2023 ᠣᠨ ᠤ 8 ᠳ᠋ᠤᠭᠠᠷ ᠰᠠᠷ᠎ᠠ ᠶᠢᠨ 12 ᠠᠴᠠ 8 ᠳ᠋ᠤᠭᠠᠷ ᠰᠠᠷ᠎ᠠ ᠶᠢᠨ 13 ᠤ ᠡᠳᠦᠷ ᠪᠣᠯᠲᠠᠯ᠎ᠠ᠂ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠬᠥᠬᠡᠬᠤᠲᠠ ᠶᠢᠨ ᠪᠡᠶ᠎ᠡ ᠶᠢᠨ | ᠲᠠᠮᠢᠷ ᠤᠨ ᠲᠣᠪᠴᠢᠶ᠎ᠠ᠂ ᠬᠥᠬᠡᠬᠤᠲᠠ ᠶᠢᠨ ᠬᠥᠯ ᠪᠥᠮᠪᠦᠭᠡ ᠶᠢᠨ ᠬᠥᠳᠡᠯᠭᠡᠭᠡᠨ ᠬᠢᠭᠡᠳ ᠨᠡᠶᠢᠭᠡᠮ ᠤᠨ ᠪᠡᠶ᠎ᠡ ᠶᠢᠨ | ᠲᠠᠮᠢᠷ ᠤᠨ ᠬᠥᠭᠵᠢᠯᠲᠡ ᠶᠢᠨ ᠲᠥᠪ᠂ ᠥᠪᠥᠷ ᠮᠣᠩᠭᠤᠯ ᠤᠨ ᠱᠧᠩ ᠼᠠᠢ ᠰᠣᠶᠣᠯ ᠪᠡᠶ᠎ᠡ ᠶᠢᠨ ᠲᠠᠮᠢᠷ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠬᠢᠯᠡᠵᠦ᠂ ᠬᠤᠲᠠ ᠶᠢᠨ ᠰᠢᠭᠤᠳ ᠬᠠᠷᠢᠶ᠎ᠠ | ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠳᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ᠂ ᠬᠤᠳᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠤᠳᠠ ᠶᠢᠨ ᠡᠪᠯᠡᠯ ᠤᠨ ᠬᠤᠷᠢᠶ᠎ᠠ᠂ ᠬᠤᠳᠠ ᠶᠢᠨ ᠡᠮᠡᠭᠲᠡᠶᠢᠴᠦᠳ ᠤᠨ | ᠬᠤᠯᠪᠣᠭ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ | ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠥᠬᠡᠬᠤᠲᠠ ᠶᠢᠨ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ᠂ ᠵᠢᠶᠠᠨ ᠨᠦᠩ ᠪᠡᠶ᠎ᠡ ᠶᠢᠨ ᠲᠠᠮᠢᠷ᠂ | ᠬᠥᠬᠡᠬᠤᠲᠠ ᠶᠢᠨ ᠵᠡᠪᠰᠡᠭ ᠤᠨ ᠡᠷᠳᠡᠮ ᠤᠨ ᠨᠡᠶᠢᠭᠡᠮᠯᠢᠭ ᠤᠨ ᠬᠠᠮᠵᠢᠯᠴᠠᠨ ᠡᠷᠬᠢᠯᠡᠭᠰᠡᠨ ᠬᠥᠬᠡᠬᠤᠲᠠ ᠶᠢᠨ | ᠳᠥᠷᠪᠡᠳᠦᠭᠡᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠵᠡᠪᠰᠡᠭ ᠤᠨ ᠡᠷᠳᠡᠮ ᠤᠨ ᠤᠷᠤᠯᠳᠤᠭᠠᠨ | ᠬᠥᠬᠡᠬᠤᠲᠠ ᠳᠤ ᠲᠡᠭᠦᠰ ᠠᠮᠵᠢᠯᠲᠠ ᠲᠠᠢ ᠶᠠᠪᠤᠭᠳᠠᠪᠠ᠃ | | | | | ᠮᠠᠨ ᠤ ᠰᠢᠶᠠᠨ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠪᠠᠶᠢᠷᠢᠯᠠᠭᠤᠯᠵᠤ᠂ ᠰᠢᠯᠢᠳᠡᠭ ᠢ ᠨᠢ | ᠰᠣᠩᠭᠤᠨ 9 ᠲᠠᠮᠢᠷᠴᠢᠨ ᠢ ᠰᠣᠩᠭᠤᠨ ᠤᠷᠤᠯᠳᠤᠭᠠᠨ ᠳᠤ ᠣᠷᠣᠯᠴᠠᠭᠤᠯᠵᠠᠢ᠃ ᠲᠠᠮᠢᠷᠴᠢᠳ ᠨᠢᠭᠡ ᠨᠢᠭᠡ ᠪᠠᠷ ᠢᠶᠠᠨ | ᠴᠤᠭ ᠵᠢᠪᠬᠤᠭ᠎ᠠ ᠪᠠᠷ ᠪᠢᠯᠬᠠᠵᠤ᠂ ᠮᠠᠨ ᠤ ᠰᠢᠶᠠᠨ ᠤ ᠵᠡᠪᠰᠡᠭ ᠤᠨ ᠡᠷᠳᠡᠮ ᠤᠨ ᠲᠠᠮᠢᠷᠴᠢᠳ ᠤᠨ ᠰᠠᠶᠢᠨ ᠰᠠᠶᠢᠬᠠᠨ | ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠰᠢᠯᠭᠠᠷᠠᠭᠰᠠᠨ ᠮᠡᠷᠭᠡᠵᠢᠯ ᠤᠨ ᠲᠦᠪᠰᠢᠨ ᠵᠢᠴᠢ ᠰᠢᠨ᠎ᠡ ᠴᠠᠭ | ᠦᠶ᠎ᠡ ᠶᠢᠨ ᠲᠤᠭᠳᠠᠭᠴᠤᠳ ᠤᠨ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠭᠠᠷᠮᠠᠭᠠᠢ ᠶᠢ | ᠬᠥᠭᠡᠭᠡᠴᠡᠯᠳᠦᠭᠰᠡᠨ ᠰᠢᠨ᠎ᠡ ᠴᠤᠭ ᠵᠢᠪᠬᠤᠭ᠎ᠠ ᠶᠢ ᠭᠦᠢᠴᠡᠳ ᠬᠠᠷᠠᠭᠤᠯᠵᠠᠢ᠃ ᠬᠤᠷᠴᠠ ᠰᠢᠷᠦᠭᠦᠨ | ᠥᠷᠢᠰᠦᠯᠳᠦᠭᠡᠨ ᠢᠶᠠᠷ ᠳᠠᠮᠵᠢᠭᠠᠳ᠂ ᠮᠠᠨ ᠤ ᠰᠢᠶᠠᠨ ᠤ ᠲᠠᠮᠢᠷᠴᠢᠳ ᠡᠨᠡ ᠤᠳᠠᠭ᠎ᠠ ᠶᠢᠨ ᠤᠷᠤᠯᠳᠤᠭᠠᠨ ᠳᠤ ᠮᠠᠰᠢ | ᠰᠠᠶᠢᠨ ᠢᠯᠡᠷᠡᠯ ᠲᠠᠢ ᠪᠠᠶᠢᠵᠤ᠂ 2 ᠮᠥᠩᠭᠦᠨ ᠮᠧᠲ᠋ᠧᠯ᠂ 2 ᠭᠠᠤᠯᠢᠨ ᠮᠧᠲ᠋ᠧᠯ ᠣᠯᠵᠠᠢ᠃ ᠡᠷᠡᠭᠲᠡᠢ ᠶᠢᠨ B | ᠳᠤᠭᠤᠢᠯᠠᠩ ᠤᠨ ᠬᠢᠨ ᠬᠤᠶᠠᠳᠤᠭᠠᠷ ᠲᠤ ᠣᠷᠣᠵᠤ᠂ ᠡᠷᠡᠭᠲᠡᠢ ᠶᠢᠨ A ᠳᠤᠭᠤᠢᠯᠠᠩ ᠤᠨ ᠬᠢᠨ ᠭᠤᠷᠪᠠᠳᠤᠭᠠᠷ ᠲᠤ | ᠣᠷᠣᠭᠰᠠᠨ ᠰᠠᠢᠨ ᠬᠢᠷᠢ ᠪᠦᠲᠦᠮᠵᠢ ᠶᠢ ᠤᠯᠵᠠᠢ᠃ | | | | | ᠲᠣᠰ ᠤᠳᠠᠭᠠᠨ ᠤ ᠤᠷᠤᠯᠳᠤᠭᠠᠨ ᠤ ᠵᠣᠷᠢᠯᠭ᠎ᠠ ᠨᠢ ᠤᠷ᠎ᠠ ᠮᠡᠷᠭᠡᠵᠢᠯ ᠢᠶᠠᠨ ᠰᠣᠯᠢᠯᠴᠠᠵᠤ᠂ ᠨᠥᠬᠦᠷᠯᠡᠯ ᠢᠶᠠᠨ | ᠵᠤᠵᠠᠭᠠᠳᠬᠠᠨ᠂ ᠵᠡᠪᠰᠡᠭ ᠤᠨ ᠡᠷᠳᠡᠮ ᠤᠨ ᠰᠣᠶᠣᠯ ᠢ ᠪᠠᠳᠠᠷᠠᠭᠤᠯᠵᠤ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ | ᠤᠯᠠᠮᠵᠢᠯᠠᠨ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠵᠤ᠂ ᠵᠡᠪᠰᠡᠭ ᠤᠨ ᠡᠷᠳᠡᠮ ᠤᠨ | ᠬᠥᠳᠡᠯᠭᠡᠭᠡᠨ ᠤ ᠲᠦᠭᠡᠮᠡᠯᠵᠢᠯᠲᠡ ᠪᠠ ᠳᠡᠭᠡᠭᠰᠢᠯᠡᠯᠲᠡ ᠶᠢ ᠠᠬᠢᠭᠤᠯᠬᠤ ᠶᠢᠨ ᠲᠥᠯᠥᠭᠡ ᠶᠤᠮ᠃ ᠤᠷᠤᠯᠳᠤᠭᠠᠨ ᠢᠶᠠᠷ | ᠳᠠᠮᠵᠢᠭᠤᠯᠤᠨ ᠵᠠᠯᠠᠭᠤᠴᠤᠳ ᠪᠠᠭᠠᠴᠤᠳ ᠢ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠳᠠᠳᠬᠠᠯ ᠲᠠᠢ ᠪᠣᠯᠭᠠᠬᠤ ᠨᠢ | ᠬᠥᠬᠡᠬᠤᠲᠠ ᠶᠢᠨ ᠪᠡᠶ᠎ᠡ ᠶᠢᠨ ᠲᠠᠮᠢᠷ ᠤᠨ ᠠᠵᠢᠯ ᠤᠨ ᠬᠥᠭᠵᠢᠯᠲᠡ ᠢᠯᠠᠩᠭᠤᠶ᠎ᠠ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠳᠤ ᠢᠳᠡᠪᠬᠢᠲᠡᠢ ᠪᠥᠭᠡᠳ ᠠᠯᠤᠰ ᠬᠡᠲᠦ ᠶᠢᠨ | ᠠᠴᠢ ᠬᠤᠯᠪᠣᠭᠳᠠᠯ ᠲᠠᠢ ᠶᠤᠮ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |