ᠪᠦᠬᠦ ᠤᠯᠤᠰ ᠤᠨ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ︕
ᠨᠡᠶᠢᠲᠡᠯᠡᠭᠰᠡᠨ ᠴᠠᠭ᠄
2023/8/18
      ᠪᠦᠬᠦ ᠤᠯᠤᠰ ᠤᠨ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ︕      ᠣᠶᠢᠷ᠎ᠠ ᠶᠢᠨ ᠵᠢᠯ ᠤᠨ ᠲᠤᠷᠰᠢᠬᠢ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠦᠨᠳᠦ ᠣᠨᠴᠠ ᠶᠡᠭᠡ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ︽ᠪᠦᠬᠦ ᠤᠯᠤᠰ ᠤᠨ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠦᠰᠦᠯ︾ ᠲᠤᠭᠳᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵1︶ ᠵᠢᠯᠤᠭᠤᠳᠬᠤ ᠦᠵᠡᠯ ᠰᠠᠨᠠᠭ᠎ᠠ᠄      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠨᠠᠶᠢᠳᠠᠪᠤᠷᠢᠵᠢᠭᠤᠯᠤᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠪᠠ ᠠᠮᠤᠷ ᠲᠦᠪᠰᠢᠨ ᠢ ᠪᠠᠷᠢᠮᠲᠠᠯᠠᠨ᠎ᠠ᠃      ᠠᠶᠦᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠦᠢᠯ ᠤᠨ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠠᠵᠢᠯᠲᠠᠨ ᠤ ᠠᠵᠢᠯ ᠤᠨ ᠪᠠᠶᠢᠷᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠪᠠ ᠤᠷ᠎ᠠ ᠴᠢᠳᠠᠪᠤᠷᠢ ᠶᠢ ᠴᠢᠩᠭᠠᠷᠠᠭᠤᠯᠤᠨ᠂ ︽ᠲᠤᠶᠢᠯᠪᠦᠷᠢᠳᠠᠢ ᠵᠠᠰᠠᠬᠤ︾ ᠵᠢᠭᠰᠠᠭᠠᠨ ᠪᠠᠶᠢᠴᠠᠭᠠᠵᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃      ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠪᠦᠷᠢᠨᠰᠢᠭᠦᠯᠦᠨ᠂ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠶᠢ ᠴᠢᠩᠭᠠᠷᠠᠭᠤᠯᠤᠨ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠰᠤ ᠴᠢᠨᠠᠷ ᠪᠠ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠳᠠᠰᠢ ᠬᠤᠪᠢᠷᠠᠭᠤᠯᠬᠤ ᠶᠢ ᠠᠬᠢᠭᠤᠯᠵᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ᠃      ︵2︶ ᠠᠵᠢᠯ ᠤᠨ ᠵᠠᠷᠴᠢᠮ      ᠠᠮᠤᠷ ᠲᠦᠪᠰᠢᠨ ᠢᠶᠠᠷ ᠭᠤᠤᠯ ᠪᠤᠯᠭᠠᠵᠦ᠂ ᠭᠤᠣᠯᠳᠠᠯᠭ᠎ᠠ ᠶᠢ ᠲᠤᠪᠤᠶᠢᠯᠭᠠᠬᠤ ᠶᠢ ᠪᠠᠷᠢᠮᠳᠠᠯᠠᠨ᠎ᠠ᠃      ᠰᠢᠰᠲ᠋ᠧᠮ ᠲᠠᠢ ᠪᠠᠷ ᠵᠠᠰᠠᠬᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠨ᠎ᠠ᠃      ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠤᠷᠢ ᠣᠯᠭᠤᠬᠤ ᠶᠢ ᠪᠠᠷᠢᠮᠲᠠᠯᠠᠨ᠎ᠠ᠃      ᠬᠤᠯᠠ ᠣᠶᠢᠷ᠎ᠠ ᠶᠢ ᠤᠶᠠᠯᠳᠤᠭᠤᠯᠬᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠨ᠎ᠠ᠃      ︵3︶ ᠠᠵᠢᠯ ᠤᠨ ᠬᠠᠷᠠᠯᠲᠠ      3 ᠰᠠᠷ᠎ᠠ ᠣᠷᠴᠢᠮ ᠤᠨ ᠴᠠᠭ ᠬᠤᠭᠤᠴᠠᠭ᠎ᠠ ᠶᠢ ᠬᠡᠷᠡᠭᠯᠡᠵᠦ ᠪᠠᠶᠢᠭᠠᠳ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠪᠥᠬᠦ ᠬᠡᠯᠬᠢᠶᠡᠰᠦ ᠶᠢᠨ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠤᠨ᠂ ᠢᠳᠡᠭᠡᠨ ᠤᠮᠳᠠᠭᠠᠨ ᠤ ᠠᠵᠤ ᠠᠬᠤᠶᠢᠯᠠᠯ ᠵᠡᠷᠭᠡ ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠣᠪᠣᠶᠢᠮ᠎ᠠ ᠲᠦᠭᠰᠢᠭᠦᠷᠢ ᠶᠢᠨ ᠳᠠᠯᠳᠠ ᠬᠡᠮ ᠢ ᠦᠨᠡᠨᠬᠦ ᠠᠷᠢᠯᠭᠠᠨ᠎ᠠ︔ᠳᠠᠬᠢᠭᠠᠳ ᠬᠠᠭᠠᠰ ᠵᠢᠯ ᠣᠷᠴᠢᠮ ᠤᠨ ᠴᠠᠭ ᠬᠤᠭᠤᠴᠠᠭ᠎ᠠ ᠶᠢ ᠬᠡᠷᠡᠭᠯᠡᠵᠦ ᠪᠠᠶᠢᠭᠠᠳ ᠲᠥᠪᠯᠡᠷᠡᠭᠦᠯᠦᠨ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ︽ᠡᠷᠬᠢᠨ ᠬᠠᠷᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠶᠤᠯ ᠲᠦᠭᠰᠢᠭᠦᠷᠢ ᠶᠢᠨ ᠬᠡᠮ ᠰᠣᠭᠤᠭ ᠢ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠰᠢᠲᠠᠮᠠᠬᠠᠢ ᠬᠡᠢ ᠶᠢᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ᠎ᠠ︔      2025 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠴᠢᠩᠭ᠎ᠠ ᠠᠬᠢᠭᠤᠯᠬᠤ᠂ ᠴᠢᠩᠭ᠎ᠠ ᠬᠠᠮᠢᠶᠠᠷᠬᠤ᠂ ᠬᠦᠨᠳᠦ ᠪᠠᠷ ᠲᠣᠷᠭᠠᠬᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠶᠢ ᠳᠡᠭᠡᠭᠰᠢᠯᠡᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠤᠨ᠎ᠠ᠃      ᠬᠤᠶᠠᠷ᠂ ᠭᠤᠣᠯᠳᠠᠯᠭ᠎ᠠ ᠶᠢ ᠲᠤᠪᠤᠶᠢᠯᠭᠠᠵᠦ ᠬᠦᠷᠢᠶ᠎ᠡ ᠴᠠᠷᠠᠭ᠎ᠠ ᠬᠤᠪᠢᠶᠠᠨ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠨ᠎ᠡ᠃      ︵ᠨᠢᠭᠡ︶ ᠠᠵᠤ ᠠᠬᠤᠶᠢᠯᠠᠯ ᠤᠨ ᠦᠢᠯᠡᠳᠪᠦᠷᠢᠯᠡᠯ᠂ ᠴᠡᠨᠡᠭᠯᠡᠬᠦ ᠤᠭᠰᠠᠷᠠᠬᠤ᠂ ᠡᠵᠡᠩᠨᠡᠬᠦ ︽ᠠᠰᠠᠭᠤᠳᠠᠯ ᠲᠠᠢ ᠬᠡᠢ︾ ᠵᠡᠷᠭᠡ ᠠᠮᠤᠷ ᠲᠦᠪᠰᠢᠨ ᠤ ᠲᠦᠭᠰᠢᠭᠦᠷᠢ ᠪᠠ ᠠᠳᠡᠯ ᠤᠨ ᠳᠠᠯᠳᠠ ᠬᠡᠮ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃      ︵ᠬᠤᠶᠠᠷ︶ ︽ᠠᠰᠠᠭᠤᠳᠠᠯ ᠲᠠᠢ ᠯᠣᠩᠬᠤ︾ ︽ᠠᠰᠠᠭᠤᠳᠠᠯ ᠲᠠᠢ ᠨᠡᠭᠡᠯᠡᠭᠡᠢ︾ ︽ᠠᠰᠠᠭᠤᠳᠠᠯ ᠲᠠᠢ ᠵᠥᠭᠡᠯᠡᠨ ᠬᠤᠭᠤᠯᠠᠢ︾ ᠵᠡᠷᠭᠡ ᠰᠢᠲᠠᠮᠠᠬᠠᠢ ᠬᠡᠢ ᠶᠢᠨ ᠪᠠᠭᠠᠵᠢ ᠶᠢᠨ ᠠᠮᠤᠷ ᠲᠦᠪᠰᠢᠨ ᠤ ᠲᠦᠭᠰᠢᠭᠦᠷᠢ ᠪᠠ ᠠᠳᠡᠯ ᠤᠨ ᠳᠠᠯᠳᠠ ᠬᠡᠮ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃      ︵ᠭᠤᠷᠪᠠ︶ ︽ᠠᠰᠠᠭᠤᠳᠠᠯ ᠲᠠᠢ ᠬᠤᠭᠤᠯᠠᠢ ᠲᠣᠣᠷ︾ ᠵᠡᠷᠭᠡ ᠰᠢᠲᠠᠮᠠᠬᠠᠢ ᠬᠡᠢ ᠳᠠᠮᠵᠢᠭᠤᠯᠤᠨ ᠬᠦᠷᠭᠡᠬᠦ ᠠᠮᠤᠷ ᠲᠦᠪᠰᠢᠨ ᠤ ᠲᠦᠭᠰᠢᠭᠦᠷᠢ ᠪᠠ ᠠᠳᠡᠯ ᠤᠨ ᠳᠠᠯᠳᠠ ᠬᠡᠮ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃      ︵ᠳᠥᠷᠪᠡ︶ ᠢᠳᠡᠭᠡᠨ ᠤᠮᠳᠠᠭᠠᠨ ᠤ ᠠᠵᠤ ᠠᠬᠤᠶᠢᠯᠠᠯ ᠤᠨ ︽ᠠᠰᠠᠭᠤᠳᠠᠯ ᠲᠠᠢ ᠣᠷᠴᠢᠨ ᠲᠣᠭᠤᠷᠢᠨ︾ ᠵᠡᠷᠭᠡ ᠠᠮᠤᠷ ᠲᠦᠪᠰᠢᠨ ᠤ ᠲᠦᠭᠰᠢᠭᠦᠷᠢ ᠪᠠ ᠠᠳᠡᠯ ᠤᠨ ᠳᠠᠯᠳᠠ ᠬᠡᠮ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃      ︵ᠲᠠᠪᠤ︶ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠠᠩᠭᠢᠯᠠᠭ᠎ᠠ ᠶᠢᠨ ᠲᠣᠪᠣᠶᠢᠮ᠎ᠠ ᠠᠰᠠᠭᠤᠳᠠᠯ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃      ᠭᠤᠷᠪᠠ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠮᠥᠨ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ      ︵ᠨᠢᠭᠡ︶ ᠠᠵᠤ ᠠᠬᠤᠶᠢᠯᠠᠯ ᠤᠨ ᠬᠠᠷᠢᠭᠤᠴᠠᠯᠭ᠎ᠠ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃      ︵ᠬᠤᠶᠠᠷ︶ ᠬᠠᠭᠤᠴᠢᠷᠠᠭᠰᠠᠨ ᠬᠤᠭᠤᠯᠠᠢ ᠪᠠ ᠪᠡᠯᠡᠳᠬᠡᠮᠵᠢ ᠶᠢ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠨ᠎ᠡ      ︵ᠭᠤᠷᠪᠠ︶ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠣᠶᠤᠨᠴᠢᠯᠠᠬᠤ ᠪᠠᠶᠢᠭᠤᠯᠤᠯᠲᠠ ᠶᠢ ᠠᠬᠢᠭᠤᠯᠤᠨ᠎ᠠ᠃      ︵ᠳᠥᠷᠪᠡ︶ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃      ︵ᠲᠠᠪᠤ︶ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠪᠦᠷᠢᠨᠰᠢᠭᠦᠯᠦᠨ᠎ᠡ᠃      ︵ᠵᠢᠷᠭᠤᠭ᠎ᠠ︶ ᠤᠬᠠᠭᠤᠯᠭ᠎ᠠ ᠬᠥᠮᠦᠵᠢᠯ ᠢ ᠴᠢᠩᠭᠠᠳᠬᠠᠵᠤ ᠠᠮᠤᠷ ᠲᠦᠪᠰᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃      ᠳᠥᠷᠪᠡ᠂ ᠠᠵᠢᠯ ᠤᠨ ᠲᠣᠬᠢᠷᠠᠭᠤᠯᠤᠯᠲᠠ      ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠬᠦ ᠱᠠᠲᠤ ᠦᠶ᠎ᠡ᠄︵2023 ᠣᠨ ᠤ 8 ᠳ᠋ᠤᠭᠠᠷ ᠰᠠᠷ᠎ᠠ ᠠᠴᠠ 11 ᠳ᠋ᠤᠭᠡᠷ ᠰᠠᠷ᠎ᠠ ᠬᠦᠷᠲᠡᠯ᠎ᠡ︶      ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ᠄︵2023 ᠣᠨ ᠤ 12 ᠳ᠋ᠤᠭᠠᠷ ᠰᠠᠷ᠎ᠠ ᠠᠴᠠ 2024 ᠣᠨ ᠤ 6 ᠳ᠋ᠤᠭᠠᠷ ᠰᠠᠷ᠎ᠠ ᠬᠦᠷᠲᠡᠯ᠎ᠡ︶      ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠱᠠᠲᠤ᠄               ︵2024 ᠣᠨ ᠤ 7 ᠳ᠋ᠤᠭᠠᠷ ᠰᠠᠷ᠎ᠠ ᠠᠴᠠ ᠡᠬᠢᠯᠡᠨ᠎ᠡ︶
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1