ᠣᠶᠢᠷ᠎ᠠ ᠳᠤ᠂ ᠬᠥᠬᠡᠬᠤᠲᠠ ᠶᠢᠨ ᠳᠠᠪᠠᠭᠤᠯᠢᠭ ᠲᠠᠷᠢᠮᠠᠯ ᠤᠨ ᠵᠦᠢᠯ ᠤᠨ ᠴᠢᠨᠠᠷ ᠰᠠᠶᠢᠲᠠᠢ ᠥᠨᠳᠥᠷ | ᠪᠦᠲᠦᠮᠵᠢᠲᠡᠶ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ | ᠦᠵᠡᠭᠦᠯᠦᠯᠭᠡ ᠶᠢᠨ ᠬᠤᠷᠠᠯ ᠮᠠᠨ ᠤ ᠰᠢᠶᠠᠨ ᠤ ᠲᠠᠪᠢᠨ ᠭᠡᠷ ᠪᠠᠯᠭᠠᠰᠤᠨ ᠤ ᠰᠢᠷ᠎ᠠ ᠤᠰᠤ ᠲᠣᠰᠬᠤᠨ ᠳᠤ | ᠬᠤᠷᠠᠯᠳᠤᠵᠤ᠂ ᠬᠤᠲᠠ ᠰᠢᠶᠠᠨ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯᠲᠡᠨ ᠪᠠ | ᠬᠤᠯᠪᠣᠭᠳᠠᠯ ᠪᠦᠬᠦᠢ ᠨᠢᠭᠡᠴᠡ ᠶᠢᠨ 120 ᠭᠠᠷᠤᠢ ᠬᠥᠮᠥᠨ ᠣᠷᠣᠯᠴᠠᠵᠠᠢ᠃ | ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠶᠢᠨ | ᠭᠠᠷᠤᠯᠲᠠ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠵᠤ᠂ ᠬᠢᠵᠠᠭᠠᠷᠯᠠᠯ ᠤᠨ ᠪᠣᠭᠤᠮᠢ ᠶᠢ ᠰᠢᠪᠲᠤᠯᠵᠤ᠂ 2023 | ᠣᠨ ᠳᠤ ᠲᠣᠭᠲᠠᠬᠤ ᠰᠢᠶᠠᠨ ᠡᠷᠳᠡᠨᠢ ᠰᠢᠰᠢ ᠶᠢᠨ ᠠᠮᠤ ᠪᠤᠳᠠᠭᠠᠨ ᠤ ᠭᠠᠷᠤᠯᠲᠠ ᠶᠢᠨ ᠣᠷᠣᠨ ᠢᠶᠠᠷ ᠭᠤᠣᠯᠳᠠᠯᠭ᠎ᠠ | ᠪᠣᠯᠭᠠᠵᠤ᠂ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠲᠠᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ | ᠡᠵᠡᠮᠳᠡᠬᠦ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠥᠷᠥᠯ ᠵᠦᠢᠯ ᠢ ᠥᠷᠨᠢᠭᠦᠯᠵᠦ᠂ ᠲᠥᠷᠥᠯ ᠵᠦᠢᠯ ᠤᠨ | ᠲᠣᠭᠤᠷᠢᠭ ᠢ ᠲᠠᠪᠢᠨ ᠭᠡᠷ ᠪᠠᠯᠭᠠᠰᠤ ᠶᠢᠨ ᠰᠢᠷ᠎ᠠ ᠤᠰᠤ ᠲᠣᠰᠬᠤᠨ ᠳᠤ ᠨᠠᠶᠢᠳᠠᠪᠤᠷᠢᠵᠢᠭᠤᠯᠤᠨ᠂ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠤᠨ ᠶᠡᠷᠦᠩᠬᠡᠢ ᠲᠠᠯᠠᠪᠠᠶ ᠨᠢ 12000 ᠮᠦ ᠪᠠᠶᠢᠵᠤ᠂ ᠡᠭᠦᠨ ᠳᠤ ᠴᠢᠨᠠᠷ ᠰᠠᠶᠢᠲᠠᠢ ᠥᠨᠳᠥᠷ | ᠦᠷ᠎ᠡ ᠠᠰᠢᠭ ᠲᠠᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ 1000 ᠮᠦ᠂ ᠬᠠᠲᠤᠨ ᠭᠤᠣᠯ ᠤᠨ | ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ | ᠣᠷᠣᠨ 1000 ᠮᠦ᠂ ᠪᠣᠬᠢᠷᠲᠤᠯ ᠦᠭᠡᠢ ᠥᠨᠳᠥᠷ ᠶᠠᠰᠤ ᠴᠢᠨᠠᠷ ᠲᠠᠢ ᠥᠨᠳᠥᠷ ᠦᠷ᠎ᠡ ᠠᠰᠢᠭ ᠲᠠᠢ ᠵᠢᠱᠢᠶ᠎ᠡ | ᠦᠵᠡᠭᠦᠯᠬᠦ ᠣᠷᠣᠨ 10000 ᠮᠦ ᠪᠠᠶᠢᠵᠤ᠂ ᠣᠳᠣᠬᠠᠨ ᠳᠤ ᠡᠯ᠎ᠡ ᠵᠢᠱᠢᠶ᠎ᠡ ᠦᠵᠡᠭᠦᠯᠬᠦ ᠣᠷᠣᠨ ᠤ ᠡᠷᠳᠡᠨᠢ | ᠰᠢᠰᠢ ᠶᠢᠨ ᠤᠷᠭᠤᠴᠠ ᠶᠢᠨ ᠪᠠᠶᠢᠳᠠᠯ ᠮᠠᠰᠢ ᠰᠠᠶᠢᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠤ ᠮᠠᠯ ᠠᠵᠤ ᠠᠬᠤᠢ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠲᠥᠪ ᠤᠨ ᠬᠢᠨ ᠦᠷᠭᠦᠯᠵᠢᠯᠡᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ | ᠨᠡᠮᠡᠭᠳᠡᠭᠦᠯᠬᠦ ᠪᠠ ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ ᠲᠠᠢ ᠤᠨᠢᠨ ᠳᠡᠭᠡᠷ᠎ᠡ ᠨᠢ ᠲᠣᠬᠢᠷᠠᠭᠤᠯᠤᠨ | ᠡᠵᠡᠮᠳᠡᠬᠦ ᠵᠢᠱᠢᠶ᠎ᠡ ᠦᠵᠡᠭᠦᠯᠬᠦ ᠲᠦᠷᠦᠯ ᠵᠦᠢᠯ ᠳᠤ ᠲᠦᠰᠢᠭᠯᠡᠨ᠂ ᠡᠷᠳᠡᠨᠢ ᠰᠢᠰᠢ ᠶᠢ ᠨᠢᠭᠲᠠ ᠲᠠᠷᠢᠬᠤ ᠶᠢ ᠨᠠᠷᠢᠯᠢᠭ | ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠪᠠ ᠡᠷᠳᠡᠨᠢ ᠰᠢᠰᠢ ᠶᠢ ᠪᠦᠷᠬᠦᠭᠦᠯ ᠦᠭᠡᠢ ᠪᠠᠷ ᠭᠦᠢᠬᠡᠨ | ᠪᠤᠯᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠵᠦ᠂ | ᠰᠠᠶᠢᠨ ᠡᠭᠦᠯᠳᠡᠷ ᠢ ᠰᠣᠩᠭᠤᠬᠤ᠂ ᠵᠦᠢ ᠵᠣᠬᠢᠰᠲᠠᠢ ᠪᠠᠷ ᠨᠢᠭᠲᠠ ᠲᠠᠷᠢᠬᠤ ᠪᠠᠷ ᠳᠠᠮᠵᠢᠭᠤᠯᠤᠨ᠂ ᠲᠠᠷᠢᠶᠠᠨ | ᠭᠠᠵᠠᠷ ᠤᠨ ᠬᠠᠮᠢᠶᠠᠷᠤᠯᠲᠠ᠂ ᠡᠪᠡᠳᠴᠢᠨ ᠬᠤᠷᠣᠬᠠᠢ ᠶᠢᠨ ᠬᠥᠨᠥᠭᠡᠯ ᠤᠨ ᠪᠣᠬᠢᠷᠲᠤᠯ ᠦᠭᠡᠢ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠨᠢᠭᠡᠳᠦᠯᠲᠡᠢ ᠰᠡᠷᠭᠡᠶᠢᠯᠡᠨ ᠨᠣᠶᠠᠷᠬᠠᠬᠤ ᠶᠢ ᠴᠢᠩᠭᠠᠳᠬᠠᠵᠤ᠂ ᠡᠷᠳᠡᠨᠢ ᠰᠢᠰᠢ ᠶᠢᠨ ᠲᠠᠷᠢᠶᠠᠨ ᠤ | ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠦᠨ᠎ᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |