| | | 8 ᠳ᠋ᠤᠭᠠᠷ ᠰᠠᠷ᠎ᠠ ᠶᠢᠨ 12 ᠤᠨ ᠡᠳᠦᠷ᠂ ᠪᠦᠬᠦ ᠬᠤᠳᠠ ᠶᠢᠨ ᠬᠢᠨ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠮᠡᠳ ᠵᠡᠭᠦᠨ ᠬᠤᠰᠢᠭᠤ᠂ | ᠲᠣᠭᠲᠠᠬᠤ ᠰᠢᠶᠠᠨ ᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠵᠤ᠂ ᠲᠣᠭᠤᠷᠢᠨ ᠦᠵᠡᠬᠦ ᠶᠠᠪᠤᠴᠠ ᠳᠠᠭᠠᠨ | ᠪᠦᠬᠦ ᠬᠤᠳᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠠᠳᠠᠯᠢᠳᠬᠠᠨ ᠰᠤᠷᠤᠯᠴᠠᠵᠤ ᠭᠦᠢᠴᠡᠨ ᠳᠠᠪᠠᠵᠤ | ᠠᠵᠢᠯᠯᠠᠭᠴᠢᠳ ᠤᠨ ᠬᠠᠯᠠᠭᠤᠨ ᠰᠡᠳᠬᠢᠯᠭᠡ ᠪᠣᠯᠣᠨ ᠦᠢᠯᠡᠰ ᠪᠣᠰᠬᠠᠬᠤ ᠤᠷᠮ᠎ᠠ ᠵᠣᠷᠢᠭ ᠢ ᠬᠥᠭᠵᠢᠭᠡᠵᠦ᠂ ᠪᠣᠳᠠᠲᠤ | ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠢ ᠨᠠᠶᠢᠳᠠᠪᠤᠷᠢᠵᠢᠭᠤᠯᠪᠠ᠃ | | | | | ᠥᠪᠥᠷ ᠮᠣᠩᠭᠤᠯ ᠤᠨ ᠢ ᠳ᠋ᠦᠸᠧ ᠯᠢ ᠭᠤᠷᠪᠠᠳᠤᠭᠠᠷ ᠬᠤᠭᠤᠴᠠᠭᠠᠨ ᠤ 2 ᠲᠦᠮᠡᠨ ᠲᠣᠨ ᠤ ᠠᠮᠢᠳᠤ | ᠪᠣᠳᠠᠰ ᠤᠨ ᠢᠰᠬᠡᠭᠦᠷ ᠢ ᠦᠢᠯᠡᠳᠬᠦ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠠᠵᠤ ᠦᠶᠢᠯᠡᠰᠵᠢᠭᠦᠯᠬᠦ ᠲᠥᠷᠥᠯ | ᠵᠦᠢᠯ | | | | | ᠬᠠᠲᠤᠨ ᠭᠤᠣᠯ ᠤᠨ ᠲᠠᠩ ᠣᠷᠣᠨ ᠢ ᠨᠡᠭᠦᠯᠭᠡᠨ ᠲᠥᠪᠬᠢᠨᠡᠭᠦᠯᠬᠦ ᠯᠢᠦ ᠯᠢᠨ ᠲᠠᠨ ᠤ ᠰᠢᠨ᠎ᠡ ᠲᠣᠰᠬᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠲᠠ ᠶᠢᠨ ᠳᠠᠷᠤᠭ᠎ᠠ ᠾᠧ ᠬᠠᠢ ᠳ᠋ᠦᠩ ᠪᠣᠯᠣᠨ ᠬᠤᠯᠪᠤᠭᠠᠯᠠᠨ ᠲᠠᠭᠠᠭᠠᠴᠢᠯᠠᠭᠰᠠᠨ ᠬᠤᠲᠠ ᠶᠢᠨ ᠤᠳᠤᠷᠢᠳᠤᠯᠭ᠎ᠠ | ᠰᠢᠨ ᠨᠠ ᠲᠣᠰ ᠲᠣᠰ ᠦᠨᠡᠯᠡᠯᠲᠡ ᠬᠢᠵᠦ᠂ ᠴᠠᠩ ᠫᠧᠢ ᠵᠥᠩ ᠵᠡᠷᠭᠡ ᠬᠤᠲᠠ ᠶᠢᠨ ᠤᠳᠤᠷᠢᠳᠤᠯᠭ᠎ᠠ ᠵᠢᠴᠢ ᠡᠯ᠎ᠡ | ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠬᠥᠬᠡᠬᠤᠲᠠ ᠳᠤ | ᠰᠠᠭᠤᠭ᠎ᠠ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠤᠨ | ᠬᠤᠷᠠᠯ ᠳᠤ ᠣᠷᠣᠯᠴᠠᠵᠠᠢ᠃ | | | | | ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠨ ᠬᠥᠭᠵᠢᠭᠦᠯᠬᠦ ᠣᠷᠣᠨ ᠤ ᠲᠥᠯᠦᠪᠵᠢᠭᠦᠯᠭᠡ ᠶᠢᠨ | ᠦᠵᠡᠭᠦᠯᠦᠯᠭᠡ ᠶᠢᠨ ᠣᠷᠳᠣᠨ | | | | | ᠢᠯᠢ 5G ᠶᠢᠨ ᠪᠥᠬᠦ ᠠᠵᠤ ᠦᠢᠯᠡᠰ ᠤᠨ ᠬᠡᠯᠬᠢᠶᠡᠨ ᠤ ᠣᠶᠤᠨᠴᠢ ᠠᠮᠢ ᠠᠬᠤᠢ ᠶᠢᠨ ᠳᠡᠭᠡᠳᠦ ᠲᠠᠰ ᠤᠨ | ᠪᠢᠰᠢᠯᠠᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ | ᠨᠢᠭᠡ ᠡᠳᠦᠷ ᠤᠨ ᠳᠣᠲᠣᠷ᠎ᠠ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠲᠣᠭᠲᠠᠬᠤ ᠰᠢᠶᠠᠨ ᠤ ᠳ᠋ᠠ | ᠲᠠᠩ ᠤᠨ ᠬᠥᠬᠡ ᠵᠢᠵᠢᠭ ᠪᠠᠯᠭᠠᠰᠤ ᠶᠢ ᠲᠣᠭᠤᠷᠢᠨ ᠦᠵᠡᠵᠦ᠂ ᠵᠢᠯ ᠳᠤ 2.5 ᠲᠦᠮᠡᠨ ᠲᠣᠨ ᠴᠡᠪᠡᠷ ᠡᠯᠧᠺᠲᠷᠣᠨ | ᠬᠡᠢ ᠪᠡᠶᠡᠲᠦ ᠦᠢᠯᠡᠳᠪᠦᠷᠢᠯᠡᠵᠦ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠬᠠᠳᠠᠭᠠᠯᠠᠮᠵᠢ ᠶᠢᠨ ᠡᠨᠧᠷᠭᠢ ᠶᠢᠨ | ᠲᠤᠰᠠᠭᠠᠷ ᠬᠠᠮᠲᠤ ᠪᠠᠷ ᠡᠳ᠋ᠯᠡᠬᠦ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ᠯᠠᠨᠺᠦᠨ ᠲᠡᠮᠦᠷᠯᠢᠭ ᠨᠠᠲᠷᠢ᠂ ᠳᠤᠮᠳᠠ | ᠬᠠᠯᠢᠬᠤ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ᠂ ᠥᠪᠥᠷ ᠮᠣᠩᠭᠤᠯ ᠤᠨ ᠢ ᠳ᠋ᠦᠸᠧ ᠯᠢ ᠭᠤᠷᠪᠠᠳᠤᠭᠠᠷ | ᠬᠤᠭᠤᠴᠠᠭᠠᠨ ᠤ 2 ᠲᠦᠮᠡᠨ ᠲᠣᠨ ᠤ ᠠᠮᠢᠳᠤ ᠪᠣᠳᠠᠰ ᠤᠨ ᠢᠰᠬᠡᠭᠦᠷ ᠤᠨ ᠦᠢᠯᠡᠰ ᠤᠨ ᠰᠢᠨ᠎ᠡ ᠶᠢ ᠡᠭᠦᠳᠬᠦ ᠪᠠ | ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠵᠡᠷᠭᠡ ᠲᠥᠷᠥᠯ ᠵᠦᠢᠯ᠂ ᠬᠠᠲᠤᠨ ᠭᠤᠣᠯ ᠤᠨ ᠰᠠᠶᠢᠷᠭᠠᠯ ᠤᠨ ᠣᠷᠣᠨ ᠢ | ᠨᠡᠭᠦᠯᠭᠡᠨ ᠲᠥᠪᠬᠢᠨᠡᠭᠦᠯᠬᠦ ᠯᠢᠦ ᠯᠢᠨ ᠲᠠᠨ ᠤ ᠰᠢᠨ᠎ᠡ ᠲᠣᠰᠬᠤᠨ ᠳᠤ᠂ ᠲᠣᠭᠲᠠᠬᠤ ᠰᠢᠶᠠᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ | ᠭᠠᠵᠠᠷ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠣᠷᠣᠨ ᠤ ᠲᠥᠯᠦᠪᠵᠢᠭᠦᠯᠭᠡ ᠶᠢᠨ | ᠦᠵᠡᠭᠦᠯᠦᠯᠭᠡ ᠶᠢᠨ ᠣᠷᠳᠣᠨ᠂ ᠢᠯᠢ ᠶᠢᠨ 5G ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠣᠶᠤᠨᠲᠤ ᠠᠮᠢ | ᠠᠬᠤᠢ ᠶᠢᠨ ᠳᠡᠭᠡᠳᠦ ᠲᠡᠰ ᠤᠨ ᠪᠢᠰᠢᠯᠠᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠥᠪᠥᠷ ᠮᠣᠩᠭᠤᠯ ᠤᠨ | ᠵᠦᠩ ᠲᠦᠩ ᠲᠦᠷᠭᠡᠨ ᠬᠦᠷᠭᠡᠯᠲᠡ ᠶᠢᠨ ᠣᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠡᠯᠧᠺᠲᠷᠣᠨ | ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ᠂ ᠴᠡᠯᠡᠭᠡᠷ ᠲᠠᠯ᠎ᠠ ᠠᠮᠢ ᠠᠬᠤᠢ ᠶᠢᠨ ᠣᠶᠤᠨᠲᠤ ᠮᠠᠯᠵᠢᠯ ᠤᠨ | ᠲᠠᠯᠠᠪᠠᠢ᠂ ᠮᠣᠩᠭᠤᠯ ᠡᠪᠡᠰᠦ ᠴᠠᠷᠭᠠᠰᠤ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ | ᠪᠣᠯᠣᠨ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠳᠤ ᠲᠤᠭᠤᠷᠢᠨ ᠪᠠᠶᠢᠴᠠᠭᠠᠪᠠ | ᠃ ᠠᠯᠢ ᠤᠯᠠᠨ ᠠᠵᠤ ᠦᠢᠯᠡᠰ ᠤᠨ ᠪᠠᠶᠢᠷᠢ ᠲᠣᠭᠲᠠᠭᠠᠯᠲᠠ ᠲᠣᠳᠣᠷᠬᠠᠢ ᠰᠢᠨ᠎ᠡ ᠲᠦᠷᠦᠯ ᠵᠦᠢᠯ ᠰᠠᠶᠢᠨ ᠲᠦᠷᠦᠯ | ᠵᠦᠢᠯ᠂ ᠠᠯᠢ ᠤᠯᠠᠨ ᠡᠷᠴᠢᠮ ᠲᠠᠢ ᠪᠥᠭᠡᠳ ᠳᠤᠯᠠᠭᠠᠨ ᠲᠠᠢ ᠭᠤᠣᠯᠳᠠᠯᠭ᠎ᠠ ᠲᠠᠢ ᠠᠵᠢᠯ ᠨᠢ ᠬᠤᠶᠠᠷ ᠭᠠᠵᠠᠷ ᠤᠨ | ᠠᠵᠤ ᠦᠢᠯᠡᠰ ᠤᠨ ᠬᠥᠭᠵᠢᠯᠲᠡ ᠶᠢᠨ ᠢᠯᠡ ᠲᠣᠳᠣ ᠣᠨᠴᠠᠯᠢᠭ ᠪᠣᠯᠣᠨ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠬᠡᠬᠦ ᠢᠲᠡᠭᠡᠯ ᠵᠣᠷᠢᠭ ᠢ ᠠᠮᠢᠳᠤᠯᠢᠭ ᠢᠶᠠᠷ ᠢᠯᠡᠷᠡᠭᠦᠯᠵᠦ᠂ ᠪᠠᠰᠠ ᠬᠤᠶᠠᠷ ᠭᠠᠵᠠᠷ ᠤᠨ ᠺᠠᠳ᠋ᠷᠴᠤᠳ ᠤᠨ | ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠬᠤ ᠤᠷᠮ᠎ᠠ | ᠵᠣᠷᠢᠭ ᠪᠣᠯᠣᠨ ᠠᠮᠢᠵᠢᠷᠠᠯ ᠤᠨ ᠬᠦᠴᠦᠨ ᠢ ᠬᠥᠭᠵᠢᠭᠡᠭᠰᠡᠨ ᠪᠠᠶᠢᠨ᠎ᠠ᠃ | | | | | ᠥᠪᠥᠷ ᠮᠣᠩᠭᠤᠯ ᠤᠨ ᠵᠥᠩ ᠲᠦᠩ ᠲᠦᠷᠭᠡᠨ ᠬᠦᠷᠭᠡᠯᠲᠡ ᠶᠢᠨ ᠣᠶᠤᠨᠴᠢ ᠰᠢᠨᠵᠢᠯᠡᠬᠦ ᠤᠬᠠᠭᠠᠨ ᠮᠡᠷᠭᠡᠵᠢᠯ | ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ | | | | | ᠴᠡᠯᠡᠭᠡᠷ ᠲᠠᠯ᠎ᠠ ᠠᠮᠢ ᠠᠬᠤᠢ ᠶᠢᠨ ᠣᠶᠤᠨᠲᠤ ᠪᠡᠯᠴᠢᠭᠡᠷ | ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠬᠤ ᠳᠤ ᠠᠵᠤ ᠦᠢᠯᠡᠳᠪᠦᠷᠢ ᠪᠣᠯ ᠲᠣᠯᠣᠭᠠᠶᠢᠯᠠᠭᠴᠢ ᠪᠥᠭᠡᠳ ᠵᠠᠩᠭᠢᠯᠠᠭ᠎ᠠ ᠪᠣᠯᠣᠨ᠎ᠠ᠃ | ᠲᠦᠮᠡᠳ ᠵᠡᠭᠦᠨ ᠬᠤᠰᠢᠭᠤ ᠪᠣᠯᠣᠨ ᠲᠣᠭᠲᠠᠬᠤ ᠰᠢᠶᠠᠨ ︽ᠠᠵᠤ ᠦᠢᠯᠡᠳᠪᠦᠷᠢ ᠪᠠᠷ ᠬᠤᠰᠢᠭᠤ ᠪᠠᠨ | ᠬᠦᠴᠦᠷᠬᠡᠭᠵᠢᠭᠦᠯᠬᠦ︾᠂ ︽ᠠᠵᠤ ᠦᠢᠯᠡᠳᠪᠦᠷᠢ ᠪᠠᠷ ᠰᠢᠶᠠᠨ ᠢᠶᠠᠨ ᠬᠦᠴᠦᠷᠬᠡᠭᠵᠢᠭᠦᠯᠬᠦ︾ ᠬᠥᠭᠵᠢᠯᠲᠡ ᠶᠢᠨ | ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠣᠳᠠᠲᠤ ᠴᠣᠭᠴᠠ ᠶᠢᠨ ᠠᠵᠤ ᠠᠬᠤᠢ ᠶᠢ ᠠᠳᠬᠤᠬᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢ ᠠᠳᠬᠤᠬᠤ᠂ ᠬᠦᠷᠢᠶᠡᠯᠡᠩ ᠲᠣᠭᠤᠷᠢᠭ ᠢ ᠠᠳᠬᠤᠬᠤ᠂ ᠲᠦᠷᠦᠯ ᠵᠦᠢᠯ ᠢ | ᠠᠳᠬᠤᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠠᠵᠠ ᠲᠣᠬᠢᠶᠠᠯ ᠢ ᠵᠠᠪᠳᠤᠨ ᠠᠳᠬᠤᠬᠤ ᠪᠠᠴᠢᠮ ᠲᠤᠯᠭᠠᠮ᠎ᠠ | ᠰᠡᠳᠬᠢᠯᠭᠡ ᠲᠠᠢ ᠪᠠᠶᠢᠬᠤ ᠬᠡᠷᠡᠭᠲᠡᠢ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠬᠤ ᠳᠠᠭᠠᠨ ᠴᠢᠳᠠᠮᠠᠭᠠᠢ | ᠪᠠᠶᠢᠵᠤ᠂ ᠠᠵᠠ ᠲᠣᠬᠢᠶᠠᠯ ᠢ ᠵᠠᠪᠳᠤᠨ ᠡᠵᠡᠯᠡᠵᠦ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠰᠠᠶᠢᠲᠤᠷ ᠡᠵᠡᠮᠳᠡᠵᠦ᠂ | ᠲᠥᠷᠥ ᠶᠢᠨ ᠪᠣᠳᠣᠯᠭ᠎ᠠ ᠶᠢ ᠭᠦᠨᠵᠡᠭᠡᠢ ᠰᠤᠳᠤᠯᠵᠤ᠂ ᠲᠣᠰ ᠭᠠᠵᠠᠷ ᠣᠷᠣᠨ ᠤ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠪᠠ ᠳᠠᠪᠠᠭᠤᠯᠢᠭ ᠠᠵᠤ ᠦᠢᠯᠡᠰ ᠯᠦᠭᠡ ᠵᠣᠬᠢᠴᠠᠯᠳᠤᠭᠰᠠᠨ ᠵᠠᠩᠭᠢᠯᠠᠭ᠎ᠠ ᠶᠢᠨ ᠴᠡᠭ ᠢ ᠣᠨᠣᠪᠴᠢᠲᠠᠶ | ᠡᠷᠢᠨ ᠣᠯᠵᠤ᠂ ᠨᠢᠭᠡ ᠪᠦᠯᠦᠭ ᠪᠥᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ | ᠪᠠᠷᠠᠭᠠᠯᠬᠢᠯᠠᠯ ᠤᠨ ᠴᠢᠨᠠᠷᠲᠠᠢ᠂ ᠳᠠᠶᠢᠴᠢᠯᠠᠬᠤ ᠴᠢᠨᠠᠷ ᠢᠶᠠᠷ ᠴᠢᠩᠭ᠎ᠠ ᠴᠢᠬᠤᠯᠠ ᠶᠡᠭᠡ ᠲᠥᠷᠥᠯ ᠵᠦᠢᠯ ᠢ | ᠲᠦᠷᠭᠡᠪᠴᠢᠯᠡᠨ ᠰᠦᠪᠡᠭᠴᠢᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠬᠦᠴᠦᠷᠬᠡᠭ | ᠶᠡᠭᠡ ᠬᠥᠳᠡᠯᠭᠡᠭᠴᠢ ᠡᠨᠧᠷᠭᠢ ᠬᠠᠩᠭᠠᠬᠤ ᠬᠡᠷᠡᠭᠲᠡᠢ᠃ ᠰᠠᠭᠤᠷᠢ ᠲᠠᠯᠪᠢᠬᠤ᠂ ᠠᠯᠤᠰ ᠢᠷᠡᠭᠡᠳᠦᠢ ᠳᠤ ᠠᠰᠢᠭᠲᠠᠢ | ᠶᠠᠪᠤᠳᠠᠯ ᠢ ᠢᠯᠡᠭᠦᠬᠡᠨ ᠬᠢᠵᠦ᠂ ᠶᠡᠭᠡ ᠲᠠᠯ᠎ᠠ ᠶᠢ ᠪᠣᠳᠣᠯᠬᠢᠯᠠᠬᠤ᠂ ᠠᠯᠤᠰ ᠢᠷᠡᠭᠡᠳᠦᠢ ᠶᠢ ᠪᠣᠳᠣᠯᠬᠢᠯᠠᠬᠤ | ᠣᠶᠢᠯᠠᠭᠠᠭᠳᠠᠬᠤᠨ ᠢ ᠪᠠᠷᠢᠮᠲᠠᠯᠠᠵᠤ᠂ ︽ᠭᠠᠪᠢᠶ᠎ᠠ ᠵᠢᠳᠬᠦᠯ ᠨᠢ ᠨᠠᠳᠠ ᠳᠤ ᠪᠠᠶᠢᠬᠤ ᠪᠢᠰᠢ︾ ᠭᠡᠬᠦ ᠬᠠᠶᠢᠷ᠎ᠠ | ᠰᠡᠳᠬᠢᠯᠭᠡ ᠪᠠ ᠪᠠᠶᠢᠷᠢᠰᠢᠯ ᠢ ᠪᠤᠢ ᠪᠣᠯᠭᠠᠵᠤ᠂ ᠪᠤᠳᠤᠯ ᠰᠠᠨᠠᠭ᠎ᠠ ᠪᠠ ᠤᠶᠤᠨ ᠴᠢᠳᠠᠯ ᠢᠶᠠᠨ ᠬᠥᠭᠵᠢᠯᠲᠡ ᠶᠢᠨ | ᠰᠠᠭᠤᠷᠢ ᠶᠢ ᠪᠠᠲᠤᠳᠬᠠᠬᠤ᠂ ᠬᠥᠭᠵᠢᠯᠲᠡ ᠶᠢᠨ ᠨᠥᠭᠡᠴᠡ ᠬᠦᠴᠦᠨ ᠢ ᠨᠡᠮᠡᠭᠳᠡᠭᠦᠯᠬᠦ᠂ ᠠᠷᠠᠳ ᠢᠷᠭᠡᠳ ᠲᠤ ᠪᠤᠶᠠᠨ | ᠦᠢᠯᠡᠳᠬᠦ ᠳᠡᠭᠡᠷ᠎ᠡ ᠬᠡᠷᠡᠭᠯᠡᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠦᠢᠯᠡᠴᠢᠯᠡᠭᠡ ᠪᠠᠨ ᠰᠢᠯᠢᠳᠡᠭᠵᠢᠭᠦᠯᠦᠨ᠂ | ᠪᠠᠲᠤᠯᠠᠭ᠎ᠠ ᠪᠠᠨ ᠴᠢᠩᠭᠠᠳᠬᠠᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠲᠡᠢ ᠳᠡᠮᠵᠢᠯᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |