᠲᠠᠶᠢᠯᠪᠤᠷᠢᠯᠠᠨ ᠶᠠᠷᠢᠵᠤ᠂ | ᠬᠡᠦᠬᠡᠳ ᠤᠳ ᠲᠤ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠭᠦᠯᠳᠡᠭ᠃ | | | | | | | | ᠵᠣᠨ ᠤ ᠠᠮᠠᠷᠠᠯᠲᠠ ᠶᠢᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠢ ᠡᠷᠭᠢᠯᠡᠬᠦ ᠪᠠᠷ | ᠳᠠᠮᠵᠢᠭᠤᠯᠤᠨ᠂ ᠰᠠᠭᠤᠭᠠᠯᠢ ᠠᠷᠠᠳ ᠢ ᠬᠠᠪᠰᠤᠷᠤᠨ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠳᠤ ᠬᠠᠪᠰᠤᠷᠤᠨ | ᠵᠢᠯᠣᠭᠤᠳᠤᠯᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠢᠶᠠᠷ ᠪᠠᠷᠠᠬᠤ ᠦᠭᠡᠢ᠂ ᠪᠠᠰᠠ | ᠬᠡᠦᠬᠡᠳ ᠤᠳ ᠲᠤ ᠪᠤᠰᠤᠳ ᠪᠢᠴᠢᠬᠠᠨ ᠨᠠᠶᠢᠵᠠ ᠨᠠᠷ ᠲᠠᠢ ᠪᠠᠨ ᠬᠠᠮᠲᠤ ᠪᠠᠷ ᠰᠤᠷᠤᠯᠴᠠᠵᠤ ᠰᠣᠯᠢᠯᠴᠠᠬᠤ ᠲᠠᠪᠴᠠᠩ | ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠠᠲᠤᠨ ᠭᠤᠣᠯ ᠨᠡᠶᠢᠭᠡᠮ ᠲᠣᠭᠤᠷᠢᠭ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠠᠴᠠ ᠵᠠᠯᠠᠭᠤᠴᠤᠳ ᠪᠠᠭᠠᠴᠤᠳ ᠬᠡᠦᠬᠡᠳ ᠤᠨ ᠡᠷᠡᠭᠦᠯ ᠢᠶᠠᠷ | ᠦᠰᠦᠨ ᠪᠣᠶᠢᠵᠢᠬᠤ ᠶᠢ ᠦᠷᠭᠦᠯᠵᠢᠯᠡᠨ ᠠᠩᠬᠠᠷᠴᠤ᠂ ᠬᠡᠦᠬᠡᠳ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠴᠠᠭ | ᠲᠤᠬᠠᠢ ᠳᠤᠨᠢ ᠣᠶᠢᠯᠠᠭᠠᠨ᠂ ᠡᠯᠪᠡᠭ ᠪᠠᠶᠠᠯᠢᠭ ᠲᠠᠩᠰᠤᠭ ᠰᠠᠶᠢᠬᠠᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ | ᠬᠡᠦᠬᠡᠳ ᠤᠳ ᠲᠤ ᠨᠠᠩ ᠣᠯᠠᠨ ᠬᠠᠨᠢ ᠪᠠ ᠬᠠᠶᠢᠷ᠎ᠠ ᠬᠠᠯᠠᠮᠵᠢ ᠬᠠᠩᠭᠠᠵᠤ᠂ ᠬᠡᠦᠬᠡᠳ ᠤᠨ ᠡᠷᠡᠭᠦᠯ ᠴᠢᠭᠢᠷᠠᠭ ᠪᠠᠶᠠᠷ | ᠬᠥᠷ ᠲᠠᠢ ᠦᠰᠦᠨ ᠪᠣᠶᠢᠵᠢᠬᠤ ᠳᠤ ᠬᠦᠴᠦᠨ ᠨᠡᠮᠡᠷᠢᠯᠡᠨ᠎ᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |