ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠳᠤᠷ᠎ᠠ ᠰᠣᠨᠢᠷᠬᠠᠯ ᠢ ᠬᠥᠮᠥᠵᠢᠭᠦᠯᠦᠨ | ᠬᠥᠭᠵᠢᠭᠦᠯᠵᠦ᠂ ᠭᠠᠷ ᠬᠥᠳᠡᠯᠵᠦ ᠣᠶᠤᠨ ᠲᠠᠷᠢᠬᠢ ᠪᠠᠨ ᠬᠥᠳᠡᠯᠭᠡᠬᠦ ᠴᠢᠳᠠᠪᠤᠷᠢ ᠶᠢ ᠪᠣᠯᠪᠠᠰᠤᠷᠠᠭᠤᠯᠬᠤ ᠶᠢᠨ | ᠲᠥᠯᠥᠭᠡ᠂ ᠣᠶᠢᠷ᠎ᠠ ᠳᠤ᠂ ᠱᠤᠸᠠᠩ ᠾᠧ ᠪᠠᠯᠭᠠᠰᠤᠨ ᠤ ᠲᠧᠩ ᠹᠧᠢ ᠨᠡᠶᠢᠭᠡᠮ ᠲᠣᠭᠤᠷᠢᠭ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠨᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ | ᠨᠡᠶᠢᠭᠡᠮ ᠤᠨ ᠠᠵᠢᠯ ᠤᠨ ᠡᠬᠢ ᠪᠠᠶᠠᠯᠢᠭ ᠲᠠᠢ ᠬᠤᠯᠪᠤᠭᠠᠯᠠᠨ᠂ ᠨᠡᠶᠢᠭᠡᠮ ᠲᠣᠭᠤᠷᠢᠭ ᠤᠨ ᠭᠤᠷᠪᠠᠳᠤᠭᠠᠷ | ᠳᠠᠪᠬᠤᠷᠯᠢᠭ ᠤᠨ ︽ᠡᠮᠡᠭᠲᠡᠶᠢᠴᠦᠳ ᠤᠨ ᠭᠡᠷ︾ ᠳᠤ ᠨᠢᠭᠡ ᠤᠳᠠᠭᠠᠨ ᠤ ︽ᠬᠤᠸᠠᠷ ᠤᠷᠠᠯᠠᠬᠤ︾ ᠭᠠᠷ | ᠤᠷᠠᠯᠠᠯ ᠤᠨ ᠴᠠᠭᠠᠰᠤᠨ ᠬᠠᠶᠢᠴᠢᠯᠠᠮᠠᠯ ᠤᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ︽ | ᠴᠠᠭᠠᠰᠤᠨ ᠬᠠᠶᠢᠴᠢᠯᠠᠮᠠᠯ︾ ᠳᠤ ᠰᠣᠨᠢᠷᠬᠠᠯ ᠲᠠᠢ 10 ᠭᠠᠷᠤᠢ ᠰᠠᠭᠤᠭᠠᠯᠢ ᠠᠷᠠᠳ᠂ ᠡᠮᠡᠭᠲᠡᠶᠢᠴᠦᠳ ᠢᠳᠡᠪᠬᠢᠲᠡᠢ | ᠣᠷᠣᠯᠴᠠᠵᠠᠢ᠃ | | | | | ᠠᠵᠢᠯᠯᠠᠭ᠎ᠠ ᠶᠢᠨ ᠳᠤᠮᠳᠠ᠂ ᠤᠯᠠᠨ ᠢᠶᠠᠷ ᠢᠶᠠᠨ ᠲᠣᠭᠤᠷᠢᠨ ᠰᠠᠭᠤᠵᠤ᠂ ᠨᠡᠶᠢᠭᠡᠮ ᠤᠨ ᠠᠵᠢᠯᠴᠢᠨ ᠤ ᠰᠠᠶᠢᠨ | ᠳᠤᠷ᠎ᠠ ᠶᠢᠨ ᠠᠵᠢᠯᠯᠠᠭᠴᠢ ᠶᠢᠨ ᠴᠣᠩᠬᠤᠨ ᠬᠤᠸᠠᠷ ᠬᠠᠶᠢᠴᠢᠯᠠᠬᠤ ᠤᠯᠠᠮᠵᠢᠯᠠᠯᠲᠤ ᠰᠣᠶᠣᠯ ᠪᠣᠯᠣᠨ ᠴᠠᠭᠠᠰᠤᠨ | ᠬᠠᠶᠢᠴᠢᠯᠠᠮᠠᠯ ᠤᠨ ᠤᠷᠠᠯᠢᠭ ᠤᠨ ᠲᠡᠦᠬᠡ ᠶᠢᠨ ᠢᠷᠡᠯᠲᠡ ᠶᠢ ᠲᠠᠨᠢᠯᠴᠠᠭᠤᠯᠬᠤ ᠶᠢ ᠰᠣᠨᠣᠰᠤᠭᠠᠳ᠂ ᠨᠡᠶᠢᠭᠡᠮ ᠤᠨ | ᠠᠵᠢᠯᠴᠢᠨ ᠤ ᠰᠠᠶᠢᠨ ᠳᠤᠷ᠎ᠠ ᠶᠢᠨ ᠠᠵᠢᠯᠯᠠᠭᠴᠢᠳ ᠨᠢᠭᠡ ᠲᠠᠯ᠎ᠠ ᠪᠠᠷ ᠵᠢᠱᠢᠶ᠎ᠡ ᠦᠵᠡᠭᠦᠯᠵᠦ᠂ ᠨᠦᠬᠦᠭᠡ ᠲᠠᠯ᠎ᠠ ᠪᠠᠷ | ᠴᠠᠭᠠᠰᠤᠨ ᠬᠠᠶᠢᠴᠢᠯᠠᠮᠠᠯ ᠤᠨ ᠦᠨᠳᠦᠰᠦᠨ ᠤᠷ᠎ᠠ ᠮᠡᠷᠭᠡᠵᠢᠯ ᠵᠢᠴᠢ ᠠᠩᠬᠠᠷᠬᠤ ᠵᠦᠢᠯᠡᠰ ᠢ ᠲᠠᠶᠢᠯᠪᠤᠷᠢᠯᠠᠵᠤ ᠪᠠᠶᠢᠯ᠎ᠠ᠃ | ︽ᠲᠣᠷᠴᠢᠭᠢᠨᠠᠬᠤ︾ ᠴᠠᠭᠠᠰᠤᠨ ᠬᠠᠶᠢᠴᠢᠯᠠᠮᠠᠯ ᠤᠨ ᠲᠠᠭᠤᠨ ᠢ ᠳᠠᠭᠠᠯᠳᠤᠨ᠂ ᠤᠷᠠᠨ ᠰᠠᠶᠢᠬᠠᠨ ᠳᠦᠷᠰᠦ | ᠪᠦᠲᠦᠭᠡᠯᠲᠡ ᠶᠢ ᠡᠷᠬᠢᠮᠨᠡᠳᠡᠭ ᠴᠣᠩᠬᠤᠨ ᠤ ᠬᠤᠸᠠᠷ ᠣᠯᠠᠨ ᠤ ᠤᠷᠠᠨ ᠭᠠᠷ ᠤᠨ ᠳᠣᠣᠷ᠎ᠠ ᠠᠮᠢᠳᠤᠯᠢᠭ ᠢᠶᠠᠷ | ᠳᠡᠯᠭᠡᠭᠳᠡᠵᠦ᠂ ᠣᠯᠠᠨ ᠢᠶᠠᠷ ᠢᠶᠠᠨ ᠰᠠᠨᠠᠯ ᠢᠶᠠᠨ ᠰᠣᠯᠢᠯᠴᠠᠵᠤ᠂ ᠬᠤᠪᠢᠶᠠᠯᠴᠠᠵᠤ᠂ ᠲᠤᠬᠠᠢ ᠶᠢᠨ ᠲᠠᠯᠠᠪᠠᠶ ᠳᠤ ᠬᠥᠷ | ᠨᠠᠷᠭᠢᠶᠠᠨ ᠢᠶᠠᠷ ᠪᠢᠯᠬᠠᠵᠤ ᠪᠠᠶᠢᠯ᠎ᠠ᠃ | | | | | | | | ᠱᠤᠸᠠᠩ ᠾᠧ ᠪᠠᠯᠭᠠᠰᠤᠨ ᠤ ᠲᠧᠩ ᠹᠧᠢ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠥᠷᠲᠡᠭᠡ ᠴᠣᠩᠬᠤᠨ ᠤ ᠬᠤᠸᠠᠷ ᠬᠠᠶᠢᠴᠢᠯᠠᠬᠤ ᠬᠡᠯᠪᠡᠷᠢ ᠪᠠᠷ ᠳᠡᠮᠵᠢᠨ᠂ ᠣᠷᠣᠯᠴᠠᠭᠰᠠᠳ ᠲᠤ | ᠠᠷᠠᠳ ᠤᠨ ᠵᠠᠩ ᠦᠶᠯᠡ ᠶᠢᠨ ᠰᠣᠶᠣᠯ ᠢ ᠣᠶᠢᠯᠠᠭᠠᠭᠤᠯᠵᠤ᠂ ᠴᠠᠭᠠᠰᠤᠨ ᠬᠠᠶᠢᠴᠢᠯᠠᠮᠠᠯ ᠤᠨ ᠲᠡᠦᠬᠡ ᠪᠠ ᠬᠠᠮᠢᠶ᠎ᠠ | ᠪᠦᠬᠦᠢ ᠮᠡᠳᠡᠯᠭᠡ ᠶᠢ ᠡᠵᠡᠮᠰᠢᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠬᠠᠷᠢᠶᠠᠲᠤ ᠣᠷᠣᠨ ᠤ ᠰᠠᠭᠤᠭᠠᠯᠢ | ᠠᠷᠠᠳ ᠤᠨ ᠴᠠᠭᠠᠰᠤᠨ ᠬᠠᠶᠢᠴᠢᠯᠠᠮᠠᠯ ᠤᠨ ᠤᠷᠮ᠎ᠠ ᠪᠠᠬ᠎ᠠ ᠶᠢ ᠤᠯᠠᠮ ᠬᠥᠭᠵᠢᠭᠡᠵᠦ᠂ ᠰᠢᠨ᠎ᠡ ᠴᠠᠭ ᠦᠶ᠎ᠡ ᠶᠢᠨ | ᠰᠠᠶᠢᠨ ᠰᠠᠶᠢᠬᠠᠨ ᠠᠮᠢᠳᠤᠷᠠᠯ ᠳᠤ ᠬᠤᠷᠴᠠ ᠤᠯᠠᠭᠠᠨ ᠥᠩᠭᠡ ᠨᠡᠮᠡᠷᠢᠯᠡᠭᠰᠡᠨ ᠪᠠᠶᠢᠨ᠎ᠠ᠃ ᠬᠤᠶᠢᠰᠢᠳᠠ ᠲᠧᠩ ᠹᠧᠢ | ᠨᠡᠶᠢᠭᠡᠮ ᠲᠣᠭᠤᠷᠢᠭ ᠤᠨ ᠬᠢᠨ ᠡᠯᠪᠡᠭ ᠪᠠᠶᠠᠯᠢᠭ ᠲᠠᠩᠰᠤᠭ ᠰᠠᠶᠢᠬᠠᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠬᠠᠷᠢᠶᠠᠲᠤ ᠣᠷᠣᠨ ᠤ ᠨᠠᠩ ᠣᠯᠠᠨ ᠡᠮᠡᠭᠲᠡᠢ ᠨᠥᠬᠦᠳ ᠢ | ᠣᠷᠣᠯᠴᠠᠭᠤᠯᠤᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |