ᠠᠮᠲᠠᠲᠤ ᠢᠳᠡᠭᠡᠨ ᠤ ᠨᠠᠶᠢᠷ ᠤᠨ ᠠᠵᠢᠯᠯᠠᠭ᠎ᠠ ᠶᠢᠨ ᠬᠤᠭᠤᠴᠠᠭᠠᠨ ᠳᠠᠬᠢ ᠭᠠᠯ ᠤᠨᠲᠠᠷᠠᠭᠠᠬᠤ ᠠᠮᠤᠷ | ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠲᠤᠭᠳᠠᠬᠤ ᠰᠢᠶᠠᠨ ᠤ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠣᠯᠠᠨ ᠰᠠᠯᠠᠭ᠎ᠠ ᠮᠥᠴᠢᠷ ᠲᠠᠢ ᠬᠠᠮᠲᠤᠷᠠᠨ ︽ᠠᠮᠲᠠᠲᠤ | ᠢᠳᠡᠭᠡᠨ ᠤ ᠨᠠᠶᠢᠷ︾ ᠤᠨ ᠠᠵᠢᠯᠯᠠᠭ᠎ᠠ ᠶᠢᠨ ᠬᠤᠭᠤᠴᠠᠭᠠᠨ ᠳᠠᠬᠢ ᠭᠠᠯ ᠤᠨᠲᠠᠷᠠᠭᠠᠬᠤ ᠪᠠᠶᠢᠴᠠᠭᠠᠯᠲᠠ ᠶᠢᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | | | | | ᠲᠣᠭᠲᠠᠬᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠠᠵᠢᠯᠲᠠᠳ ᠡᠯ᠎ᠡ | ᠳᠡᠯᠭᠡᠭᠡ ᠮᠠᠶᠢᠮᠠᠢ ᠶᠢᠨ ᠭᠠᠵᠠᠷ ᠨᠢ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠭᠰᠡᠨ ᠡᠰᠡᠬᠦ᠂ ᠠᠮᠤᠷ ᠲᠦᠪᠰᠢᠨ ᠢᠶᠠᠷ | ᠴᠠᠬᠢᠯᠭᠠᠨ ᠬᠡᠢ ᠬᠡᠷᠡᠭᠯᠡᠭᠰᠡᠨ ᠪᠠᠶᠢᠳᠠᠯ ᠢ ᠪᠠᠶᠢᠴᠠᠭᠠᠨ ᠦᠵᠡᠵᠦ᠂ ᠳᠡᠯᠭᠡᠭᠡ ᠮᠠᠶᠢᠮᠠᠢ ᠶᠢᠨ ᠰᠢᠲᠠᠭᠴᠢ ᠬᠡᠢ ᠶᠢᠨ | ᠬᠤᠭᠤᠯᠠᠢ ᠪᠣᠯᠣᠨ ᠰᠢᠲᠠᠭᠴᠢ ᠬᠡᠢ ᠶᠢᠨ ᠪᠠᠭᠠᠵᠢ ᠶᠢᠨ ᠬᠤᠭᠤᠷᠣᠨᠳᠤ ᠠᠮᠤᠷ ᠲᠦᠪᠰᠢᠨ ᠤ ᠵᠠᠢ ᠭᠠᠷᠭᠠᠬᠤ ᠡᠰᠡᠬᠦ᠂ | ᠨᠢᠭᠡ ᠬᠡᠢ ᠣᠯᠠᠨ ᠵᠤᠤᠬ᠎ᠠ ᠣᠷᠣᠰᠢᠵᠤ ᠪᠠᠶᠢᠬᠤ ᠡᠰᠡᠬᠦ᠂ ᠰᠢᠲᠠᠮᠠᠬᠠᠢ ᠬᠡᠢ ᠶᠢᠨ ᠵᠥᠭᠡᠯᠡᠨ ᠬᠤᠭᠤᠯᠠᠢ ᠳᠤ ᠢᠳᠡᠭᠳᠡᠬᠦ᠂ | ᠬᠠᠭᠤᠴᠢᠷᠠᠬᠤ᠂ ᠭᠤᠭᠤᠵᠢᠬᠤ ᠪᠠᠶᠢᠳᠠᠯ ᠣᠷᠣᠰᠢᠵᠤ ᠪᠠᠶᠢᠬᠤ ᠡᠰᠡᠬᠦ᠂ ᠭᠠᠯ ᠤᠨᠲᠠᠷᠠᠭᠠᠭᠤᠷ ᠲᠣᠬᠢᠷᠠᠭᠤᠯᠤᠭᠰᠠᠨ | ᠡᠰᠡᠬᠦ ᠵᠡᠷᠭᠡ ᠤᠴᠢᠷ ᠶᠠᠪᠤᠳᠠᠯ ᠳᠤ ᠨᠠᠷᠢᠨ ᠪᠠᠶᠢᠴᠠᠭᠠᠯᠲᠠ ᠬᠢᠵᠦ᠂ ᠳᠡᠯᠭᠡᠭᠡ ᠮᠠᠶᠢᠮᠠᠢ ᠳᠤ ᠭᠤᠣᠯᠳᠠᠭᠤ ᠬᠡᠢ | ᠬᠡᠷᠡᠭᠯᠡᠬᠦ ᠶᠢ ᠴᠢᠩᠭ᠎ᠠ ᠵᠢᠷᠤᠮᠵᠢᠭᠤᠯᠤᠨ᠂ ᠬᠡᠷᠡᠭᠯᠡᠬᠦ ᠦᠶ᠎ᠡ ᠳᠤ ᠰᠠᠵᠢᠯᠠᠬᠤ᠂ ᠠᠰᠬᠠᠵᠤ ᠲᠠᠯᠪᠢᠬᠤ ᠵᠡᠷᠭᠡ ᠲᠣᠭᠲᠠᠭᠠᠯ | ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠬᠡᠢ ᠶᠢᠨ ᠯᠣᠩᠬᠤ᠂ ᠬᠤᠭᠤᠯᠠᠢ ᠤᠲᠠᠰᠤ᠂ | ᠵᠤᠤᠬ᠎ᠠ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠪᠠ᠂ ᠬᠡᠷᠪᠡ ᠡᠪᠳᠡᠷᠡᠵᠦ ᠰᠦᠢᠳᠦᠭᠰᠡᠨ ᠪᠤᠶᠤ | ᠬᠠᠭᠤᠴᠢᠷᠠᠭᠰᠠᠨ ᠢ ᠣᠯᠵᠤ ᠮᠡᠳᠡᠪᠡᠯ ᠴᠠᠭ ᠲᠤᠬᠠᠢ ᠳᠤᠨᠢ ᠰᠣᠯᠢᠵᠤ᠂ ᠮᠢᠨᠴᠦᠭᠦᠷᠡᠨ ᠲᠠᠶᠢᠪᠤᠰᠢᠷᠠᠬᠤ ᠰᠡᠳᠬᠢᠯᠭᠡ ᠶᠢ | ᠲᠠᠰᠤ ᠵᠣᠭᠰᠣᠭᠠᠵᠤ᠂ ᠳᠠᠯᠳᠠ ᠬᠡᠮ ᠤᠨ ᠠᠰᠠᠭᠤᠳᠠᠯ ᠢ ᠦᠯᠡᠳᠡᠭᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ | ᠰᠠᠨᠠᠭᠤᠯᠪᠠ᠃ ᠡᠭᠦᠨ ᠤ ᠬᠠᠮᠲᠤ᠂ ᠠᠮᠲᠠᠲᠤ ᠢᠳᠡᠭᠡᠨ ᠤ ᠨᠠᠶᠢᠷ ᠤᠨ ᠳᠡᠯᠭᠡᠭᠡ ᠮᠠᠶᠢᠮᠠᠢ ᠶᠢᠨ ᠡᠵᠡᠨ ᠵᠢᠴᠢ ᠨᠠᠰᠢ | ᠴᠠᠰᠢ ᠥᠩᠭᠡᠷᠡᠬᠦ ᠣᠯᠠᠨ ᠲᠦᠮᠡᠨ ᠳᠤ ᠭᠠᠯ ᠤᠨᠲᠠᠷᠠᠭᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠭᠠᠯ ᠤᠨ | ᠠᠶᠤᠯ ᠭᠠᠷᠤᠭᠰᠠᠨ ᠰᠢᠯᠲᠠᠭᠠᠨ᠂ ᠭᠠᠯ ᠤᠨ ᠠᠶᠤᠯ ᠢ ᠬᠡᠷᠬᠢᠨ ᠰᠡᠷᠭᠡᠶᠢᠯᠡᠬᠦ᠂ ᠰᠢᠲᠠᠮᠠᠬᠠᠢ ᠬᠡᠢ᠂ ᠲᠣᠰᠣᠨ ᠤ ᠵᠦᠢᠯ᠂ | ᠴᠠᠬᠢᠯᠭᠠᠨ ᠬᠡᠷᠡᠭᠰᠡᠯ ᠤᠨ ᠲᠥᠷᠥᠯ ᠤᠨ ᠭᠠᠯ ᠤᠨ ᠠᠶᠤᠯ ᠢ ᠬᠡᠷᠬᠢᠨ ᠰᠢᠢᠳᠪᠦᠷᠢᠯᠡᠬᠦ ᠠᠷᠭ᠎ᠠ ᠵᠡᠷᠭᠡ ᠭᠠᠯ | ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠶᠠᠷᠢᠵᠠᠢ᠃ | | | | | | | | ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠨᠢ ᠠᠮᠲᠠᠲᠤ ᠢᠳᠡᠭᠡᠨ ᠤ ᠨᠠᠶᠢᠷ ᠤᠨ ᠳᠡᠯᠭᠡᠭᠦᠷ ᠤᠨ | ᠡᠵᠡᠨ ᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ | ᠭᠠᠯ ᠰᠡᠷᠭᠡᠶᠢᠯᠡᠨ ᠠᠶᠤᠯ ᠢ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠭᠠᠯ ᠰᠡᠷᠭᠡᠶᠢᠯᠡᠨ ᠤᠨᠲᠠᠷᠠᠭᠠᠬᠤ ᠠᠮᠤᠷ | ᠲᠦᠪᠰᠢᠨ ᠤ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠢ ᠠᠮᠲᠠᠲᠤ ᠢᠳᠡᠭᠡᠨ ᠤ | ᠨᠠᠶᠢᠷ ᠤᠨ ᠠᠵᠢᠯᠯᠠᠭ᠎ᠠ ᠶᠢᠨ ᠬᠤᠭᠤᠴᠠᠭᠠᠨ ᠳᠠᠬᠢ ᠰᠠᠨᠠᠭ᠎ᠠ ᠠᠮᠤᠷ ᠲᠣᠭᠤᠷᠢᠭᠤᠯᠵᠤ᠂ ᠰᠠᠨᠠᠭ᠎ᠠ ᠠᠮᠤᠷ | ᠨᠠᠭᠠᠳᠤᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠪᠠᠲᠤ ᠪᠠᠬᠢ ︽ | ᠰᠡᠷᠭᠡᠶᠢᠯᠡᠯᠲᠡ ᠶᠢᠨ ᠬᠡᠷᠡᠮ︾ ᠢ ᠴᠣᠭᠴᠠᠯᠠᠭᠰᠠᠨ ᠪᠠᠶᠢᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |