ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/8/18
       ᠬᠥᠬᠡᠬᠤᠲᠠ ᠵᠠᠰᠠᠭ ᠲᠠᠷᠬᠠᠭᠠᠭᠰᠠᠨ︹ 2023 ︺ 3 ᠳ᠋ᠤᠭᠠᠷ ᠲᠣᠭᠠᠲᠤ                     ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄      ᠡᠳᠦᠭᠡ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                           ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ                           2023 ᠣᠨ ᠤ 1 ᠳ᠋ᠤᠭᠡᠷ ᠰᠠᠷ᠎ᠠ 16 ᠤ ᠡᠳᠦᠷ       ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠦᠯ            ᠤᠯᠤᠰ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠣᠯᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠲᠦᠯᠦᠭᠡ᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2021﹈ 33 ᠳ᠋ᠤᠭᠠᠷ ᠲᠣᠭᠠᠲᠤ︶ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ  ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 17 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠤᠳᠠᠭ᠎ᠠ ᠪᠦᠷᠢ ᠶᠢᠨ ᠪᠦᠭᠦᠳᠡ ᠬᠤᠷᠠᠯ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ  ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ︽ᠭᠤᠷᠪᠠᠨ ᠬᠤᠲᠠ︾ ᠶᠢ ᠴᠢᠷᠮᠠᠶᠢᠨ ᠪᠠᠶᠢᠭᠤᠯᠬᠤ᠂ ︽ᠳᠥᠷᠪᠡᠨ ᠣᠷᠣᠨ ᠪᠦᠰᠡ ᠶᠢᠨ ᠲᠥᠪ︾ ᠢ ᠴᠤᠭᠴᠠᠯᠠᠬᠤ᠂ ︽ᠳᠥᠷᠪᠡᠨ ᠶᠡᠭᠡ ᠠᠵᠤ ᠠᠬᠤᠶ ᠶᠢᠨ ᠲᠣᠭᠤᠷᠢᠭ︾ ᠲᠤ ᠠᠭᠤᠰᠤᠯᠴᠠᠬᠤ ᠶᠢ ᠠᠬᠢᠭᠤᠯᠬᠤ᠂ ︽ᠲᠠᠪᠤᠨ ᠲᠣᠬᠢᠷᠠᠮᠵᠢᠲᠠᠶ ᠬᠤᠲᠠ︾ ᠶᠢ ᠪᠦᠲᠦᠭᠡᠨ ᠪᠠᠶᠢᠭᠤᠯᠬᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠢ ᠪᠤᠶᠢᠵᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠪᠥᠬᠦ ᠨᠡᠶᠢᠭᠡᠮ ᠤᠨ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠ ᠭᠤᠤᠯ ᠪᠣᠯᠬᠤ ᠪᠣᠬᠢᠷᠲᠤᠯ ᠪᠣᠳᠠᠰ ᠤᠨ ᠶᠡᠷᠦᠩᠬᠡᠶ ᠬᠡᠮᠵᠢᠶ᠎ᠡ ᠶᠢ ᠪᠠᠭᠠᠰᠬᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠬᠦᠬᠡᠬᠤᠲᠠ᠂ ᠦᠨᠢᠷ ᠪᠠᠶᠠᠯᠢᠭ ᠲᠠᠯ᠎ᠠ ᠶᠢᠨ ᠬᠤᠲᠠ ᠶᠢ ᠪᠥᠲᠥᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ᠃      ︵ᠬᠤᠶᠠᠷ︶ ᠭᠤᠤᠯ ᠬᠠᠷᠠᠯᠲᠠ᠃ 2025 ᠣᠨ ᠪᠣᠯᠬᠤ ᠳᠤ᠂ ᠪᠥᠬᠦ ᠬᠤᠲᠠ ᠶᠢᠨ ᠭᠤᠤᠯᠳᠠᠯᠭ᠎ᠠ ᠲᠠᠢ ᠣᠷᠣᠨ ᠪᠦᠰᠡ ᠪᠠ ᠠᠵᠢᠯ ᠲᠥᠷᠥᠯ ᠤᠨ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠨᠢᠭᠡᠴᠢ GDP ᠶᠢᠨ ᠡᠨᠧᠷᠭᠢ ᠶᠢᠨ ᠬᠤᠷᠤᠭᠳᠠᠯ ᠢ 2020 ᠣᠨ ᠤ ᠬᠢ ᠠᠴᠠ 12% ᠢᠶᠠᠷ ᠪᠠᠭᠤᠷᠠᠭᠤᠯᠵᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠵᠦᠢ ᠵᠣᠬᠢᠰᠲᠠᠶ ᠬᠢᠵᠠᠭᠠᠷᠯᠠᠨ᠎ᠠ᠃ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ ᠰᠢᠪᠲᠦᠷᠲᠦ ᠠᠽᠣᠲ᠂ ᠠᠽᠣᠲ ᠤᠨ ᠢᠰᠦᠮᠡᠭ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠡᠮᠵᠢᠶ᠎ᠡ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠭᠦᠷᠭᠡ ᠶᠢ ᠪᠡᠶᠡᠯᠡᠭᠦᠯᠦᠨ᠎ᠡ᠃ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠲᠦᠷᠦ ᠶᠢᠨ ᠪᠤᠳᠤᠯᠭ᠎ᠠ ᠲᠦᠷᠢᠮ ᠢ ᠨᠡᠩ ᠲᠡᠭᠦᠯᠳᠡᠷᠵᠢᠭᠦᠯᠵᠦ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠪᠠ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠪᠣᠬᠢᠷᠲᠤᠯ ᠦᠭᠡᠢ᠂ ᠪᠠᠭ᠎ᠠ ᠨᠡᠭᠦᠷᠡᠰᠦᠳᠦ᠋ᠷᠦᠭᠴᠢᠲᠦ᠂ ᠣᠷᠴᠢᠯ ᠬᠥᠭᠵᠢᠯᠲᠡ ᠶᠢᠨ ᠠᠵᠤ ᠠᠬᠤᠶ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠦᠭᠡᠢ ᠲᠡᠰᠢ ᠶᠢᠨ ᠬᠡᠯᠪᠡᠷᠢ ᠬᠤᠪᠢᠷᠠᠭᠤᠯᠤᠯᠲᠠ ᠢᠯᠡᠳᠲᠡ ᠦᠷ᠎ᠡ ᠪᠦᠲᠦᠮᠵᠢ ᠤᠯᠤᠨ᠎ᠠ᠃      ᠬᠤᠶᠠᠷ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠎ᠡ      ︵ᠨᠢᠭᠡ︶ ᠭᠤᠤᠯᠳᠠᠯᠭ᠎ᠠ ᠲᠠᠢ ᠠᠵᠢᠯ ᠲᠥᠷᠥᠯ ᠢ ᠪᠣᠬᠢᠷᠲᠤᠯ ᠥᠬᠡᠶ ᠲᠡᠰᠢ ᠲᠠᠰ ᠳᠡᠪᠰᠢᠭᠦᠯᠬᠦ ᠢᠨᠵᠧᠨᠧᠷᠢᠩ ᠃ ᠪᠣᠯᠣᠳ ᠲᠡᠮᠦᠷ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ᠂ ᠬᠡᠦᠷᠰᠢᠭᠦᠯᠬᠦ᠂ ᠱᠦᠢᠨᠢ᠂ ᠨᠡᠭᠦᠷᠡᠰᠦ ᠪᠠᠷ ᠴᠠᠬᠢᠯᠭᠠᠨ ᠭᠠᠷᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ ᠪᠣᠬᠢᠷᠲᠤᠯ ᠪᠣᠳᠠᠰ ᠢ ᠭᠦᠨᠵᠡᠭᠡᠢ ᠵᠠᠰᠠᠬᠤ ᠶᠢ ᠬᠡᠷᠡᠭᠵᠢᠭᠦᠯᠵᠦ᠂ 2025 ᠣᠨ ᠪᠣᠯᠬᠤ ᠳᠤ᠂ ᠪᠣᠯᠣᠳ ᠲᠡᠮᠦᠷ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ᠂ ᠱᠦᠢᠨᠢ᠂ ᠴᠠᠬᠢᠯᠠᠭᠤᠷ ᠴᠢᠯᠠᠭᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ  ᠦᠢᠯᠡᠳᠪᠦᠷᠢᠯᠡᠬᠦ ᠴᠢᠳᠠᠪᠤᠷᠢ ᠶᠢᠨ ᠡᠨᠧᠷᠭᠢ ᠶᠢᠨ ᠠᠰᠢᠭᠯᠠᠮᠵᠢ ᠶᠢᠨ ᠬᠡᠪ ᠳᠠᠭᠤᠷᠢᠶᠠᠯ ᠤᠨ ᠬᠢᠷᠢ  ᠲᠦᠪᠰᠢᠨ ᠳᠤ ᠬᠦᠷᠬᠦ ᠬᠠᠷᠢᠴᠠᠯ ᠢ 30% ᠠᠴᠠ ᠳᠠᠪᠠᠭᠤᠯᠤᠨ᠂ 65 ᠠᠭᠤᠷᠰᠢᠭᠤᠯᠬᠤ ᠲᠣᠨ / ᠴᠠᠭ ᠵᠢᠴᠢ ᠲᠡᠭᠦᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠭᠦᠸᠧᠯᠦ ᠪᠦᠬᠦᠨ ᠢᠶᠠᠷ ᠢᠶᠠᠨ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠪᠣᠬᠢᠷᠲᠤᠯ ᠥᠬᠡᠶ ᠦᠢᠯᠡᠳᠬᠦ ᠰᠢᠰᠲ᠋ᠧᠮᠵᠢ ᠶᠢ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠲᠤᠯ ᠥᠬᠡᠶ ᠪᠦᠲᠦᠭᠡᠭᠳᠡᠬᠦᠨ ᠤ ᠵᠢᠷᠤᠭ ᠲᠥᠯᠥᠪᠯᠡᠭᠡ᠂ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠦᠢᠯᠡᠳᠪᠦᠷᠢ ᠶᠢᠨ ᠡᠭᠦᠳᠦᠨ ᠪᠠᠶᠢᠭᠤᠯᠤᠯᠲᠠ ᠶᠢ ᠬᠡᠷᠡᠭᠵᠢᠭᠦᠯᠦᠨ᠂ 2025 ᠣᠨ ᠪᠣᠯᠬᠤ ᠳᠤ ᠪᠣᠬᠢᠷᠲᠤᠯ ᠥᠬᠡᠶ ᠦᠢᠯᠡᠳᠪᠦᠷᠢ ᠶᠢ 35 ᠶᠢ ᠡᠭᠦᠳᠦᠨ ᠪᠠᠶᠢᠭᠤᠯᠤᠨ᠎ᠠ᠃ ᠲᠡᠮᠦᠷ ᠤᠨ ᠬᠠᠶᠢᠯᠤᠰᠢ᠂ ᠴᠠᠬᠢᠯᠠᠭᠤᠷ ᠴᠢᠯᠠᠭᠤ᠂ ᠬᠡᠦᠷᠰᠢᠭᠦᠯᠬᠦ ᠵᠡᠷᠭᠡ ᠬᠦᠷᠢᠶᠡᠨ ᠤ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠲᠣᠭᠲᠠᠭᠰᠠᠨ ᠬᠤᠭᠤᠴᠠᠭᠠᠨ ᠳᠤ ᠤᠬᠤᠷᠢᠭᠤᠯᠤᠨ ᠭᠠᠷᠭᠠᠵᠤ᠂ ᠨᠢᠭᠡ ᠪᠦᠯᠦᠭ ᠪᠣᠬᠢᠷᠲᠤᠯ ᠥᠬᠡᠶ ᠪᠠᠭ᠎ᠠ ᠨᠡᠭᠦᠷᠡᠰᠦᠳᠦ᠋ᠷᠦᠭᠴᠢᠲᠦ ᠮᠡᠷᠭᠡᠵᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠥᠬᠡᠶ ᠪᠣᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠨᠧᠷᠭᠢ ᠶᠢᠨ ᠭᠡᠷ᠎ᠡ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠪᠣᠬᠢᠷᠲᠤᠯ ᠢ ᠭᠤᠷᠪᠠᠳᠠᠬᠢ ᠡᠲᠡᠭᠡᠳ ᠵᠠᠰᠠᠬᠤ ᠵᠠᠭᠪᠤᠷ ᠢ ᠬᠡᠷᠡᠭᠯᠡᠬᠦ ᠶᠢ ᠵᠣᠷᠢᠭᠵᠢᠭᠤᠯᠵᠤ᠂ ᠠᠵᠤ ᠦᠢᠯᠡᠳᠪᠦᠷᠢ ᠶᠢᠨ ᠨᠦᠬᠡᠨ ᠵᠤᠤᠬ᠎ᠠ᠂ ᠲᠣᠰᠣᠨ ᠤ ᠮᠠᠰᠢᠨ᠂ ᠠᠪᠴᠢᠭᠤᠯᠬᠤ ᠮᠠᠰᠢᠨ᠂ ᠴᠠᠬᠢᠯᠭᠠᠨ ᠮᠠᠰᠢᠨ ᠵᠡᠷᠭᠡ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠲᠥᠬᠦᠭᠡᠷᠦᠮᠵᠢ ᠶᠢᠨ ᠰᠢᠰᠲ᠋ᠧᠮ ᠲᠠᠢ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠲᠣᠮᠣ ᠬᠡᠯᠪᠡᠷᠢ ᠶᠢᠨ᠂ ᠬᠡᠲᠦ ᠲᠣᠮᠣ ᠬᠡᠯᠪᠡᠷᠢ ᠶᠢᠨ ᠳ᠋ᠠᠶᠢᠲ᠋ᠠ ᠶᠢᠨ ᠲᠥᠪ ᠢ ᠵᠠᠷᠴᠢᠮ ᠳᠡᠭᠡᠷ᠎ᠡ ᠪᠠᠨ ᠬᠤᠷᠢᠨᠭᠡᠷ ᠰᠢᠨ᠎ᠡ ᠲᠣᠭᠤᠷᠢᠭ ᠲᠤ ᠪᠠᠶᠢᠷᠢᠰᠢᠭᠤᠯᠵᠤ᠂ ᠴᠠᠬᠢᠯᠭᠠᠨ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ︵PUE ᠬᠡᠮᠵᠢᠭᠳᠡᠯ︶ ᠶᠢ 1.2 ᠠᠴᠠ ᠳᠠᠪᠠᠭᠤᠯᠬᠤ ᠥᠬᠡᠶ᠂ ᠨᠢᠭᠡᠨᠲᠡ ᠪᠠᠶᠢᠭ᠎ᠠ ᠳ᠋ᠠᠶᠢᠲ᠋ᠠ ᠶᠢᠨ ᠲᠥᠪ ᠤᠨ ᠡᠨᠧᠷᠭᠢ ᠠᠷᠪᠢᠯᠠᠬᠤ ᠥᠭᠡᠷᠡᠴᠢᠯᠡᠯᠲᠡ᠂ ᠪᠤᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠠᠬᠢᠭᠤᠯᠤᠨ᠎ᠠ᠃ ᠡᠨᠧᠷᠭᠢ ᠶᠢᠨ ᠠᠰᠢᠭᠯᠠᠮᠵᠢ᠂ ᠤᠰᠤᠨ ᠤ ᠠᠰᠢᠭᠯᠠᠮᠵᠢ ᠶᠢᠨ ︽ᠳᠠᠭᠠᠭᠤᠯᠤᠭᠴᠢ︾ ᠶᠢᠨ ᠠᠵᠢᠯᠯᠠᠭ᠎ᠠ ᠶᠢ ᠥᠷᠨᠢᠭᠦᠯᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠥᠭᠡᠭᠡᠵᠦ ᠭᠦᠶᠴᠡᠬᠦ ᠪᠠ ᠳᠠᠪᠠᠨ ᠭᠠᠷᠴᠤ ᠂ ᠬᠦᠲᠦᠯᠦᠨ ᠳᠠᠭᠠᠭᠤᠯᠬᠤ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠢᠭᠡᠴᠢ ᠨᠡᠮᠡᠭᠳᠡᠯ ᠥᠷᠲᠡᠭ ᠤᠨ ᠡᠨᠧᠷᠭᠢ ᠶᠢᠨ ᠬᠤᠷᠣᠭᠳᠠᠯ ᠢ 18% ᠪᠠᠷ  ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 13.5% ᠪᠠᠷ ᠪᠠᠭᠤᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠃ ᠳᠤᠷᠤᠭᠰᠢᠬᠢ ᠶᠢ ᠴᠥᠮ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ  ᠨᠠᠶᠢᠳᠠᠪᠤᠷᠢᠵᠢᠭᠤᠯᠬᠤ ᠬᠡᠷᠡᠭᠲᠡᠢ ᠪᠤᠯᠬᠤᠷ ᠳᠠᠬᠢᠵᠤ ᠵᠢᠭᠰᠠᠭᠠᠬᠤ ᠦᠭᠡᠢ︶      ︵ᠬᠤᠶᠠᠷ︶ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠶᠢ ᠳᠡᠭᠡᠭᠰᠢᠯᠡᠭᠦᠯᠬᠦ ᠢᠨᠵᠧᠨᠧᠷᠢᠩ᠃ ᠬᠦᠷᠢᠶᠡᠯᠡᠩ ᠲᠣᠭᠤᠷᠢᠭ ᠤᠨ  ᠤᠷᠴᠢᠯ ᠬᠥᠭᠵᠢᠯᠲᠡ ᠶᠢᠨ ᠶᠡᠷᠦᠩᠬᠡᠶᠢᠯᠡᠭᠰᠡᠨ ᠣᠨᠣᠰᠢᠯᠠᠯᠲᠠ ᠶᠢ ᠥᠷᠨᠢᠭᠦᠯᠵᠦ᠂ ᠠᠵᠤ ᠦᠢᠯᠡᠰ ᠤᠨ ᠲᠥᠪᠯᠡᠷᠡᠯ᠂ ᠡᠨᠧᠷᠭᠢ ᠶᠢᠨ ᠡᠬᠢ ᠪᠠᠶᠠᠯᠢᠭ ᠤᠨ ᠠᠰᠢᠭᠯᠠᠯᠲᠠ᠂ ᠠᠷᠢᠭᠤᠨ ᠴᠡᠪᠡᠷ ᠦᠢᠯᠡᠳᠪᠦᠷᠢᠯᠡᠯ ᠵᠡᠷᠭᠡ ᠲᠠᠯ᠎ᠠ ᠪᠠᠷ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠬᠥᠭᠵᠢᠯᠲᠡ ᠶᠢᠨ ᠳᠠᠯᠳᠠ ᠬᠦᠴᠦᠨ ᠢ ᠠᠭᠤᠳᠠᠯᠵᠤ᠂ ᠡᠨᠧᠷᠭᠢ ᠶᠢᠨ ᠬᠤᠷᠤᠭᠳᠠᠯ ᠶᠡᠬᠡᠲᠡᠶ ᠭᠠᠳᠠᠭᠰᠢᠯᠠᠭᠤᠯᠤᠯᠲᠠ ᠶᠡᠬᠡᠲᠡᠢ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠳᠤ ᠵᠠᠷᠴᠢᠮ ᠳᠡᠭᠡᠷ᠎ᠡ ᠪᠠᠨ ᠬᠦᠷᠢᠶᠡᠯᠡᠩ ᠲᠣᠭᠤᠷᠢᠭ ᠲᠤ ᠣᠷᠣᠭᠤᠯᠵᠤ᠂ ᠡᠨᠧᠷᠭᠢ ᠶᠢᠨ ᠱᠠᠲᠤᠯᠢᠭ ᠠᠰᠢᠭᠯᠠᠯᠲᠠ ᠪᠠ ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠦᠯᠡᠳᠡᠪᠦᠷᠢ ᠬᠡᠶ ᠶᠢ ᠡᠭᠡᠭᠦᠯᠦᠨ ᠬᠤᠷᠢᠶᠠᠵᠤ ᠠᠰᠢᠭᠯᠠᠬᠤ ᠶᠢ ᠠᠬᠢᠭᠤᠯᠤᠨ᠂ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ᠂ ᠦᠢᠯᠡᠳᠬᠦᠨ ᠤ ᠡᠪᠴᠡᠯᠳᠦᠯ ᠢ ᠬᠥᠲᠥᠯᠦᠨ ᠵᠢᠯᠣᠭᠤᠳᠴᠤ᠂ ᠳᠠᠬᠢᠨ ᠡᠭᠦᠰᠴᠦ ᠪᠣᠯᠬᠤ ᠡᠨᠧᠷᠭᠢ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠤᠶᠤᠨᠲᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠢᠨᠲ᠋ᠧᠷ ᠰᠦᠯᠵᠢᠶ᠎ᠡ +︾᠂ ᠡᠭᠦᠯᠡᠨ ᠪᠤᠳᠤᠯᠲᠠ ᠲᠣᠮᠣ ᠳ᠋ᠠᠶᠢᠲ᠋ᠠ ᠵᠡᠷᠭᠡ ᠠᠷᠭ᠎ᠠ ᠮᠠᠶ᠋ᠢᠭ ᠢ ᠠᠰᠢᠭᠯᠠᠨ ᠡᠨᠧᠷᠭᠢ ᠠᠷᠪᠢᠯᠠᠵᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠠᠮᠢ ᠠᠬᠤᠶ ᠶᠢᠨ ᠡᠭᠡᠭᠦᠯᠦᠨ ᠪᠥᠭᠯᠡᠬᠦ ᠰᠠᠪᠠ ᠭᠠᠵᠠᠷ ᠢ ᠵᠠᠰᠠᠬᠤ ᠶᠢ ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠲᠡᠮᠦᠷ ᠵᠠᠮ᠂ ᠲᠡᠯᠡᠶ ᠶᠢᠨ ᠵᠠᠮ ᠢᠶᠠᠷ ᠬᠤᠯᠪᠣᠭᠠᠯᠠᠨ ᠲᠡᠭᠡᠭᠡᠪᠦᠷᠢᠯᠡᠵᠦ ︽ᠭᠠᠳᠠᠭᠰᠢ  ᠭᠠᠷᠭᠠᠬᠤ︾ ᠶᠢ ᠳᠡᠮᠵᠢᠵᠦ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ︽ ᠪᠦᠷᠢᠨᠲᠦ︾ ᠲᠥᠷᠥᠯ ᠵᠦᠢᠯ ᠢ ᠲᠤᠷᠰᠢᠨ ᠪᠥᠲᠥᠭᠡᠨ ᠪᠠᠶᠢᠭᠤᠯᠬᠤ ᠶᠢ ᠬᠥᠲᠥᠯᠦᠨ ᠵᠢᠯᠣᠭᠤᠳᠴᠤ᠂ ᠠᠶᠤᠯᠲᠠᠶ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠬᠠᠳᠠᠭᠠᠯᠠᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠷᠢ ᠪᠡᠯᠡᠳᠬᠡᠮᠵᠢ ᠨᠢ ᠪᠦᠷᠢᠨ ᠲᠡᠭᠦᠯᠳᠡᠷ᠂ ᠴᠠᠬᠢᠯᠭᠠᠨ ᠬᠡᠷᠡᠭᠯᠡᠬᠦ ᠳᠠᠭᠠᠭᠠᠴᠠ ᠪᠠᠷ ᠨᠡᠯᠢᠶᠡᠳ ᠶᠡᠭᠡ᠂ ᠪᠡᠶ᠎ᠡ ᠪᠠᠨ ᠳᠠᠭᠠᠭᠠᠵᠤ ᠣᠷᠭᠢᠯ ᠢ ᠳᠣᠭᠢᠷᠠᠭᠤᠯᠬᠤ ᠴᠢᠳᠠᠪᠤᠷᠢ ᠪᠠᠷ ᠨᠡᠯᠢᠶᠡᠳ ᠴᠢᠩᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠪᠥᠲᠥᠭᠡᠨ ᠪᠠᠶᠢᠭᠤᠯᠤᠯᠲᠠ ᠥᠷᠨᠢᠭᠦᠯᠬᠦ ᠶᠢ ᠵᠣᠷᠢᠭᠵᠢᠭᠤᠯᠵᠤ᠂ ᠲᠣᠭᠲᠠᠬᠤ ᠴᠢᠩ ᠱᠦᠢ ᠾᠧ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ᠂ ᠶᠢᠨ ᠴᠢᠶᠣᠤ ᠨᠡᠭᠡᠭᠡᠯᠲᠡ ᠶᠢᠨ ᠲᠣᠭᠤᠷᠢᠭ ᠨᠢ ᠤᠷᠢᠳᠠᠪᠠᠷ ᠪᠠᠭ᠎ᠠ ᠨᠡᠭᠦᠷᠡᠰᠦᠳᠦ᠋ᠷᠦᠭᠴᠢᠲᠦ ᠬᠦᠷᠢᠶᠡᠯᠡᠩ ᠲᠣᠭᠤᠷᠢᠭ ᠪᠠᠶᠢᠭᠤᠯᠬᠤ ᠪᠠᠷ ᠭᠤᠶᠤᠴᠢᠯᠠᠨ ᠮᠡᠳᠡᠭᠦᠯᠵᠦ᠂ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠪᠠᠳᠠᠷᠠᠭᠤᠯᠬᠤ ᠶᠢ ᠠᠬᠢᠭᠤᠯᠤᠨ᠎ᠠ᠃ 2025 ᠣᠨ ᠪᠣᠯᠬᠤ ᠳᠤ᠂ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠬᠤ ᠬᠠᠷᠢᠴᠠᠯ ᠢ 95% ᠳᠤ ᠬᠦᠷᠦᠭᠦᠯᠵᠦ᠂ ᠨᠥᠬᠦᠴᠡᠯ ᠪᠦᠷᠢᠯᠳᠦᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠬᠦᠷᠢᠶᠡᠯᠡᠩ ᠲᠣᠭᠤᠷᠢᠭ ᠲᠤ ᠤᠷᠴᠢᠯᠲᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ︶      ︵ᠭᠤᠷᠪᠠ︶ ᠬᠤᠲᠠ ᠪᠠᠯᠭᠠᠰᠤ ᠶᠢᠨ ᠪᠣᠬᠢᠷᠲᠤᠯ ᠥᠬᠡᠶ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ᠃ ᠬᠤᠲᠠ ᠪᠠᠯᠭᠠᠰᠤᠨ ᠤ ᠪᠣᠬᠢᠷᠲᠤᠯ ᠥᠬᠡᠶ ᠲᠥᠯᠥᠪᠵᠢᠭᠦᠯᠭᠡ᠂ ᠪᠣᠬᠢᠷᠲᠤᠯ ᠥᠬᠡᠶ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠠᠵᠢᠯᠯᠠᠭᠠᠨ ᠤ ᠬᠠᠮᠢᠶᠠᠷᠤᠯᠲᠠ ᠶᠢ ᠳᠥᠯᠭᠢᠨ ᠠᠬᠢᠭᠤᠯᠵᠤ᠂ ᠬᠠᠶᠠᠭᠳᠠᠮᠠᠯ ᠪᠤᠳᠠᠰ ᠦᠭᠡᠢ ᠬᠤᠲᠠ ᠪᠠ ᠬᠠᠶᠠᠭᠳᠠᠮᠠᠯ ᠬᠠᠭᠤᠴᠢᠨ ᠡᠳ᠋ ᠪᠣᠳᠠᠰ ᠢ ᠣᠷᠴᠢᠯᠳᠤᠭᠤᠯᠤᠨ ᠠᠰᠢᠭᠯᠠᠬᠤ ᠰᠢᠰᠲ᠋ᠧᠮᠵᠢ ᠶᠢᠨ ᠭᠤᠤᠯᠳᠠᠯᠭ᠎ᠠ ᠲᠠᠢ ᠬᠤᠲᠠ ᠶᠢ ᠪᠥᠲᠥᠭᠡᠨ ᠪᠠᠶᠢᠭᠤᠯᠤᠨ᠎ᠠ᠃ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠴᠥᠮ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠤᠭᠰᠠᠷᠠᠮᠠᠯ ᠪᠠᠷᠢᠯᠭ᠎ᠠ ᠶᠢ ᠰᠢᠨ᠎ᠡ ᠪᠠᠷᠢᠯᠭ᠎ᠠ ᠪᠠᠷᠢᠬᠤ ᠳᠤ ᠳᠡᠯᠭᠡᠷᠡᠭᠦᠯᠦᠨ ᠬᠡᠷᠡᠭᠯᠡᠬᠦ ᠶᠢ ᠵᠤᠷᠢᠭᠵᠢᠭᠤᠯᠵᠤ᠂ ᠰᠠᠨᠠᠭᠠᠴᠢᠯᠠᠭᠠᠲᠤ ᠪᠤᠰᠤ ᠮᠠᠶ᠋ᠢᠭ ᠤᠨ ᠬᠡᠲᠦ ᠳᠣᠤᠷ᠎ᠠ ᠡᠨᠧᠷᠭᠢ ᠶᠢᠨ ᠬᠤᠷᠤᠭᠳᠠᠯ ᠲᠠᠢ ᠪᠠᠷᠢᠯᠭ᠎ᠠ᠂ ᠡᠨᠧᠷᠭᠢ ᠶᠢᠨ ᠬᠤᠷᠤᠭᠳᠠᠯ ᠪᠠᠷᠤᠭ ᠥᠬᠡᠶ ᠪᠠᠷᠢᠯᠭ᠎ᠠ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠥᠬᠡᠶ ᠪᠠᠷᠢᠯᠭ᠎ᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ ᠬᠤᠳᠠ ᠶᠢ ᠰᠢᠨᠡᠳᠬᠡᠬᠦ ᠢᠨᠵᠧᠨᠧᠷᠢᠩ ᠢ ᠡᠬᠢᠯᠡᠭᠦᠯᠵᠦ᠂ ᠬᠤᠶᠠᠳᠤᠭᠠᠷ ᠲᠣᠭᠤᠷᠢᠯ ᠵᠠᠮ ᠤᠨ ᠳᠣᠲᠣᠷᠠᠬᠢ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠤᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ ᠯᠡᠪᠡᠷᠡᠵᠦ ᠰᠦᠢᠳᠦᠭᠰᠡᠨ ᠢ ᠵᠠᠰᠠᠬᠤ ᠵᠠᠰᠠᠯᠲᠠ ᠶᠢ ᠬᠡᠷᠡᠭᠵᠢᠭᠦᠯᠵᠦ᠂ ᠬᠥᠯᠳᠡᠭᠡᠬᠦ ᠮᠡᠷᠭᠡᠵᠢᠯ ᠤᠨ ᠲᠥᠬᠦᠭᠡᠷᠦᠮᠵᠢ ᠶᠢ ᠲᠡᠰ ᠳᠡᠪᠰᠢᠭᠦᠯᠵᠦ᠂ ᠳᠠᠭᠠᠭᠠᠴᠠ ᠶᠢᠨ ᠵᠣᠬᠢᠴᠠᠯᠳᠤᠯ ᠢ ᠰᠢᠯᠢᠳᠡᠭᠵᠢᠭᠦᠯᠦᠨ᠎ᠡ᠃ 12 ᠳᠠᠪᠬᠤᠷᠭ᠎ᠠ ᠠᠴᠠ ᠳᠣᠷᠣᠭᠰᠢᠬᠢ ᠣᠷᠣᠨ ᠰᠠᠭᠤᠴᠠ ᠶᠢᠨ ᠪᠠᠷᠢᠯᠭ᠎ᠠ ᠪᠠ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠵᠣᠴᠢᠳ ᠤᠨ ᠪᠠᠭᠤᠳᠠᠯ᠂ ᠤᠮᠪᠠᠯᠲᠠ ᠶᠢᠨ ᠲᠠᠲᠠᠭᠠᠯ᠂ ᠣᠯᠠᠨ ᠨᠡᠶᠢᠲᠡ ᠶᠢᠨ ᠤᠬᠢᠶᠠᠯᠭ᠎ᠠ ᠶᠢᠨ ᠭᠠᠵᠠᠷ ᠵᠡᠷᠭᠡ ᠣᠯᠠᠨ ᠨᠡᠶᠢᠲᠡ ᠶᠢᠨ ᠪᠠᠷᠢᠯᠭ᠎ᠠ ᠳᠤ ᠨᠡᠷᠡᠨ ᠡᠨᠧᠷᠭᠢ ᠶᠢᠨ ᠬᠡᠷᠡᠯ ᠢᠯᠴᠢ ᠶᠢᠨ ᠪᠠᠷᠢᠯᠭ᠎ᠠ ᠶᠢ ᠨᠢᠭᠡ ᠴᠤᠭᠴᠠᠵᠢᠭᠤᠯᠬᠤ ᠮᠡᠷᠭᠡᠵᠢᠯ ᠢ ᠬᠡᠷᠡᠭᠯᠡᠬᠦ ᠶᠢ ᠠᠬᠢᠭᠤᠯᠵᠤ᠂ ᠣᠷᠣᠨ ᠰᠠᠭᠤᠴᠠ ᠶᠢᠨ ᠪᠠᠷᠢᠯᠭ᠎ᠠ ᠶᠢᠨ ᠣᠯᠠᠨ ᠨᠡᠶᠢᠲᠡ ᠶᠢᠨ ᠣᠷᠣᠨ ᠵᠠᠶ᠂ ᠪᠠᠷᠢᠯᠭ᠎ᠠ ᠶᠢᠨ ᠬᠦᠷᠢᠶ᠎ᠡ ᠬᠠᠰᠢᠶ᠎ᠠ ᠳᠤ ᠨᠡᠷᠡᠨ ᠡᠨᠧᠷᠭᠢ ᠶᠢᠨ ᠭᠡᠷᠡᠯᠲᠦᠭᠦᠯᠭᠡ ᠬᠡᠷᠡᠭᠯᠡᠬᠦ ᠶᠢ ᠬᠥᠲᠥᠯᠦᠨ ᠵᠢᠯᠣᠭᠤᠳᠴᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠭᠡᠨ ᠤ ᠬᠡᠪᠴᠢᠶ᠎ᠡ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠡᠵᠡᠯᠡᠬᠦ ᠬᠠᠷᠢᠴᠠᠯ ᠢ 35% ᠠᠴᠠ ᠳᠠᠪᠠᠭᠤᠯᠵᠤ᠂ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 800 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠳᠠᠬᠢᠨ ᠡᠭᠦᠰᠴᠦ ᠪᠣᠯᠬᠤ ᠡᠨᠧᠷᠭᠢ ᠬᠡᠷᠡᠭᠯᠡᠬᠦ ᠬᠠᠷᠢᠴᠠᠯ ᠢ 30% ᠳᠤ ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ ᠄ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶      ︵ᠳᠥᠷᠪᠡ︶ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ᠃ ᠪᠣᠬᠢᠷᠲᠤᠯ ᠥᠬᠡᠶ ᠲᠡᠮᠦᠷ ᠵᠠᠮ᠂ ᠪᠣᠬᠢᠷᠲᠤᠯ ᠥᠬᠡᠶ ᠵᠠᠰᠠᠮᠠᠯ ᠵᠠᠮ᠂ ᠪᠣᠬᠢᠷᠲᠤᠯ ᠥᠬᠡᠶ ᠨᠢᠰᠬᠡᠯ ᠤᠨ ᠪᠠᠭᠤᠳᠠᠯ ᠢᠶᠠᠷ ᠭᠤᠤᠯᠳᠠᠯᠭ᠎ᠠ ᠪᠣᠯᠭᠠᠭᠰᠠᠨ ᠪᠣᠬᠢᠷᠲᠤᠯ ᠥᠬᠡᠶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠠᠬᠢᠯᠭᠠᠨ ᠴᠡᠨᠡᠭᠯᠡᠵᠦ ᠳ᠋ᠢᠶᠠᠨ ᡂᠢ ᠰᠣᠯᠢᠬᠤ᠂ ᠬᠡᠶ ᠨᠡᠮᠡᠬᠦ᠂ ᠤᠰᠤᠲᠥ᠋ᠷᠥᠭᠴᠢ ᠨᠡᠮᠡᠬᠦ᠂ ᠨᠢᠰᠬᠡᠯ ᠤᠨ ᠪᠠᠭᠤᠳᠠᠯ ᠤᠨ ᠡᠷᠭᠢ ᠶᠢᠨ ᠴᠠᠬᠢᠯᠭᠠᠨ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠰᠢᠨᠡᠳᠬᠡᠬᠦ ᠶᠢ ᠳᠥᠯᠭᠢᠨ ᠠᠬᠢᠭᠤᠯᠵᠤ᠂ ᠪᠠᠶᠢᠭᠤᠯᠤᠭᠰᠠᠨ ᠲᠣᠭᠤᠷᠢᠭ ᠲᠤ ᠳᠦᠷᠢᠶᠡᠰᠦᠨ ᠮᠠᠰᠢᠨ᠂ ᠰᠢᠤᠳᠠᠨ᠂ ᠣᠷᠴᠢᠨ ᠲᠣᠭᠤᠷᠢᠨ ᠤ ᠠᠷᠢᠭᠤᠨ ᠴᠡᠪᠡᠷ᠂ ᠠᠵᠢᠯ ᠳᠤ ᠭᠠᠷᠬᠤ᠂ ᠬᠥᠩᠭᠡᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠳᠤ ᠰᠢᠨ᠎ᠡ ᠪᠠᠷ ᠨᠡᠮᠡᠬᠦ ᠪᠠ ᠰᠢᠨᠡᠳᠬᠡᠬᠦ ᠲᠡᠷᠭᠡ ᠶᠢᠨ ᠳᠣᠲᠣᠷ᠎ᠠ ᠰᠢᠨ᠎ᠡ ᠡᠨᠧᠷᠭᠢ ᠶᠢᠨ ᠲᠡᠷᠭᠡ ᠬᠥᠰᠬᠡ ᠶᠢᠨ ᠡᠵᠡᠯᠡᠬᠦ ᠬᠠᠷᠢᠴᠠᠯ ᠢ 20% ᠠᠴᠠ ᠳᠡᠭᠡᠭᠰᠢ ᠳᠤ ᠬᠦᠷᠦᠭᠦᠯᠦᠨ᠎ᠡ᠃ ︽ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ︾ ᠬᠦᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠲᠡᠮᠦᠷ ᠵᠠᠮ + ᠨᠡᠶᠢᠲᠡ ᠶᠢᠨ ᠵᠠᠮ ᠬᠠᠷᠢᠯᠴᠠᠭ᠎ᠠ + ᠤᠳᠠᠭᠠᠨ ᠶᠠᠪᠤᠬᠤ︾ ᠳᠥᠭᠦᠮ ᠳᠥᠲᠡ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠂ ︽ᠲᠠᠰᠤᠷᠬᠠᠢ ᠵᠠᠮ︾ ᠢ ᠠᠷᠢᠯᠭᠠᠵᠤ᠂ ︽ᠪᠢᠴᠢᠯ ᠡᠷᠭᠢᠯᠲᠡ︾ ᠶᠢ ᠰᠠᠭᠠᠳ ᠥᠬᠡᠶ ᠨᠡᠪᠲᠡᠷᠡᠭᠦᠯᠵᠦ᠂ ᠣᠯᠠᠨ ᠨᠡᠶᠢᠲᠡ ᠶᠢᠨ ᠪᠣᠬᠢᠷᠲᠤᠯ ᠥᠬᠡᠶ ᠪᠠᠭ᠎ᠠ ᠨᠡᠭᠦᠷᠡᠰᠦᠳᠦ᠋ᠷᠦᠭᠴᠢᠲᠦ ᠶᠠᠪᠤᠵᠤ ᠰᠠᠭᠤᠬᠤ ᠠᠷᠭ᠎ᠠ ᠮᠠᠶ᠋ᠢᠭ ᠢ ᠤᠷᠢᠳᠠᠪᠠᠷ ᠰᠤᠩᠭᠤᠬᠤ ᠶᠢ ᠨᠢ ᠬᠦᠲᠦᠯᠦᠨ ᠵᠢᠯᠤᠭᠤᠳᠴᠤ᠂ 2025 ᠣᠨ ᠪᠣᠯᠬᠤ ᠳᠤ᠂ ᠪᠥᠬᠦ ᠬᠤᠲᠠ ᠶᠢᠨ ᠰᠢᠨ᠎ᠡ ᠡᠨᠧᠷᠭᠢ ᠵᠢᠴᠢ ᠴᠡᠪᠡᠷ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 100% ᠳᠤ ᠬᠦᠷᠦᠭᠦᠯᠵᠦ᠂ ᠬᠤᠲᠠ ᠶᠢᠨ ᠳᠥᠷᠪᠡᠨ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨᠲᠤ ᠠᠶᠠᠯᠠᠯ ᠳᠤ ᠬᠤᠪᠢᠶᠠᠨ ᠡᠭᠦᠷᠭᠡᠯᠡᠬᠦ ᠨᠣᠷᠮ᠎ᠠ ᠶᠢ 40% ᠠᠴᠠ ᠳᠣᠤᠷ᠎ᠠ ᠪᠠᠶᠢᠯᠭᠠᠬᠤ ᠥᠬᠡᠶ᠂ ᠪᠣᠬᠢᠷᠲᠤᠯ ᠥᠬᠡᠶ ᠠᠶᠠᠯᠠᠯ ᠤᠨ ᠬᠠᠷᠢᠴᠠᠯ ᠢ 70% ᠳᠤ ᠬᠦᠷᠦᠭᠦᠯᠦᠨ᠎ᠡ᠃ ᠦᠷᠭᠡᠨ ᠬᠡᠷᠡᠭᠴᠡᠭᠡᠨ ᠤ ᠡᠳ᠋ ᠪᠠᠷᠠᠭ᠎ᠠ ᠪᠠ ᠳᠤᠮᠳᠠ ᠬᠤᠯᠠ ᠵᠠᠶ ᠶᠢᠨ ᠲᠡᠭᠡᠭᠡᠪᠦᠷᠢ ᠶᠢ ︽ᠵᠠᠰᠠᠮᠠᠯ ᠵᠠᠮ ᠠᠴᠠ ᠲᠡᠮᠦᠷ ᠵᠠᠮ︾ ᠪᠤᠯᠭᠠᠬᠤ ᠶᠢ ᠠᠬᠢᠭᠤᠯᠵᠤ᠂ ᠲᠡᠮᠦᠷ ᠵᠠᠮ ᠤᠨ ᠲᠤᠰᠬᠠᠶ ᠱᠤᠭᠤᠮ ᠲᠠᠢ ᠨᠡᠭᠦᠷᠡᠰᠦ᠂ ᠪᠣᠯᠣᠳ ᠲᠡᠮᠦᠷ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ᠂ ᠴᠠᠬᠢᠯᠭᠠᠨ ᠬᠦᠴᠦ᠂ ᠬᠡᠦᠷᠰᠢᠭᠦᠯᠬᠦ ᠵᠡᠷᠭᠡ ᠲᠣᠮᠣ ᠬᠡᠯᠪᠡᠷᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠦᠷᠭᠡᠨ ᠬᠡᠷᠡᠭᠴᠡᠭᠡᠨ ᠤ ᠡᠳ᠋ ᠪᠠᠷᠠᠭ᠎ᠠ ᠳᠤ ᠲᠡᠮᠦᠷ ᠵᠠᠮ ᠤᠨ ᠲᠡᠭᠡᠭᠡᠪᠦᠷᠢ ᠶᠢ ᠬᠡᠷᠡᠭᠵᠢᠭᠦᠯᠦᠨ᠎ᠡ᠃ ᠬᠥᠩᠭᠡᠨ ᠬᠡᠯᠪᠡᠷᠢ ᠶᠢᠨ ᠲᠡᠷᠭᠡ ᠪᠣᠯᠤᠨ ᠬᠦᠨᠳᠦ ᠬᠡᠯᠪᠡᠷᠢ ᠶᠢᠨ ᠲᠡᠷᠭᠡ ᠶᠢᠨ ᠤᠯᠤᠰ ᠤᠨⅥᠭᠠᠳᠠᠭᠰᠢᠯᠠᠭᠤᠯᠬᠤ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠴᠠᠶᠢᠶ᠋ᠢᠦ ᠲᠣᠰᠣᠨ ᠤ ᠮᠠᠰᠢᠨ ᠤ Ⅳᠳ᠋ᠤᠭᠡᠷ ᠱᠠᠲᠤᠨ ᠤ ᠭᠠᠳᠠᠭᠰᠢᠯᠠᠭᠤᠯᠬᠤ ᠪᠠᠷᠢᠮᠵᠢᠶ᠎ᠠ ᠶᠢ ᠬᠡᠷᠡᠭᠵᠢᠭᠦᠯᠦᠨ᠂ ᠬᠠᠷ᠎ᠠ ᠣᠲᠤᠭ᠎ᠠ ᠪᠠᠭᠠᠬᠢᠬᠤ ᠢᠨᠵᠧᠨᠧᠷᠢᠩ ᠤᠨ ᠮᠠᠰᠢᠨ ᠢ ᠦᠨᠳᠦᠰᠦᠨ ᠳᠡᠭᠡᠨ ᠠᠷᠢᠯᠭᠠᠵᠤ᠂ ᠬᠠᠭᠤᠴᠢᠷᠬᠠᠰᠠᠨ ᠲᠡᠷᠭᠡ ᠬᠥᠰᠬᠡ ᠶᠢ ᠤᠷᠢᠳᠴᠢᠯᠠᠨ ᠰᠢᠭᠰᠢᠭᠳᠡᠭᠦᠯᠵᠦ ᠰᠢᠨᠡᠳᠭᠡᠬᠦ ᠶᠢ ᠬᠦᠲᠦᠯᠦᠨ ᠵᠢᠯᠤᠭᠤᠳᠤᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠰᠠᠭᠤᠷᠢ ᠪᠡᠯᠡᠳᠬᠡᠮᠵᠢ ᠪᠠ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠡᠭᠡᠭᠡᠪᠦᠷᠢ ᠶᠢᠨ ᠬᠦᠴᠦᠨ ᠢ ᠨᠡᠶᠢᠳᠭᠡᠬᠦ᠂ ᠲᠡᠷᠭᠡ ᠪᠠᠷᠠᠭ᠎ᠠ ᠶᠢ ᠵᠤᠬᠢᠴᠠᠭᠤᠯᠬᠤ ᠵᠢᠴᠢ ᠬᠠᠩᠭᠠᠯᠭ᠎ᠠ ᠶᠢᠨ ᠬᠡᠯᠬᠢᠶ᠎ᠡ ᠬᠢᠭᠡᠳ ᠪᠠᠷᠠᠭᠠᠨ ᠤ ᠭᠦᠢᠯᠭᠡᠭᠡᠨ ᠤ ᠬᠡᠯᠬᠢᠶ᠎ᠡ ᠶᠢ ᠠᠭᠤᠰᠤᠯᠴᠠᠭᠤᠯᠬᠤ ᠶᠢ ᠴᠢᠩᠭᠠᠳᠬᠠᠵᠤ᠂ ᠪᠠᠷᠠᠭᠠᠨ ᠤ ᠲᠡᠭᠡᠭᠡᠪᠦᠷᠢ ᠶᠢ ᠵᠤᠬᠢᠶᠠᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶      ︵ᠲᠠᠪᠤ︶ ᠲᠠᠷᠢᠶᠠᠯᠠᠩ ᠮᠠᠯ ᠠᠵᠤ ᠠᠬᠤᠶ ᠶᠢᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ᠃  ᠲᠤᠰᠤ ᠠᠷᠪᠢᠯᠠᠬᠤ᠂ ᠣᠷᠴᠢᠨ ᠲᠤᠭᠤᠷᠢᠨ ᠢ ᠬᠠᠮᠠᠭᠠᠯᠠᠬᠤ ᠲᠠᠷᠢᠶᠠᠯᠠᠩ ᠤᠨ ᠮᠠᠰᠢᠨ ᠪᠠ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠡᠨᠧᠷᠭᠢ ᠠᠷᠪᠢᠯᠠᠬᠤ ᠲᠠᠷᠢᠶᠠᠯᠠᠩ ᠤᠨ ᠬᠦᠯᠡᠮᠵᠢ ᠪᠠ ᠪᠣᠬᠢᠷᠲᠤᠯ ᠦᠭᠡᠢ ᠬᠦᠳᠡᠭᠡ ᠶᠢᠨ ᠭᠡᠷ ᠪᠠᠶᠢᠰᠢᠩ ᠢ ᠬᠥᠭᠵᠢᠭᠦᠯᠵᠦ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠪᠠᠷᠢᠯᠭ᠎ᠠ᠂ ᠡᠯ᠎ᠡ ᠲᠦᠷᠦᠯ ᠤᠨ ᠵᠢᠱᠢᠶ᠎ᠡ ᠦᠵᠡᠭᠦᠯᠬᠦ ᠭᠠᠴᠠᠭ᠎ᠠ ᠪᠠᠯᠭᠠᠰᠤᠨ ᠤ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ  ᠲᠦᠷᠦᠯ ᠵᠦᠢᠯ ᠢ ᠬᠦᠲᠦᠯᠦᠨ ᠵᠢᠯᠤᠭᠤᠳᠴᠤ ᠡᠨᠧᠷᠭᠢ ᠠᠷᠪᠢᠯᠠᠬᠤ ᠵᠢᠴᠢ ᠪᠣᠬᠢᠷᠲᠤᠯ ᠦᠭᠡᠢ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠪᠤᠷᠳᠤᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠰᠦᠯᠢᠶᠣᠣ ᠪᠦᠷᠬᠦᠪᠴᠢ ᠶᠢ ᠬᠢᠵᠠᠭᠠᠷᠯᠠᠬᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠵᠡᠷᠭᠡ ᠪᠣᠬᠢᠷᠲᠤᠯ ᠦᠭᠡᠢ ᠮᠡᠷᠭᠡᠵᠢᠯ ᠢ ᠳᠡᠯᠭᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠪᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠣᠬᠢᠷᠲᠤᠯ ᠢ ᠵᠠᠰᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠨᠡᠯᠢᠶᠡᠳ ᠶᠡᠭᠡ ᠲᠠᠯᠠᠪᠠᠢ ᠲᠠᠢ ᠬᠥᠳᠡᠭᠡ ᠲᠣᠰᠬᠤᠨ ᠤ ᠪᠣᠬᠢᠷ ᠦᠮᠡᠬᠡᠶ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ 2025 ᠣᠨ ᠪᠣᠯᠬᠤ ᠳᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠣᠷᠮ᠎ᠠ ᠶᠢ 50% ᠣᠷᠴᠢᠮ ᠳᠤ ᠬᠦᠷᠦᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ︔ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ᠂ ᠨᠢᠭᠡᠳᠦᠯᠲᠡᠶ ᠰᠡᠷᠭᠡᠶᠢᠯᠡᠨ ᠨᠢᠭᠡᠲᠦᠯᠲᠡᠢ ᠵᠠᠰᠠᠬᠤ ᠪᠦᠷᠬᠦᠴᠡ ᠶᠢᠨ ᠨᠣᠷᠮ᠎ᠠ ᠶᠢ ᠲᠣᠰ ᠲᠣᠰ 55%᠂ 45% ᠳᠤ ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠵᠢᠷᠭᠤᠭ᠎ᠠ︶ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠢᠨᠵᠧᠨᠧᠷᠢᠩ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠨᠢᠭᠡᠨᠲᠡ ᠪᠠᠶᠢᠭ᠎ᠠ ᠪᠠᠷᠢᠯᠭ᠎ᠠ ᠶᠢ ᠬᠦᠷᠢᠶᠡᠯᠡᠨ ᠬᠠᠮᠠᠭᠠᠯᠠᠬᠤ ᠪᠦᠲᠦᠴᠡ᠂ ᠢᠯᠴᠢ ᠬᠠᠩᠭᠠᠬᠤ᠂ ᠬᠥᠯᠳᠡᠭᠡᠬᠦ᠂ ᠭᠡᠷᠡᠯᠲᠦᠭᠦᠯᠬᠦ᠂ ᠴᠠᠬᠢᠯᠭᠠᠨ ᠱᠠᠲᠤ ᠵᠡᠷᠭᠡ ᠶᠡᠷᠦᠩᠬᠡᠶᠢᠯᠡᠭᠰᠡᠨ ᠬᠡᠯᠪᠡᠷᠢ ᠶᠢᠨ ᠡᠨᠧᠷᠭᠢ ᠬᠡᠷᠡᠭᠯᠡᠬᠦ ᠰᠢᠰᠲ᠋ᠧᠮ ᠪᠠ ᠪᠡᠯᠡᠳᠭᠡᠮᠵᠢ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠦᠭᠡᠷᠡᠴᠢᠯᠡᠯᠲᠡ ᠶᠢ ᠲᠦᠷᠭᠡᠳᠭᠡᠵᠦ᠂ ᠡᠨᠧᠷᠭᠢ ᠠᠷᠪᠢᠯᠠᠬᠤ ᠰᠢᠨ᠎ᠡ ᠦᠢᠯᠡᠳᠬᠦᠨ ᠰᠢᠨ᠎ᠡ ᠮᠡᠷᠭᠡᠵᠢᠯ ᠢ ᠳᠡᠯᠭᠡᠷᠡᠭᠦᠯᠵᠦ ᠬᠡᠷᠡᠭᠯᠡᠨ᠎ᠡ᠃ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠦᠭᠰᠡᠨ ᠬᠡᠷᠡᠭ ᠤᠨ ᠵᠢᠱᠢᠶ᠎ᠡ ᠶᠢᠨ ᠤᠬᠠᠭᠤᠯᠭ᠎ᠠ ᠶᠢ ᠥᠷᠨᠢᠭᠦᠯᠵᠦ᠂ ᠡᠨᠧᠷᠭᠢ ᠶᠢᠨ ᠵᠠᠷᠤᠳᠠᠯ ᠢ ᠨᠠᠶᠢᠳᠠᠨ ᠬᠠᠮᠢᠶᠠᠷᠤᠭᠤᠯᠬᠤ ᠵᠡᠷᠭᠡ ᠭᠡᠷᠡᠲᠦ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠬᠦ ᠶᠢ ᠵᠣᠷᠢᠭᠵᠢᠭᠤᠯᠤᠨ᠂ ᠨᠡᠷᠡᠨ ᠡᠨᠧᠷᠭᠢ᠂ ᠰᠠᠯᠬᠢᠨ ᠡᠨᠧᠷᠭᠢ ᠵᠡᠷᠭᠡ ᠴᠡᠪᠡᠷ ᠡᠨᠧᠷᠭᠢ ᠶᠢ ᠳᠡᠯᠭᠡᠷᠡᠭᠦᠯᠦᠨ ᠬᠡᠷᠡᠭᠯᠡᠵᠦ᠂ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠤᠨ᠎ᠠ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠰᠢᠨ᠎ᠡ ᠪᠠᠷ ᠪᠠᠶᠢᠭᠤᠯᠬᠤ ᠲᠡᠷᠭᠡᠨ ᠵᠣᠭᠰᠣᠭᠠᠯ ᠳᠤ 30% ᠠᠴᠠ ᠳᠣᠤᠷ᠎ᠠ ᠥᠬᠡᠶ ᠬᠠᠷᠢᠴᠠᠯ ᠢᠶᠠᠷ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ ᠳᠣᠭᠢᠷᠠᠭᠤᠯᠤᠨ ᠪᠠᠶᠢᠭᠤᠯᠵᠤ᠂ ᠨᠢᠭᠡᠨᠲᠡ ᠪᠠᠶᠢᠭ᠎ᠠ ᠲᠡᠷᠭᠡᠨ ᠵᠣᠭᠰᠣᠭᠠᠯ ᠳᠤ 10% ᠠᠴᠠ ᠳᠣᠤᠷ᠎ᠠ ᠥᠬᠡᠶ ᠬᠠᠷᠢᠴᠠᠯ ᠢᠶᠠᠷ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ ᠳᠣᠭᠢᠷᠠᠭᠤᠯᠤᠨ ᠪᠠᠶᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ ᠨᠤᠷᠮ᠎ᠠ ᠶᠢᠨ ᠬᠠᠮᠢᠶᠠᠷᠤᠯᠲᠠ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠪᠣᠯᠤᠨ ᠡᠨᠧᠷᠭᠢ ᠶᠢᠨ ᠠᠰᠢᠭᠯᠠᠮᠵᠢ ᠶᠢᠨ ᠲᠠᠭᠠᠭᠤᠯᠤᠭᠴᠢ ᠶᠢ ᠡᠭᠦᠳᠦᠨ ᠪᠠᠶᠢᠭᠤᠯᠬᠤ ᠶᠢ ᠦᠷᠨᠢᠭᠦᠯᠵᠦ᠂ 2025 ᠣᠨ ᠪᠣᠯᠬᠤ ᠳᠤ᠂ ᠪᠦᠬᠦ ᠬᠤᠳᠠ ᠶᠢᠨ 80% ᠠᠴᠠ ᠳᠡᠭᠡᠭᠰᠢᠬᠢ ᠨᠠᠮ ᠵᠠᠰᠠᠭ ᠤᠨ ᠪᠠᠶᠢᠭᠤᠯᠭ᠎ᠠ ᠶᠢ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠪᠣᠯᠭᠠᠨ ᠪᠠᠶᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶      ︵ᠲᠤᠯᠤᠭ᠎ᠠ︶ ᠭᠤᠣᠯᠳᠠᠯᠭ᠎ᠠ ᠲᠠᠢ ᠣᠷᠣᠨ ᠪᠦᠰᠡ ᠶᠢᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠣᠷᠣᠨ ᠪᠦᠰᠡ ᠶᠢᠨ ᠨᠠᠮᠤᠷ ᠡᠪᠦᠯ ᠤᠨ ᠤᠯᠠᠷᠢᠯ ᠤᠨ ᠪᠤᠭᠤᠮᠲᠠ ᠰᠢᠪᠲᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠪᠦᠲᠦᠴᠡ ᠶᠢ ᠲᠣᠬᠢᠷᠠᠭᠤᠯᠬᠤ ᠪᠠ ᠪᠣᠬᠢᠷᠲᠤᠯ ᠢ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠳᠡᠭᠳᠡᠮᠡᠬᠡᠢ ᠴᠢᠨᠠᠷᠲᠠᠶ ᠣᠷᠭᠠᠨᠢᠭ ᠪᠣᠳᠠᠰ ᠪᠠ ᠠᠽᠣᠲ ᠤᠨ ᠢᠰᠦᠮᠡᠭ ᠢ ᠬᠠᠮᠵᠢᠯᠴᠠᠨ  ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠠᠬᠢᠭᠤᠯᠵᠤ᠂ ᠨᠠᠷᠢᠨ ᠮᠥᠬᠦᠯᠢᠭᠲᠦ ᠪᠣᠳᠠᠰ ᠪᠠ ᠣᠽᠣᠨ ᠢ ᠬᠠᠮᠵᠢᠯᠴᠠᠨ ᠡᠵᠡᠮᠳᠡᠬᠦ ᠶᠢ ᠴᠢᠩᠭᠠᠳᠬᠠᠵᠤ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ ᠂ ᠪᠣᠭᠤᠳᠠᠯ ᠳᠠᠷᠤᠮᠠᠯᠯᠠᠯ᠂ ᠠᠵᠤ ᠦᠢᠯᠡᠳᠪᠦᠷᠢ ᠶᠢᠨ ᠰᠢᠷ ᠪᠤᠳᠤᠭ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠲᠣᠭᠤᠷᠢᠨ ᠳᠤ᠂ ᠲᠣᠰ ᠭᠠᠵᠠᠷ ᠣᠷᠣᠨ ᠤ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠡᠵᠡᠮᠳᠡᠬᠦ ᠭᠤᠤᠯᠳᠠᠯᠭ᠎ᠠ ᠲᠠᠢ ᠠᠵᠢᠯ ᠲᠥᠷᠥᠯ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠠᠵᠤ ᠠᠬᠤᠶᠢᠯᠠᠯ ᠤᠨ ᠡᠬᠢ ᠡᠭᠦᠰᠦᠯ ᠠᠴᠠ ᠨᠢ ᠰᠣᠯᠢᠬᠤ᠂ ᠶᠠᠪᠤᠴᠠ ᠶᠢ ᠡᠵᠡᠮᠳᠡᠬᠦ ᠪᠠ ᠦᠵᠦᠭᠦᠷ ᠤᠨ ᠬᠡᠰᠡᠭ ᠲᠤ ᠵᠠᠰᠠᠬᠤ ᠪᠥᠬᠦ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠰᠢᠮᠳᠠᠭᠤᠯᠤᠨ᠎ᠠ᠃ ᠱᠦᠢᠨᠢ᠂ ᠬᠡᠦᠷᠰᠢᠭᠦᠯᠬᠦ ᠵᠡᠷᠭᠡ ᠠᠵᠢᠯ ᠲᠦᠷᠦᠯ ᠵᠢᠴᠢ ᠠᠵᠤ ᠦᠢᠯᠡᠳᠪᠦᠷᠢ ᠶᠢᠨ ᠭᠦᠸᠧᠯᠦ᠂ ᠨᠦᠬᠡᠨ ᠵᠤᠤᠬ᠎ᠠ ᠪᠠ ᠰᠢᠯᠵᠢᠮᠡᠯ ᠪᠤᠬᠢᠷᠲᠤᠯ ᠤᠨ ᠡᠬᠢ ᠡᠭᠦᠰᠦᠯ ᠢᠶᠠᠷ ᠭᠤᠣᠯᠳᠠᠯᠭ᠎ᠠ ᠪᠣᠯᠭᠠᠨ᠂ ᠦᠢᠯᠡᠳᠪᠦᠷᠢᠯᠡᠯ ᠤᠨ ᠲᠤᠨᠤᠭ ᠲᠥᠬᠦᠭᠡᠷᠦᠮᠵᠢ᠂ ᠠᠵᠤ ᠦᠢᠯᠡᠳᠪᠦᠷᠢ ᠪᠠ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠽᠣᠲ ᠤᠨ ᠢᠰᠦᠮᠡᠭ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ᠂ ᠬᠤᠲᠠ ᠪᠠᠯᠭᠠᠰᠤ ᠶᠢᠨ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠪᠠ ᠠᠵᠤ ᠦᠢᠯᠡᠳᠪᠦᠷᠢ᠂ ᠲᠠᠷᠢᠶᠠᠯᠠᠩ ᠤᠨ ᠣᠯᠠᠨ ᠡᠬᠢᠳᠤ᠂ ᠬᠦᠳᠡᠷ ᠤᠨ ᠰᠢᠭᠠᠷᠤ ᠶᠢᠨ ᠬᠥᠮᠥᠷᠭᠡ ᠵᠡᠷᠭᠡ ᠶᠢᠨ ᠪᠣᠬᠢᠷᠲᠤᠯ ᠢ ᠵᠠᠰᠠᠬᠤ ᠢᠨᠵᠧᠨᠧᠷᠢᠩ ᠢ ᠲᠦᠷᠭᠡᠳᠬᠡᠨ᠂ ᠤᠰᠤ ᠠᠷᠪᠢᠯᠠᠵᠤ ᠤᠰᠤ ᠡᠵᠡᠮᠳᠡᠬᠦ ᠬᠦᠨᠴᠡ ᠲᠠᠢ  ᠠᠵᠢᠯᠯᠠᠭᠠᠨ ᠢ ᠬᠡᠷᠡᠭᠵᠢᠭᠦᠯᠵᠦ᠂ ᠴᠢᠬᠤᠯᠠ ᠰᠠᠯᠪᠤᠷᠢ ᠤᠷᠤᠰᠬᠠᠯ ᠤᠨ ᠪᠣᠬᠢᠷᠲᠤᠯ ᠢ ᠵᠠᠰᠠᠬᠤ ᠶᠢ ᠴᠢᠩᠭᠠᠳᠬᠠᠨ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ  ᠠᠮᠠᠰᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ 2025 ᠣᠨ ᠪᠣᠯᠬᠤ ᠳᠤ᠂ ᠬᠠᠲᠤᠨ ᠭᠤᠤᠯ ᠤᠨ ᠭᠤᠤᠯ ᠤᠷᠤᠰᠬᠠᠯ ᠤᠨ ᠤᠰᠤᠨ ᠤ ᠴᠢᠨᠠᠷ ᠢ Ⅱᠲᠥᠷᠥᠯ ᠳᠤ ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶      ︵ᠨᠠᠢᠮᠠ︶ ᠨᠡᠭᠦᠷᠡᠰᠦ ᠶᠢ ᠠᠷᠢᠭᠤᠨ ᠴᠡᠪᠡᠷ ᠥᠨᠳᠥᠷ ᠦᠷ᠎ᠡ ᠪᠦᠲᠦᠮᠵᠢᠲᠡᠶ ᠠᠰᠢᠭᠯᠠᠬᠤ ᠢᠨᠵᠧᠨᠧᠷᠢᠩ᠃ ᠨᠡᠭᠦᠷᠡᠰᠦ ᠪᠠᠷ ᠭᠤᠣᠯ ᠪᠣᠯᠭᠠᠭᠰᠠᠨ ᠦᠨᠳᠦᠰᠦᠨ ᠪᠠᠶᠢᠳᠠᠯ ᠳᠤ ᠰᠠᠭᠤᠷᠢᠯᠠᠨ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠨᠡᠭᠦᠷᠡᠰᠦᠨ ᠤ ᠬᠡᠷᠡᠭᠯᠡᠭᠡᠨ ᠤ ᠨᠡᠮᠡᠭᠳᠡᠯ ᠢ ᠵᠦᠢ ᠵᠣᠬᠢᠰᠲᠠᠶ ᠬᠢᠵᠠᠭᠠᠷᠯᠠᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠰᠢᠨ᠎ᠡ ᠪᠠᠷ ᠪᠠᠶᠢᠭᠤᠯᠬᠤ ᠮᠠᠰᠢᠨ ᠴᠣᠭᠴᠠᠯᠠᠪᠤᠷᠢ ᠶᠢᠨ ᠨᠡᠭᠦᠷᠡᠰᠦᠨ ᠤ ᠬᠤᠷᠣᠭᠳᠠᠯ ᠤᠨ ᠪᠠᠷᠢᠮᠵᠢᠶ᠎ᠠ ᠶᠢ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠳᠤ ᠬᠦᠷᠭᠡᠵᠦ᠂ ᠤᠳᠤ ᠬᠡᠷᠡᠭᠯᠡᠵᠦ ᠪᠠᠶᠢᠭ᠎ᠠ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠶ ᠥᠭᠡᠷᠡᠴᠢᠯᠡᠯᠲᠡ ︽ᠭᠤᠷᠪᠠᠨ ᠥᠭᠡᠷᠡᠴᠢᠯᠡᠯᠲᠡ ᠬᠤᠯᠪᠣᠭᠠᠯᠠᠨ ᠬᠥᠳᠡᠯᠦᠯᠴᠡᠬᠦ︾ ᠶᠢ ᠳᠥᠯᠭᠢᠨ ᠠᠬᠢᠭᠤᠯᠵᠤ᠂ 2025 ᠣᠨ ᠪᠣᠯᠬᠤ ᠳᠤ᠂ ᠪᠥᠬᠦ ᠬᠤᠲᠠ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 500 ᠲᠦᠮᠡᠨ ᠺᠢᠯᠣᠸᠠᠲ᠂ ᠠᠮᠢᠳᠤᠯᠢᠭ ᠴᠢᠨᠠᠷᠲᠠᠶ ᠥᠭᠡᠷᠡᠴᠢᠯᠡᠯᠲᠡ ᠶᠢ 1176 ᠲᠦᠮᠡᠨ ᠺᠢᠯᠣᠸᠠᠲ ᠪᠡᠶᠡᠯᠡᠭᠦᠯᠦᠨ᠎ᠡ᠃ ᠴᠡᠪᠡᠷ ᠳᠤᠯᠠᠭᠠᠯᠠᠭ᠎ᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠳ᠋ᠠ ᠲᠠᠩ ᠤᠨ ᠲᠣᠭᠲᠠᠬᠤ ᠰᠢᠶᠠᠨ ᠤ ᠴᠠᠬᠢᠯᠭᠠᠨ ᠤ ᠦᠢᠯᠡᠳᠪᠦᠷᠢ ᠶᠢᠨ ᠢᠯᠴᠢ ᠶᠢ ᠤᠷᠲᠤ ᠬᠤᠭᠤᠯᠠᠢ ᠪᠠᠷ ᠬᠦᠬᠡᠬᠤᠲᠠ ᠳᠤ ᠣᠷᠣᠭᠤᠯᠬᠤ᠂ ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠢᠯᠴᠢ ᠶᠢ ᠲᠠᠲᠠᠵᠤ ᠬᠥᠬᠡᠬᠤᠲᠠ ᠳᠤ ᠣᠷᠣᠭᠤᠯᠬᠤ ᠵᠡᠷᠭᠡ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠵᠦ᠂ ᠪᠣᠬᠢᠷᠲᠤᠯ ᠶᠡᠬᠡᠲᠡᠶ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠳᠤᠯᠠᠭᠠᠯᠠᠭ᠎ᠠ ᠳᠤ ᠨᠡᠭᠦᠷᠡᠰᠦ ᠬᠡᠷᠡᠭᠯᠡᠬᠦ ᠶᠢ ︽ᠠᠷᠢᠯᠠᠭᠠᠬᠤ︾ ᠠᠵᠢᠯᠯᠠᠭ᠎ᠠ ᠶᠢ ᠥᠷᠨᠢᠭᠦᠯᠵᠦ᠂ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠬᠤᠲᠠ ᠶᠢᠨ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠤᠨ᠎ᠠ᠃ ᠪᠠᠶᠢᠭᠠᠯᠢ ᠶᠢᠨ ᠰᠢᠲᠠᠮᠠᠬᠠᠶ ᠬᠡᠶ ᠶᠢᠨ ᠬᠡᠷᠡᠭᠯᠡᠭᠡ ᠶᠢ ᠲᠣᠭᠲᠠᠭᠤᠨ ᠢᠶᠠᠷ ᠠᠬᠢᠭᠤᠯᠵᠤ᠂ ᠬᠤᠰᠢᠭᠤ ᠰᠢᠶᠠᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠯᠪᠤᠷᠢ ᠱᠤᠭᠤᠮ ᠤᠨ ᠢᠨᠵᠧᠨᠧᠷᠢᠩ ᠢ ᠬᠡᠷᠡᠭᠵᠢᠭᠦᠯᠦᠨ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ︽ᠱᠠᠨᠰᠢ ᠪᠡᠭᠡᠵᠢᠩ ᠤᠨ ᠳᠥᠷᠪᠡᠳᠦᠭᠡᠷ ᠱᠤᠭᠤᠮ︾ ︽ᠳ᠋ᠠ ᠯᠦ ᠬᠤᠷᠢᠨᠬᠡᠷ ᠤᠨ ᠱᠤᠭᠤᠮ︾ ᠤᠨ ᠰᠢᠲᠠᠮᠠᠬᠠᠶ ᠬᠡᠶ ᠶᠢ ᠬᠥᠬᠡᠬᠤᠲᠠ ᠳᠤ ᠣᠷᠣᠭᠤᠯᠬᠤ ᠢᠨᠵᠧᠨᠧᠷᠢᠩ ᠢ ᠠᠬᠢᠭᠤᠯᠵᠤ᠂ ᠣᠯᠠᠨ ᠰᠢᠲᠠᠮᠠᠬᠠᠶ ᠬᠡᠶ ᠶᠢᠨ ᠢᠷᠡᠯᠲᠡ ᠲᠠᠢ ᠬᠠᠩᠭᠠᠯᠭ᠎ᠠ ᠶᠢᠨ ᠪᠠᠶᠢᠷᠢᠰᠢᠯ ᠢ ᠪᠠᠶᠢᠭᠤᠯᠤᠨ᠎ᠠ᠃ 2025 ᠣᠨ ᠪᠣᠯᠬᠤ ᠳᠤ᠂ ᠪᠥᠬᠦ ᠬᠤᠲᠠ ᠶᠢᠨ ᠨᠡᠭᠦᠷᠡᠰᠦᠨ ᠤ ᠬᠡᠷᠡᠭᠯᠡᠭᠡᠨ ᠤ ᠬᠤᠪᠢ ᠶᠢᠨ ᠵᠢᠩ ᠢ 75% ᠣᠷᠴᠢᠮ ᠪᠣᠯᠲᠠᠯ᠎ᠠ ᠪᠠᠭᠤᠷᠠᠭᠤᠯᠵᠤ᠂ ᠴᠢᠯᠠᠭᠤᠵᠢᠮᠠᠯ ᠤᠨ ᠪᠤᠰᠤ ᠡᠨᠧᠷᠭᠢ ᠶᠢᠨ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠢ 18% ᠳᠤ ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠶᠢᠰᠦ︶ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ᠃ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ᠂ ᠪᠣᠳᠣᠵᠤ ᠲᠦᠷᠬᠢᠵᠦ ᠤᠭᠰᠠᠷᠠᠬᠤ᠂ ᠡᠮ ᠡᠮᠨᠡᠯᠭᠡ᠂ ᠪᠣᠭᠤᠳᠠᠯᠯᠠᠵᠤ ᠳᠠᠷᠤᠮᠠᠯᠯᠠᠬᠤ ᠪᠠ ᠲᠣᠰᠣᠨ ᠤ ᠵᠦᠢᠯ ᠢ ᠬᠠᠳᠠᠭᠠᠯᠠᠵᠤ ᠲᠡᠭᠡᠭᠡᠪᠦᠷᠢᠯᠡᠨ ᠪᠣᠷᠣᠯᠠᠭᠤᠯᠬᠤ ᠵᠡᠷᠭᠡ ᠠᠵᠢᠯ ᠲᠥᠷᠥᠯ ᠤᠨ ᠬᠦᠷᠢᠶ᠎ᠡ ᠴᠠᠷᠠᠭ᠎ᠠ ᠪᠠᠷ ᠭᠤᠤᠯᠳᠠᠯᠭ᠎ᠠ ᠪᠣᠯᠭᠠᠵᠤ᠂ ᠳᠡᠭᠳᠡᠮᠡᠬᠡᠶ ᠴᠢᠨᠠᠷ ᠢᠶᠠᠷ ᠳᠣᠤᠷ᠎ᠠ ᠣᠷᠭᠠᠨᠢᠭ ᠪᠣᠳᠠᠰ ᠤᠨ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠪᠠ ᠦᠢᠯᠡᠳᠬᠦᠨ ᠤ ᠡᠬᠢ ᠡᠭᠦᠰᠦᠯ ᠤᠨ ᠣᠷᠣᠯᠠᠭᠤᠯᠤᠯᠲᠠ ᠶᠢ ᠨᠡᠮᠡᠭᠳᠡᠭᠦᠯᠦᠨ᠂ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠬᠤ ᠨᠣᠷᠮ᠎ᠠ᠂ ᠵᠠᠰᠠᠬᠤ ᠪᠡᠯᠡᠳᠬᠡᠮᠵᠢ ᠶᠢ ᠵᠡᠷᠭᠡ ᠳᠤᠨᠢ ᠠᠵᠢᠯᠯᠠᠭᠤᠯᠬᠤ ᠨᠣᠷᠮ᠎ᠠ ᠪᠠ ᠲᠠᠶᠠᠭᠳᠠᠬᠤ ᠨᠣᠷᠮ᠎ᠠ ᠶᠢ ᠳᠡᠭᠡᠭᠰᠢᠯᠡᠭᠦᠯᠵᠦ᠂ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃ ᠵᠣᠬᠢᠶᠠᠨ ᠪᠠᠶᠢᠭᠤᠯᠤᠯᠲᠠ ᠥᠬᠡᠶ ᠪᠠᠷ ᠭᠠᠳᠠᠭᠰᠢᠯᠠᠭᠤᠯᠬᠤ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠠᠮᠠᠷᠬᠠᠨ ᠳᠡᠭᠳᠡᠳᠡᠭ ᠣᠷᠭᠠᠨᠢᠭ ᠰᠢᠩᠭᠡᠨ ᠪᠡᠶᠡᠲᠦ ᠬᠠᠳᠠᠭᠠᠯᠠᠬᠤ ᠰᠠᠪᠠ ᠶᠢ ᠦᠭᠡᠷᠡᠴᠢᠯᠡᠵᠦ᠂ ᠬᠥᠪᠦᠮᠡᠯ ᠳᠡᠭᠡᠪᠦᠷ ᠲᠠᠢ ᠰᠠᠪᠠ ᠳᠤ ᠰᠢᠩᠭᠡᠨ ᠪᠡᠶ᠎ᠡ ᠳᠤ ᠪᠦᠷᠢᠨ ᠬᠦᠷᠦᠯᠴᠡᠬᠦ ᠲᠠᠪᠠᠭ ᠪᠠ ᠥᠨᠳᠥᠷ ᠪᠦᠲᠦᠮᠵᠢᠲᠡᠶ ᠳᠠᠪᠬᠤᠷ ᠪᠢᠲᠡᠭᠦᠮᠵᠢᠯᠡᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠬᠠᠶᠠᠭᠳᠠᠮᠠᠯ ᠤᠰᠤᠨ ᠤ ᠰᠢᠰᠲ᠋ᠧᠮ᠂ ᠥᠨᠳᠥᠷ ᠥᠳᠬᠡᠴᠡ ᠲᠠᠢ ᠬᠠᠶᠠᠭᠳᠠᠮᠠᠯ ᠬᠡᠶ ᠶᠢ ᠲᠤᠰᠠᠭᠠᠷ ᠬᠤᠷᠢᠶᠠᠨ ᠴᠤᠭᠯᠠᠭᠤᠯᠵᠤ ᠰᠢᠢᠳᠪᠦᠷᠢᠯᠡᠨ᠎ᠡ᠃ ᠳᠡᠭᠳᠡᠮᠡᠬᠡᠶ ᠴᠢᠨᠠᠷᠲᠠᠶ ᠣᠷᠭᠠᠨᠢᠭ ᠰᠢᠩᠭᠡᠨ ᠪᠡᠶᠡᠲᠦ ᠬᠠᠳᠠᠭᠠᠯᠠᠬᠤ ᠰᠠᠪᠠ᠂ ᠠᠴᠢᠶᠠᠯᠠᠵᠤ ᠪᠠᠭᠤᠯᠭᠠᠬᠤ᠂ ᠰᠢᠩᠭᠡᠨ ᠤ ᠭᠠᠳᠠᠷᠭᠤ ᠶᠢ ᠨᠡᠭᠡᠭᠡᠬᠦ᠂ ᠯᠡᠪᠡᠷᠡᠬᠦ ᠶᠢ ᠪᠠᠶᠢᠴᠠᠭᠠᠨ ᠬᠡᠮᠵᠢᠬᠦ ᠪᠠ ᠰᠡᠯᠪᠢᠨ ᠵᠠᠰᠠᠬᠤ᠂ ᠬᠠᠶᠠᠭᠳᠠᠮᠠᠯ ᠬᠡᠶ ᠶᠢ ᠴᠤᠭᠯᠠᠭᠤᠯᠬᠤ᠂ ᠬᠠᠶᠠᠭᠳᠠᠮᠠᠯ ᠬᠠᠵᠠᠭᠤ ᠵᠠᠮ᠂ ᠵᠠᠰᠠᠬᠤ ᠪᠡᠯᠡᠳᠭᠡᠮᠵᠢ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ︽ᠨᠢᠭᠡ ᠦᠢᠯᠡᠳᠪᠦᠷᠢ ᠳᠤ ᠨᠢᠭᠡ ᠠᠷᠭ᠎ᠠ ᠪᠤᠳᠤᠯᠭ᠎ᠠ︾ ᠪᠠᠷ ᠪᠠᠷᠢᠮᠵᠢᠶ᠎ᠠ ᠳᠤ ᠬᠦᠷᠭᠡᠬᠦ ᠲᠥᠰᠦᠯ ᠢ ᠲᠤᠭᠲᠠᠭᠠᠨ᠎ᠠ᠃ ᠠᠵᠢᠯ ᠡᠬᠢᠯᠡᠭᠦᠯᠬᠦ ᠵᠣᠭᠰᠣᠭᠠᠬᠤ ᠪᠠ ᠪᠠᠶᠢᠴᠠᠭᠠᠨ ᠵᠠᠰᠠᠬᠤ ᠰᠡᠯᠪᠢᠨ ᠵᠠᠰᠠᠬᠤ ᠬᠤᠭᠤᠴᠠᠭ᠎ᠠ ᠵᠡᠷᠭᠡ ᠬᠡᠪ ᠤᠨ ᠪᠤᠰᠤ ᠠᠵᠢᠯ ᠤᠨ ᠪᠠᠶᠢᠳᠠᠯ ᠠᠴᠠ ᠡᠭᠦᠰᠦᠭᠰᠡᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢ ᠡᠵᠡᠮᠳᠡᠬᠦ ᠶᠢ ᠴᠢᠩᠭᠠᠳᠬᠠᠵᠤ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠬᠠᠶᠠᠭᠳᠠᠮᠠᠯ ᠬᠡᠶ ᠶᠢᠨ ᠬᠠᠵᠠᠭᠤ ᠵᠠᠮ ᠳᠤ ᠬᠤᠯᠪᠣᠭᠳᠠᠭᠰᠠᠨ ᠬᠢᠨᠠᠨ ᠬᠠᠮᠢᠶᠠᠷᠤᠯᠲᠠ ᠵᠢᠭᠰᠠᠭᠠᠨ ᠪᠠᠶᠢᠴᠠᠭᠠᠯᠲᠠ ᠶᠢ ᠬᠡᠷᠡᠭᠵᠢᠭᠦᠯᠦᠨ᠎ᠡ ᠃ 2025 ᠣᠨ ᠪᠣᠯᠬᠤ ᠳᠤ᠂ ᠠᠭᠤᠰᠬᠠᠭᠴᠢ ᠬᠡᠯᠪᠡᠷᠢ ᠶᠢᠨ ᠠᠵᠤ ᠦᠢᠯᠡᠳᠪᠦᠷᠢ ᠶᠢᠨ ᠰᠢᠷ ᠪᠤᠳᠤᠭ᠂ ᠲᠣᠰᠣᠨ ᠪᠡᠭᠡ ᠶᠢ ᠬᠡᠷᠡᠭᠯᠡᠬᠦ ᠬᠠᠷᠢᠴᠠᠯ ᠢ ᠲᠣᠰ ᠲᠣᠰ 20%᠂ 10% ᠪᠠᠷ ᠪᠠᠭᠤᠷᠠᠭᠤᠯᠵᠤ᠂ ᠠᠭᠤᠰᠬᠠᠭᠴᠢ ᠬᠡᠯᠪᠡᠷᠢ ᠶᠢᠨ ᠨᠠᠭᠠᠯᠳᠤᠭᠤᠯᠤᠭᠴᠢ ᠡᠳ᠋ ᠢ ᠬᠡᠷᠡᠭᠯᠡᠬᠦ ᠬᠡᠮᠵᠢᠶ᠎ᠡ ᠶᠢ 20% ᠪᠠᠷ ᠪᠠᠭᠤᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶      ︵ᠠᠷᠪᠠ︶ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ᠃ ᠬᠤᠲᠠ ᠪᠠᠯᠭᠠᠰᠤ ᠶᠢᠨ ᠤᠰᠤ ᠵᠠᠯᠠᠬᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠯᠢᠯᠳᠤᠭᠤᠯᠤᠨ ᠵᠠᠯᠭᠠᠭᠰᠠᠨ᠂ ᠣᠷᠬᠢᠭᠳᠠᠭᠤᠯᠤᠨ ᠵᠠᠯᠭᠠᠭᠰᠠᠨ᠂ ᠬᠠᠭᠤᠴᠢᠷᠠᠵᠤ ᠡᠪᠳᠡᠷᠡᠭᠰᠡᠨ ᠬᠤᠭᠤᠯᠠᠶ ᠶᠢᠨ ᠲᠣᠤᠷ ᠢ ᠰᠢᠨᠡᠳᠬᠡᠨ  ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ ᠪᠣᠷᠣᠭᠠᠨ ᠤ ᠤᠰᠤ ᠪᠠ ᠪᠤᠬᠢᠷ ᠤᠰᠤ ᠶᠢ ᠰᠠᠯᠭᠠᠬᠤ ᠦᠭᠡᠷᠡᠴᠢᠯᠡᠯᠲᠡ ᠶᠢ ᠠᠬᠢᠭᠤᠯᠵᠤ᠂ ᠪᠣᠬᠢᠷ ᠰᠢᠪᠠᠷ ᠢ ᠰᠢᠢᠳᠪᠦᠷᠢᠯᠡᠬᠦ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠤᠯᠤᠰ ᠤᠨ ᠬᠠᠶᠢᠮᠢᠶᠠᠨ ᠬᠤᠲᠠ ᠶᠢ ᠴᠢᠷᠮᠠᠶᠢᠨ ᠪᠠᠶᠢᠭᠤᠯᠤᠨ᠎ᠠ᠃ 2025 ᠣᠨ ᠪᠣᠯᠬᠤ ᠳᠤ᠂ ᠬᠤᠲᠠ ᠶᠢᠨ ᠪᠣᠬᠢᠷ ᠰᠢᠪᠠᠷ ᠢ ᠰᠢᠢᠳᠪᠦᠷᠢᠯᠡᠬᠦ ᠴᠢᠳᠠᠪᠤᠷᠢ ᠶᠢ ᠡᠳᠦᠷ ᠪᠦᠷᠢ 800 ᠲᠣᠨ ᠣᠷᠴᠢᠮ ᠳᠤ ᠬᠦᠷᠦᠭᠦᠯᠦᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠡᠮᠵᠢᠶ᠎ᠡ ᠶᠢ ᠪᠠᠭᠠᠰᠬᠠᠬᠤ᠂ ᠬᠤᠣᠷ ᠦᠭᠡᠶᠢᠳᠡᠭᠦᠯᠬᠦ᠂ ᠡᠬᠢ ᠪᠠᠶᠠᠯᠢᠭᠵᠢᠭᠤᠯᠬᠤ ᠪᠠ ᠲᠠᠬᠢᠨ ᠠᠰᠢᠭᠯᠠᠬᠤ ᠶᠢ ᠲᠦᠯᠬᠢᠨ ᠠᠬᠢᠭᠤᠯᠵᠤ᠂ ᠨᠡᠭᠦᠷᠡᠰᠦᠨ ᠴᠢᠯᠠᠭᠤ᠂ ᠨᠤᠨᠲᠠᠭ ᠨᠡᠭᠦᠷᠡᠰᠦᠨ ᠤ ᠦᠨᠡᠰᠦ᠂ ᠬᠦᠬᠦᠷ ᠥᠬᠡᠶᠢᠳᠡᠭᠦᠯᠦᠭᠰᠡᠨ ᠵᠤᠭᠠᠩ᠂ ᠵᠤᠤᠬᠠᠨ ᠤ ᠰᠢᠭᠠᠷᠤ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠱᠦᠢᠨᠢ ᠶᠢᠨ ᠬᠤᠯᠢᠮᠠᠭ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ᠂ ᠬᠥᠷᠥᠰᠥ ᠰᠢᠷᠣᠶ ᠶᠢ ᠰᠠᠶᠢᠵᠢᠷᠠᠭᠤᠯᠬᠤ ᠡᠳ᠋ ᠵᠡᠷᠭᠡ ᠬᠦᠷᠢᠶᠡᠨ ᠳᠤ ᠬᠡᠷᠡᠭᠯᠡᠬᠦ ᠶᠢ ᠵᠣᠷᠢᠭᠵᠢᠭᠤᠯᠤᠨ᠎ᠠ᠃ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ ᠳᠠᠬᠢᠨ ᠡᠭᠦᠰᠬᠦ ᠶᠠᠰᠤᠨ ᠮᠠᠲ᠋ᠧᠷᠢᠶᠠᠯ᠂ ᠪᠦᠲᠦᠭᠡᠭᠳᠡᠬᠦᠨ ᠵᠡᠷᠭᠡ ᠶᠢ ᠪᠠᠷᠢᠯᠭ᠎ᠠ ᠶᠢᠨ ᠠᠵᠢᠯ ᠪᠠ ᠵᠠᠮ ᠤᠨ ᠪᠠᠷᠢᠯᠭ᠎ᠠ ᠳᠤ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠶᠡᠷᠦᠩᠬᠡᠶᠢᠯᠡᠨ ᠠᠰᠢᠭᠯᠠᠬᠤ ᠨᠢᠷᠤᠭᠤᠪᠴᠢ ᠠᠵᠤ ᠠᠬᠤᠶᠢᠯᠠᠯ ᠢ ᠪᠤᠶᠢᠵᠢᠭᠤᠯᠤᠨ᠂ ᠲᠣᠭᠲᠠᠬᠤ ᠰᠢᠶᠠᠨ ᠤ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠤᠷᠢᠨᠭᠡᠷ ᠰᠢᠶᠠᠨ ᠤ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠲᠥᠪᠯᠡᠷᠡᠭᠰᠡᠨ ᠣᠷᠣᠨ ᠢ ᠪᠥᠲᠥᠭᠡᠨ ᠪᠠᠶᠢᠭᠤᠯᠵᠤ᠂ ᠴᠢᠩ ᠱᠦᠶ ᠾᠧ ᠰᠢᠶᠠᠨ ᠤ ᠤᠯᠤᠰ ᠤᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠲᠥᠷᠥᠯ ᠬᠤᠪᠢᠶᠠᠨ ᠬᠠᠶᠠᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠢ ᠪᠦᠷᠢᠨᠰᠢᠬᠦᠯᠵᠦ᠂ ᠬᠤᠭᠤᠯᠠᠨ ᠬᠡᠷ ᠲᠣᠭᠤᠭᠠᠨ ᠬᠡᠷ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠂ ᠲᠥᠪᠯᠡᠷᠡᠩᠭᠦᠶ ᠮᠠᠶ᠋ᠢᠭ ᠪᠠ ᠲᠠᠷᠬᠠᠮᠠᠯ ᠮᠠᠶ᠋ᠢᠭ ᠢ ᠬᠠᠷᠢᠯᠴᠠᠨ ᠤᠶᠠᠯᠳᠤᠭᠤᠯᠤᠭᠰᠠᠨ ᠲᠣᠭᠤᠭᠠᠨ ᠬᠡᠷ ᠤᠨ ᠬᠤᠭ ᠨᠣᠪᠰᠢ ᠶᠢ ᠰᠢᠢᠳᠪᠦᠷᠢᠯᠡᠬᠦ ᠪᠠᠶᠢᠷᠢᠯᠠᠭᠤᠯᠤᠯᠲᠠ ᠶᠢ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ 2023 ᠣᠨ ᠪᠣᠯᠬᠤ ᠳᠤ ᠬᠤᠲᠠ ᠶᠢᠨ ᠠᠮᠢᠳᠤᠷᠠᠯ ᠤᠨ ᠤᠭ ᠡᠬᠢ ᠬᠤᠭ ᠨᠣᠪᠰᠢ ᠶᠢ ︽ᠪᠤᠯᠠᠬᠤ ᠥᠬᠡᠶ︾ ᠪᠤᠯᠭᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶      ᠭᠤᠷᠪᠠ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠲᠦᠷᠦ ᠶᠢᠨ ᠪᠣᠳᠣᠯᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ      ︵ᠨᠢᠭᠡ︶ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠳᠦᠷᠢᠮ ᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠨᠧᠷᠭᠢ ᠶᠢᠨ  ᠬᠤᠷᠤᠭᠳᠠᠯ ᠤᠨ ᠬᠦᠴᠦᠯᠡᠴᠡ ᠶᠢᠨ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠬᠠᠷᠢᠮᠠᠬᠠᠢ ᠴᠢᠨᠠᠷᠲᠠᠢ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠲᠥᠷᠥ ᠶᠢᠨ ᠪᠣᠳᠤᠯᠭ᠎ᠠ ᠶᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠡᠭᠦᠷᠭᠡ ᠯᠦᠭᠡ ᠵᠣᠯᠭᠠᠯᠳᠤᠭᠤᠯᠬᠤ ᠶᠢ ᠴᠢᠩᠭᠠᠳᠬᠠᠨ᠎ᠠ᠃ ᠡᠨᠧᠷᠭᠢ ᠶᠢᠨ ᠬᠦᠴᠦᠨ ᠵᠦᠢᠯ ᠤᠨ ᠵᠦᠢ ᠵᠣᠬᠢᠰᠲᠠᠢ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢ ᠦᠨᠳᠦᠰᠦᠯᠡᠨ᠂ ᠡᠯ᠎ᠡ ᠭᠠᠵᠠᠷ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠦᠴᠦᠯᠡᠴᠡ ᠶᠢᠨ ᠬᠠᠷᠠᠯᠲᠠ ᠡᠭᠦᠷᠭᠡ ᠶᠢ ᠵᠦᠢ ᠵᠣᠬᠢᠰᠲᠠᠢ ᠰᠠᠯᠭᠠᠵᠤ ᠪᠠᠭᠤᠯᠭᠠᠨ᠎ᠠ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠᠷ ᠵᠢᠱᠢᠭᠰᠡᠨ ᠴᠢᠨᠠᠷᠲᠠᠢ ᠭᠦᠢᠴᠡᠳᠬᠡᠯ ᠲᠤᠭ᠎ᠠ ᠪᠣᠯᠭᠠᠵᠤ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠵᠢᠱᠢᠭᠰᠡᠨ ᠬᠠᠷᠠᠯᠲᠠ ᠠᠴᠠ ᠳᠠᠪᠠᠭᠰᠠᠨ ᠭᠠᠵᠠᠷ ᠣᠷᠣᠨ ᠨᠤᠭᠤᠳ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠬᠠᠷᠠᠯᠲᠠ ᠳᠤ ᠪᠠᠨ ᠵᠣᠬᠢᠴᠠᠩᠭᠤᠢ ᠲᠣᠬᠢᠷᠠᠭᠤᠯᠤᠯᠲᠠ ᠬᠢᠵᠦ ᠪᠣᠯᠣᠨ᠎ᠠ᠃ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠤᠷᠮᠠᠰᠢᠭᠤᠯᠬᠤ ᠬᠠᠷᠠᠯᠲᠠ ᠶᠢ ᠪᠡᠶᠡᠯᠡᠭᠦᠯᠦᠭᠰᠡᠨ ᠭᠠᠵᠠᠷ ᠣᠷᠣᠨ ᠢ ᠡᠨᠧᠷᠭᠢ ᠶᠢᠨ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠬᠢᠨᠠᠨ ᠰᠢᠯᠭᠠᠬᠤ ᠠᠴᠠ ᠬᠡᠯᠲᠦᠷᠢᠭᠦᠯᠦᠨ᠎ᠡ᠃ ᠡᠯ᠎ᠡ ᠭᠠᠵᠠᠷ ᠣᠷᠣᠨ ᠤ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠬᠦᠴᠦᠨ ᠤ ᠬᠡᠷᠡᠭᠯᠡᠭᠡᠨ ᠤ ᠬᠡᠮᠵᠢᠶ᠎ᠡ ᠶᠢ ᠡᠨᠧᠷᠭᠢ ᠶᠢᠨ ᠬᠤᠷᠤᠭᠳᠠᠯ ᠤᠨ ᠶᠡᠷᠦᠩᠬᠡᠢ ᠬᠡᠮᠵᠢᠶ᠎ᠡ ᠶᠢᠨ ᠬᠢᠨᠠᠨ ᠰᠢᠯᠭᠠᠯᠲᠠ ᠳᠤ ᠣᠷᠣᠭᠤᠯᠬᠤ ᠦᠭᠡᠢ᠂ ᠲᠦᠭᠦᠬᠡᠢ ᠮᠠᠲ᠋ᠧᠷᠢᠶᠠᠯ ᠢᠶᠠᠷ ᠬᠡᠷᠡᠭᠯᠡᠬᠦ ᠡᠨᠧᠷᠭᠢ ᠶᠢ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠ ᠶᠡᠷᠦᠩᠬᠡᠢ ᠬᠡᠮᠵᠢᠶ᠎ᠡ ᠶᠢᠨ ᠬᠤᠣᠰ ᠡᠵᠡᠮᠳᠡᠯ ᠤᠨ ᠬᠢᠨᠠᠨ ᠰᠢᠯᠭᠠᠯᠲᠠ ᠳᠤ ᠣᠷᠣᠭᠤᠯᠬᠤ ᠦᠭᠡᠢ᠂ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠨᠡᠶᠢᠴᠡᠬᠦ ᠭᠤᠣᠯᠳᠠᠯᠭ᠎ᠠ ᠲᠠᠢ ᠲᠥᠷᠥᠯ ᠵᠦᠢᠯ ᠳᠤ ᠡᠨᠧᠷᠭᠢ ᠶᠢᠨ ᠬᠤᠷᠤᠭᠳᠠᠯ ᠤᠨ ᠭᠦᠢᠴᠡᠳᠬᠡᠯ ᠲᠤᠭ᠎ᠠ ᠶᠢᠨ ᠲᠤᠰᠬᠠᠢ ᠵᠢᠭᠰᠠᠭᠠᠯᠲᠠ ᠭᠠᠷᠭᠠᠵᠤ ᠥᠭᠬᠦ ᠪᠠᠷ ᠢᠳᠡᠪᠬᠢᠲᠡᠢ ᠭᠤᠶᠤᠴᠢᠯᠠᠵᠤ᠂ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠡᠪ ᠳᠠᠭᠤᠷᠢᠶᠠᠯ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠳᠣᠣᠷ᠎ᠠ ᠬᠦᠴᠦᠯᠡᠴᠡ ᠲᠠᠢ ᠴᠢᠨᠠᠷ ᠰᠠᠶᠢᠲᠠᠢ ᠲᠦᠷᠦᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠵᠦᠢ ᠵᠣᠬᠢᠰᠲᠠᠢ ᠪᠠᠲᠤᠯᠠᠵᠤ᠂ ᠥᠨᠳᠥᠷ ᠬᠦᠴᠦᠯᠡᠴᠡ ᠲᠠᠢ ᠲᠦᠷᠦᠯ ᠵᠦᠢᠯ ᠤᠨ ᠨᠥᠯᠥᠭᠡ ᠶᠢ ᠪᠦᠲᠦᠮᠵᠢᠲᠡᠶ ᠠᠷᠢᠯᠭᠠᠨ᠎ᠠ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠢᠨᠠᠨ ᠰᠢᠯᠭᠠᠬᠤ ᠤᠳᠠᠭ᠎ᠠ ᠳᠠᠪᠳᠠᠮᠵᠢ ᠶᠢ ᠰᠢᠯᠢᠳᠡᠭᠵᠢᠭᠦᠯᠵᠦ᠂ ︽ᠣᠨ ᠤ ᠦᠨᠡᠯᠡᠯᠲᠡ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ᠂ ᠲᠠᠪᠤᠨ ᠵᠢᠯ ᠤᠨ ᠬᠢᠨᠠᠨ ᠰᠢᠯᠭᠠᠯᠲᠠ︾ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠠᠷᠠᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠨᠢᠭᠡᠳᠦᠯᠲᠡᠢ ᠲᠥᠯᠥᠪᠯᠡᠨ ᠬᠢᠨᠠᠨ ᠰᠢᠯᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ      ︵ᠬᠤᠶᠠᠷ︶ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠪᠦᠷᠢᠨᠰᠢᠭᠦᠯᠦᠨ᠎ᠡ᠃ ᠨᠠᠷᠢᠯᠢᠭ ᠣᠨᠣᠴᠠᠲᠠᠢ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠪᠣᠬᠢᠷᠲᠤᠯ ᠦᠭᠡᠢ ᠪᠠᠭ᠎ᠠ ᠨᠡᠭᠦᠷᠡᠰᠦᠳᠦ᠋ᠷᠦᠭᠴᠢᠲᠦ ᠬᠥᠭᠵᠢᠯᠲᠡ ᠶᠢ ᠲᠦᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠯᠬᠢᠨ ᠠᠬᠢᠭᠤᠯᠬᠤ᠂ ᠣᠷᠴᠢᠨ ᠲᠣᠭᠤᠷᠢᠨ  ᠢ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠪᠦᠲᠦᠮᠵᠢᠲᠡᠶ ᠴᠢᠳᠠᠪᠤᠷᠢ ᠶᠢ ᠪᠤᠢ ᠪᠣᠯᠭᠠᠨ᠎ᠠ᠃ ᠪᠣᠬᠢᠷᠳᠣᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠭᠦᠢᠴᠡᠳᠬᠡᠯ ᠲᠤᠭ᠎ᠠ ᠶᠢ ᠵᠠᠳᠠᠯᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠬᠢᠨᠠᠨ ᠬᠡᠮᠵᠢᠵᠦ ᠪᠣᠯᠬᠤ᠂ ᠬᠢᠨᠠᠨ ᠪᠠᠶᠢᠴᠠᠭᠠᠵᠤ ᠪᠣᠯᠬᠤ᠂ ᠬᠢᠨᠠᠨ ᠰᠢᠯᠭᠠᠵᠤ ᠪᠣᠯᠬᠤ ᠵᠠᠷᠴᠢᠮ ᠶᠣᠰᠣᠭᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠭᠤᠣᠯᠳᠠᠯᠭ᠎ᠠ ᠲᠠᠢ ᠢᠨᠵᠧᠨᠧᠷᠢᠩ ᠤᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠡᠮᠵᠢᠶ᠎ᠡ ᠶᠢ ᠰᠠᠯᠭᠠᠨ ᠪᠠᠭᠤᠯᠭᠠᠵᠤ᠂ ᠪᠣᠬᠢᠷᠲᠤᠯ ᠢ ᠵᠠᠰᠠᠬᠤ ᠡᠭᠦᠷᠭᠡ ᠨᠡᠯᠢᠶᠡᠳ ᠬᠦᠨᠳᠦ ᠪᠠᠶᠢᠭ᠎ᠠ ᠭᠠᠵᠠᠷ ᠣᠷᠣᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠶᠢ ᠬᠠᠷᠢᠴᠠᠩᠭᠤᠢ ᠪᠠᠷ ᠢᠯᠡᠭᠦᠦ ᠰᠢᠭ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ ᠢ ᠣᠨ ᠵᠢᠯ ᠢᠶᠠᠷ ᠨᠠᠶᠢᠳᠠᠪᠤᠷᠢᠵᠢᠭᠤᠯᠬᠤ ᠶᠢ ᠵᠢᠯᠤᠭᠤᠳᠤᠨ᠂ ᠶᠡᠷᠦᠩᠬᠡᠢ ᠬᠡᠮᠵᠢᠶ᠎ᠡ ᠶᠢ ᠬᠢᠨᠠᠨ ᠪᠣᠳᠤᠬᠤ ᠶᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠬᠢᠨᠠᠨ ᠵᠦᠪᠰᠢᠶᠡᠷᠡᠯᠲᠡ ᠵᠡᠷᠭᠡ ᠳᠥᠷᠢᠮ ᠯᠦᠭᠡ ᠵᠣᠯᠭᠠᠭᠤᠯᠬᠤ ᠶᠢ ᠴᠢᠩᠭᠠᠳᠬᠠᠵᠤ᠂ ᠪᠣᠬᠢᠷᠲᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠬᠢᠨᠠᠯᠲᠠ ᠬᠠᠮᠢᠶᠠᠷᠤᠯᠲᠠ ᠪᠠ ᠬᠠᠷᠠᠯᠲᠠᠲᠤ ᠬᠢᠨᠠᠨ ᠰᠢᠯᠭᠠᠯᠲᠠ ᠶᠢ ᠴᠢᠩᠭᠠᠳᠬᠠᠵᠤ᠂ ᠤᠷᠮᠠᠰᠢᠭᠤᠯᠬᠤ ᠪᠠ ᠬᠢᠵᠠᠭᠠᠷᠯᠠᠬᠤ ᠲᠤᠭᠲᠠᠴᠠ ᠶᠢ ᠪᠦᠷᠢᠨᠰᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ︶      ︵ᠭᠤᠷᠪᠠ︶ ᠡᠨᠧᠷᠭᠢ ᠶᠢᠨ ᠬᠤᠷᠣᠭᠳ᠋ᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠳᠣᠣᠷ᠎ᠠ ᠬᠢᠷᠢ ᠲᠦᠪᠰᠢᠨ  ᠲᠠᠢ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ᠃ ᠥᠪᠡᠷᠲᠡᠭᠡᠨ ᠵᠠᠰᠠᠬᠤ ᠣᠷᠣᠨ ᠤ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠲᠤᠬᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠦᠭᠦᠳ︾ ︽︿ᠬᠤᠶᠠᠷ ᠶᠡᠬᠡᠲᠡᠢ﹀ ᠲᠥᠷᠥᠯ ᠵᠦᠢᠯ ᠢ ᠳᠣᠣᠷ᠎ᠠ ᠬᠢᠷᠢ ᠲᠦᠪᠰᠢᠨ ᠢᠶᠠᠷ ᠰᠣᠬᠤᠷ ᠪᠠᠯᠠᠢ ᠪᠠᠷ ᠬᠦᠭᠵᠢᠬᠦᠯᠬᠦ ᠶᠢ ᠡᠷᠡᠰ ᠬᠤᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ︾ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠡᠦᠷᠰᠢᠭᠦᠯᠬᠦ᠂ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠨᠡᠭᠦᠷᠡᠰᠦ ᠪᠠᠷ ᠴᠠᠬᠢᠯᠭᠠᠨ ᠭᠠᠷᠭᠠᠬᠤ ᠨᠠᠢᠮᠠᠨ ᠶᠡᠭᠡ ᠠᠵᠢᠯ ᠲᠥᠷᠥᠯ ᠤᠨ ᠡᠨᠧᠷᠭᠢ ᠶᠢᠨ ᠬᠤᠷᠤᠭᠳᠠᠯ ᠢ 5 ᠲᠦᠮᠡᠨ ᠲᠣᠨ ᠪᠠᠷᠢᠮᠵᠢᠶᠠᠲᠤ ᠨᠡᠭᠦᠷᠡᠰᠦ ᠠᠴᠠ ᠳᠡᠭᠡᠭᠰᠢ ︵ᠠᠳᠠᠯᠢ ᠥᠷᠲᠡᠭ ᠤᠨ︶ ᠪᠠᠷ ᠵᠢᠷᠤᠵᠤ ᠲᠦᠯᠦᠪᠯᠡᠭᠰᠡᠨ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠵᠤ᠂ ᠪᠠᠶᠢᠭᠤᠯᠵᠤ ᠪᠠᠶᠢᠭ᠎ᠠ᠂ ᠪᠠᠶᠢᠭᠤᠯᠬᠤ ᠪᠠᠷ ᠪᠠᠶᠢᠭ᠎ᠠ᠂ ᠦᠯᠡᠳᠡᠭᠡᠯ ︽ᠬᠤᠶᠠᠷ ᠶᠡᠬᠡᠲᠡᠢ︾ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠨᠠᠷᠢᠨ ᠬᠠᠭᠤᠳᠠᠰᠤ ᠶᠢᠨ ᠬᠠᠮᠢᠶᠠᠷᠤᠯᠲᠠ᠂ ᠲᠥᠷᠥᠯ ᠬᠤᠪᠢᠶᠠᠨ ᠰᠢᠢᠳᠪᠦᠷᠢᠯᠡᠬᠦ᠂ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ᠃ ︽ ᠡᠨᠧᠷᠭᠢ ᠶᠢᠨ ᠠᠰᠢᠭᠯᠠᠮᠵᠢ ᠶᠢᠨ ᠬᠢᠵᠠᠭᠠᠷᠯᠠᠯ ᠢ ᠴᠢᠩᠳᠠᠯᠠᠵᠤ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠢ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ︾ ᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠡᠨᠧᠷᠭᠢ ᠶᠢᠨ ᠠᠰᠢᠭᠯᠠᠮᠵᠢ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠰᠠᠭᠤᠷᠢ ᠪᠠᠷᠢᠮᠵᠢᠶ᠎ᠠ ᠶᠢᠨ ᠬᠢᠷᠢ ᠲᠦᠪᠰᠢᠨ ᠠᠴᠠ ᠳᠣᠣᠷ᠎ᠠ ᠪᠠᠶᠢᠭ᠎ᠠ ᠦᠯᠡᠳᠡᠭᠡᠯ ᠲᠥᠷᠥᠯ ᠵᠦᠢᠯ ᠢ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠠᠷ ᠳᠠᠮᠵᠢᠭᠤᠯᠤᠨ ᠤᠯᠤᠰ ᠤᠨ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠳᠤ ᠬᠦᠷᠭᠡᠨ᠎ᠡ︔ ᠡᠨᠧᠷᠭᠢ ᠶᠢᠨ ᠠᠰᠢᠭᠯᠠᠮᠵᠢ ᠨᠢ ᠬᠡᠪ ᠳᠠᠭᠤᠷᠢᠶᠠᠯ ᠤᠨ ᠬᠢᠷᠢ ᠲᠦᠪᠰᠢᠨ ᠪᠠ ᠰᠠᠭᠤᠷᠢ ᠪᠠᠷᠢᠮᠵᠢᠶ᠎ᠠ ᠶᠢᠨ ᠬᠢᠷᠢ ᠲᠦᠪᠰᠢᠨ ᠤ ᠬᠤᠭᠤᠷᠣᠨᠳᠤ ᠪᠠᠶᠢᠬᠤ ᠲᠥᠷᠥᠯ ᠵᠦᠢᠯ ᠳᠤ᠂ ᠤᠯᠤᠰ ᠤᠨ ᠬᠡᠪ ᠳᠠᠭᠤᠷᠢᠶᠠᠯ ᠤᠨ ᠬᠢᠷᠢ ᠲᠦᠪᠰᠢᠨ ᠢᠶᠠᠷ ᠯᠠᠪᠯᠠᠯᠲᠠ ᠪᠣᠯᠭᠠᠵᠤ ᠥᠭᠡᠷᠡᠴᠢᠯᠡᠨ ᠲᠠᠰ ᠳᠡᠪᠰᠢᠭᠦᠯᠬᠦ ᠶᠢ ᠵᠣᠷᠢᠭᠵᠢᠭᠤᠯᠵᠤ᠂ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ︽ᠳᠠᠭᠠᠭᠤᠯᠤᠭᠴᠢ︾ ᠶᠢᠨ ᠨᠡᠷᠡᠰ ᠲᠤ ᠣᠷᠤᠭᠤᠯᠬᠤ ᠪᠠᠷ ᠴᠢᠷᠮᠠᠶᠢᠨ᠎ᠠ︔ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠪᠦᠬᠦᠨ ᠢ ᠤᠯᠤᠰ ᠤᠨ ᠡᠨᠧᠷᠭᠢ ᠶᠢᠨ ᠠᠰᠢᠭᠯᠠᠮᠵᠢ ᠶᠢᠨ ᠬᠡᠪ ᠳᠠᠭᠤᠷᠢᠶᠠᠯ ᠤᠨ ᠬᠢᠷᠢ ᠲᠦᠪᠰᠢᠨ ᠢᠶᠠᠷ ᠵᠢᠷᠤᠵᠤ ᠲᠦᠯᠦᠪᠯᠡᠨ ᠪᠦᠲᠦᠭᠡᠨ ᠪᠠᠶᠢᠭᠤᠯᠤᠨ᠎ᠠ︔ ᠥᠭᠡᠷᠡᠴᠢᠯᠡᠯᠲᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠡᠶᠢᠯᠬᠦ ᠦᠭᠡᠢ ᠲᠥᠷᠥᠯ ᠵᠦᠢᠯ ᠢ ᠡᠷᠡᠰ ᠰᠢᠭᠰᠢᠵᠦ᠂ ᠰᠢᠭᠰᠢᠭᠳᠡᠭᠦᠯᠬᠦ ᠴᠠᠭ ᠤᠨ ᠬᠢᠵᠠᠭᠠᠷ ᠢ 3 ᠵᠢᠯ ᠠᠴᠠ ᠬᠡᠳᠦᠷᠡᠭᠦᠯᠬᠦ ᠦᠭᠡᠢ᠃ ︽ᠬᠤᠶᠠᠷ ᠶᠡᠬᠡᠳᠡᠢ︾  ᠲᠦᠷᠦᠯ ᠵᠦᠢᠯ ᠤᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ᠠᠰᠢᠭᠯᠠᠯᠲᠠ ᠳᠤ ᠣᠷᠣᠭᠤᠯᠤᠭᠰᠠᠨ  ︽ᠬᠤᠶᠠᠷ ᠶᠡᠬᠡᠳᠡᠢ︾  ᠲᠦᠷᠦᠯ ᠵᠦᠢᠯ ᠢ ᠪᠦᠬᠦᠨ ᠢ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠳᠤ ᠣᠷᠣᠭᠤᠯᠵᠤ᠂ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ᠂ ᠲᠣᠭᠲᠠᠭᠠᠯ ᠢ ᠵᠥᠷᠢᠴᠡᠨ ᠬᠢᠨᠠᠨ ᠵᠥᠪᠰᠢᠶᠡᠷᠡᠭᠰᠡᠨ᠂ ᠵᠥᠪᠰᠢᠶᠡᠷᠡᠭᠦᠯᠦᠭᠡᠳᠦᠢ ᠪᠠᠷ ᠤᠷᠢᠳᠠᠪᠠᠷ ᠪᠠᠶᠢᠭᠤᠯᠤᠭᠰᠠᠨ᠂  ᠵᠦᠪᠰᠢᠶᠡᠷᠡᠭᠰᠡᠨ ᠪᠠ ᠪᠠᠶᠢᠭᠤᠯᠤᠭᠰᠠᠨ ᠨᠢ ᠨᠡᠶᠢᠴᠡᠬᠦ ᠦᠭᠡᠢ᠂ ᠴᠤᠬᠤᠯᠠᠪᠤᠷᠢᠯᠠᠭᠰᠠᠨ ᠠᠴᠠ ᠳᠠᠪᠠᠭᠤᠯᠤᠨ ᠡᠨᠧᠷᠬᠢ ᠬᠡᠷᠡᠭᠯᠡᠭᠰᠡᠨ᠂ ᠪᠠᠷᠢᠮᠵᠢᠶ᠎ᠠ ᠠᠴᠠ ᠬᠡᠳᠦᠷᠡᠭᠦᠯᠦᠨ ᠪᠣᠬᠢᠷᠳᠤᠯ ᠭᠠᠳᠠᠭᠰᠢᠯᠠᠭᠤᠯᠤᠭᠰᠠᠨ ︽ᠬᠤᠶᠠᠷ ᠶᠡᠬᠡᠳᠡᠢ︾ ᠲᠦᠷᠦᠯ ᠵᠦᠢᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶      ︵ᠳᠥᠷᠪᠡ︶ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠳᠤ ᠡᠳ᠋ ᠤᠨ ᠵᠠᠰᠠᠭ ᠤᠨ ᠳᠡᠮᠵᠢᠯᠭᠡ ᠦᠵᠡᠭᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠢᠯ ᠪᠦᠷᠢ ᠵᠣᠬᠢᠬᠤ ᠲᠤᠰᠬᠠᠢ ᠵᠦᠢᠯ ᠤᠨ ᠪᠡᠯᠡ ᠮᠥᠩᠭᠦ ᠶᠢ ᠵᠣᠬᠢᠰᠲᠠᠢ ᠲᠣᠬᠢᠷᠠᠭᠤᠯᠵᠤ᠂ ᠭᠤᠣᠯᠳᠠᠯᠭ᠎ᠠ ᠲᠠᠢ ᠪᠠᠷ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ᠂ ᠶᠡᠷᠦᠩᠬᠡᠶᠢᠯᠡᠭᠰᠡᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ᠂ ᠴᠢᠬᠤᠯᠠ ᠶᠡᠭᠡ ᠡᠨᠧᠷᠭᠢ ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠠᠵᠤ ᠦᠢᠯᠡᠰᠵᠢᠭᠦᠯᠦᠨ ᠵᠢᠱᠢᠶ᠎ᠡ ᠦᠵᠡᠭᠦᠯᠬᠦ ᠵᠡᠷᠭᠡ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠳᠤ ᠳᠡᠮᠵᠢᠯᠭᠡ ᠦᠵᠡᠭᠦᠯᠬᠦ ᠪᠠ ᠢᠵᠢ ᠪᠦᠷᠢᠳᠦᠭᠦᠯᠵᠦ᠂ ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢ ᠦᠨᠡᠯᠡᠵᠦ ᠬᠢᠨᠠᠨ ᠰᠢᠯᠭᠠᠭᠰᠠᠨ ᠦᠷ᠎ᠡ ᠳ᠋ᠦᠩ ᠨᠢ ᠳᠠᠪᠠᠭᠤᠯᠤᠨ ᠪᠡᠶᠡᠯᠡᠭᠦᠯᠦᠭᠰᠡᠨ ᠵᠡᠷᠭᠡ ᠳᠡᠰ ᠲᠠᠢ ᠭᠠᠵᠠᠷ ᠣᠷᠣᠨ ᠢ ᠱᠠᠩᠨᠠᠨ᠎ᠠ᠃ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠦᠷᠦᠯ ᠤᠨ ᠴᠠᠬᠢᠯᠭᠠᠨ ᠤ ᠱᠠᠲᠤᠯᠢᠭ ᠦᠨ᠎ᠡ ᠶᠢᠨ ᠲᠦᠷᠦ ᠶᠢᠨ ᠪᠣᠳᠣᠯᠭ᠎ᠠ᠂ ᠵᠠᠯᠬᠠᠭᠠᠬᠤ ᠴᠢᠨᠠᠷᠲᠠᠢ ᠠᠷᠠᠯᠵᠢᠶᠠᠨ ᠤ ᠴᠠᠬᠢᠯᠭᠠᠨ ᠤ ᠦᠨ᠎ᠡ ᠪᠠ ᠴᠠᠬᠢᠯᠭᠠᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠠᠷᠪᠢᠯᠠᠵᠤ ᠤᠰᠤ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠶᠢᠨ ᠰᠤᠷᠪᠤᠯᠵᠢ ᠶᠢᠨ ᠬᠦᠴᠦᠨ ᠵᠦᠢᠯ ᠢ ᠨᠢᠭᠡᠴᠢ ᠡᠨᠧᠷᠭᠢ ᠶᠢᠨ ᠬᠤᠷᠣᠭᠳᠠᠯ ᠠᠴᠠ ᠭᠠᠷᠤᠭᠰᠠᠨ ᠦᠷ᠎ᠡ ᠠᠰᠢᠭ ᠢᠶᠠᠷ ᠥᠨᠳᠥᠷ ᠠᠵᠤ ᠦᠢᠯᠡᠰ ᠪᠠ ᠲᠦᠷᠦᠯ ᠵᠦᠢᠯ ᠲᠡᠰᠢ ᠬᠡᠯᠪᠡᠶᠢᠯᠭᠡᠬᠦ ᠶᠢ ᠲᠦᠯᠬᠢᠨ ᠠᠬᠢᠭᠤᠯᠤᠨ᠎ᠠ᠃ ︽ᠪᠣᠬᠢᠷᠳᠤᠯ ᠦᠭᠡᠢ ᠮᠦᠩᠭᠦᠨ ᠬᠦᠢᠯᠭᠡᠭᠡ︾ ᠶᠢᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠬᠦᠷᠦᠩᠭᠡ ᠶᠢᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠪᠠ ᠳᠠᠬᠢᠨ ᠪᠡᠯᠡ ᠲᠣᠬᠢᠷᠠᠭᠤᠯᠬᠤ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠪᠣᠬᠢᠷᠲᠤᠯ ᠦᠭᠡᠢ ᠠᠵᠤ ᠠᠬᠤᠶᠢᠯᠠᠯ ᠪᠤᠶᠤ ᠲᠥᠷᠥᠯ ᠵᠦᠢᠯ ᠤᠨ ᠪᠣᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ ᠪᠤᠶᠤ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠪᠡᠯᠡ ᠲᠣᠬᠢᠷᠠᠭᠤᠯᠬᠤ ᠪᠠᠭᠠᠵᠢ ᠪᠠᠷ ᠳᠡᠮᠵᠢᠨ ᠪᠡᠯᠡ ᠮᠥᠩᠭᠦ ᠴᠤᠭᠯᠠᠭᠤᠯᠬᠤ ᠶᠢ ᠵᠣᠷᠢᠭᠵᠢᠭᠤᠯᠤᠨ᠎ᠠ᠃ ᠬᠤᠲᠠ ᠪᠠᠯᠭᠠᠰᠤ ᠶᠢᠨ ᠳᠤᠯᠠᠭᠠᠯᠠᠭ᠎ᠠ ᠶᠢᠨ ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠭᠠᠶᠢᠯᠢ ᠶᠢᠨ ᠶᠠᠪᠤᠳᠠᠯ ᠤᠨ ᠲᠣᠪᠴᠢᠶ᠎ᠠ︶     ︵ᠲᠠᠪᠤ︶ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠨᠧᠷᠭᠢ ᠬᠡᠷᠡᠭᠯᠡᠬᠦ ᠡᠷᠬᠡ ᠶᠢᠨ ᠠᠷᠠᠯᠵᠢᠶᠠᠨ ᠤ ᠳᠦᠷᠢᠮ ᠢ ᠨᠠᠶᠢᠳᠠᠪᠤᠷᠢᠵᠢᠭᠤᠯᠵᠤ᠂ ᠠᠷᠪᠢᠯᠠᠭᠰᠠᠨ ᠡᠨᠧᠷᠭᠢ ᠶᠢᠨ ᠠᠷᠠᠯᠵᠢᠶᠠᠨ ᠤ ᠲᠣᠭᠲᠠᠴᠠ ᠶᠢ ᠬᠠᠶᠢᠨ ᠰᠦᠪᠡᠭᠴᠢᠯᠡᠵᠦ᠂ ᠡᠨᠧᠷᠭᠢ ᠬᠡᠷᠡᠭᠯᠡᠬᠦ ᠬᠦᠴᠦᠨ ᠵᠦᠢᠯ ᠢ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠳᠠᠰᠢ ᠬᠡᠯᠪᠡᠶᠢᠯᠭᠡᠬᠦ ᠶᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠠᠷᠠᠯᠵᠢᠶᠠᠨ ᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠠᠬᠢᠯᠭᠠᠨ ᠭᠠᠷᠭᠠᠬᠤ ᠠᠵᠢᠯ ᠲᠦᠷᠦᠯ ᠤᠨ ᠨᠡᠭᠦᠷᠡᠰᠦᠳᠦ᠋ᠷᠦᠭᠴᠢ ᠭᠠᠳᠠᠭᠰᠢᠯᠠᠭᠤᠯᠤᠭᠰᠠᠨ ᠬᠡᠮᠵᠢᠶ᠎ᠡ ᠪᠠᠷ ᠮᠦᠩᠭᠦ ᠲᠤᠰᠢᠶᠠᠵᠤ ᠭᠡᠷ᠎ᠡ ᠪᠠᠨ ᠭᠦᠢᠴᠡᠳᠬᠡᠬᠦ ᠶᠢ ᠭᠦᠨᠵᠡᠭᠡᠶᠢᠷᠡᠭᠦᠯᠵᠦ᠂ ᠪᠦᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠢᠳᠡᠪᠬᠢᠲᠡᠢ ᠪᠠᠷ ᠠᠭᠤᠰᠤᠯᠴᠠᠨ᠎ᠠ᠃ ᠪᠣᠬᠢᠷᠲᠤᠯ ᠦᠭᠡᠢ ᠴᠠᠬᠢᠯᠭᠠᠨ ᠬᠦᠴᠦᠨ ᠤ ᠦᠨᠡᠮᠯᠡᠯ ᠤᠨ ᠠᠷᠠᠯᠵᠢᠶ᠎ᠠ ᠶᠢ ᠳᠡᠯᠭᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠬᠢᠷᠲᠤᠯ ᠦᠭᠡᠢ ᠴᠠᠬᠢᠯᠭᠠᠨ ᠬᠦᠴᠦᠨ ᠤ ᠦᠨᠡᠮᠯᠡᠯ ᠤᠨ ᠠᠷᠠᠯᠵᠢᠶ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠬᠦᠴᠦᠨ ᠢ  ᠰᠢᠩᠭᠡᠭᠡᠬᠦ ᠶᠢ ᠵᠣᠷᠢᠭᠵᠢᠭᠤᠯᠤᠨ᠎ᠠ᠃ ᠡᠨᠧᠷᠭᠢ ᠠᠷᠪᠢᠯᠠᠬᠤ ᠦᠢᠯᠡᠴᠢᠯᠡᠭᠡᠨ ᠤ ᠠᠵᠤ ᠦᠢᠯᠡᠰ ᠢ ᠬᠥᠭᠵᠢᠭᠦᠯᠵᠦ᠂ ᠡᠨᠧᠷᠭᠢ ᠠᠷᠪᠢᠯᠠᠬᠤ ᠤᠰᠤ ᠠᠷᠪᠢᠯᠠᠬᠤ ᠵᠥᠪᠯᠡᠯᠭᠡ ᠥᠭᠬᠦ᠂ ᠣᠨᠣᠰᠢᠯᠠᠬᠤ᠂ ᠵᠢᠷᠤᠵᠤ ᠲᠥᠯᠥᠪᠯᠡᠬᠦ᠂ ᠪᠡᠯᠡ ᠲᠣᠬᠢᠷᠠᠭᠤᠯᠬᠤ᠂ ᠥᠭᠡᠷᠡᠴᠢᠯᠡᠬᠦ᠂ ᠨᠠᠶᠢᠳᠠᠨ ᠬᠠᠮᠢᠶᠠᠷᠤᠭᠤᠯᠬᠤ ᠵᠡᠷᠭᠡ ᠶᠢ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠦᠨ᠎ᠡ᠃ ᠣᠷᠴᠢᠨ ᠲᠣᠭᠤᠷᠢᠨ ᠢ ᠵᠠᠰᠠᠬᠤ ᠵᠠᠬ᠎ᠠ ᠳᠡᠯᠭᠡᠭᠦᠷ ᠢ ᠵᠢᠷᠤᠮᠵᠢᠭᠤᠯᠤᠨ ᠨᠡᠭᠡᠭᠡᠵᠦ᠂ ᠣᠷᠴᠢᠨ ᠲᠣᠭᠤᠷᠢᠨ ᠤ ᠪᠣᠬᠢᠷᠲᠤᠯ ᠢ ᠭᠤᠷᠪᠠᠳᠠᠭᠢ ᠡᠲᠡᠭᠡᠳ ᠵᠠᠰᠠᠬᠤ ᠶᠢ ᠬᠡᠷᠡᠭᠵᠢᠭᠦᠯᠵᠦ᠂ ᠣᠷᠣᠨ ᠪᠦᠰᠡ ᠶᠢᠨ ᠪᠣᠬᠢᠷᠲᠤᠯ ᠢ ᠵᠠᠰᠠᠬᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠵᠢᠷᠭᠤᠭ᠎ᠠ︶ ᠪᠦᠷᠢᠳᠬᠡᠵᠦ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ᠡᠨᠧᠷᠭᠢ ᠶᠢ ᠬᠡᠮᠵᠢᠬᠦ ᠪᠠ ᠪᠦᠷᠢᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠠᠷᠢᠭᠤᠨ ᠴᠡᠪᠡᠷ ᠦᠢᠯᠡᠳᠪᠦᠷᠢᠯᠡᠯ᠂ ᠴᠡᠪᠡᠷ ᠡᠨᠧᠷᠭᠢ ᠵᠡᠷᠭᠡ ᠬᠦᠷᠢᠶ᠎ᠡ ᠴᠠᠷᠠᠭ᠎ᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠪᠠ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠦᠨ᠎ᠡ᠃ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠡᠮᠵᠢᠶ᠎ᠡ ᠶᠢᠨ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠠᠰᠢᠭᠯᠠᠯᠲᠠ ᠶᠢᠨ ᠪᠠᠶᠢᠳᠠᠯ ᠢ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠤᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠤᠨ ᠬᠡᠷᠡᠭᠯᠡᠯᠲᠡ ᠶᠢ ᠴᠢᠩᠭᠠᠳᠬᠠᠨ᠎ᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠦᠷᠢᠳᠬᠡᠨ ᠬᠢᠨᠠᠨ ᠪᠣᠳᠤᠬᠤ ᠪᠠ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠤᠭᠰᠠᠨ ᠢ ᠬᠢᠨᠠᠨ ᠬᠡᠮᠵᠢᠵᠦ ᠬᠢᠨᠠᠨ ᠪᠣᠳᠤᠬᠤ ᠰᠢᠰᠲ᠋ᠧᠮᠵᠢ ᠶᠢ ᠪᠠᠶᠢᠭᠤᠯᠵᠤ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠤᠭᠰᠠᠨ ᠰᠠᠭᠤᠷᠢ ᠪᠠᠶᠢᠳᠠᠯ ᠤᠨ ᠪᠠᠶᠢᠴᠠᠭᠠᠯᠲᠠ ᠪᠠ   ᠨᠥᠭᠡᠴᠡ ᠶᠢ ᠦᠨᠡᠯᠡᠨ ᠵᠢᠱᠢᠬᠦ ᠠᠵᠢᠯ ᠥᠷᠨᠢᠭᠦᠯᠵᠦ᠂ ᠣᠷᠴᠢᠨ ᠲᠣᠭᠤᠷᠢᠨ ᠤ ᠶᠠᠰᠤ ᠴᠢᠨᠠᠷ᠂ ᠠᠮᠢ ᠠᠬᠤᠢ ᠶᠢᠨ ᠶᠠᠰᠤ ᠴᠢᠨᠠᠷ᠂ ᠪᠣᠬᠢᠷᠲᠤᠯ ᠤᠨ ᠡᠬᠢ ᠶᠢ ᠬᠢᠨᠠᠨ ᠬᠡᠮᠵᠢᠬᠦ ᠶᠢ ᠨᠡᠶᠢᠳᠡᠮ ᠬᠠᠮᠤᠷᠤᠭᠰᠠᠨ ᠴᠢᠨᠠᠷ ᠰᠠᠶᠢᠲᠠᠢ ᠤᠶᠤᠨᠲᠤ ᠮᠡᠳᠡᠷᠡᠮᠵᠢ ᠲᠠᠢ ᠠᠮᠢ ᠠᠬᠤᠢ ᠣᠷᠴᠢᠨ ᠲᠣᠭᠤᠷᠢᠨ ᠢ ᠬᠢᠨᠠᠨ ᠬᠡᠮᠵᠢᠬᠦ ᠰᠦᠯᠵᠢᠶ᠎ᠡ ᠶᠢ ᠪᠦᠲᠦᠭᠡᠨ ᠪᠠᠶᠢᠭᠤᠯᠵᠤ᠂ ᠪᠣᠬᠢᠷᠲᠤᠯ ᠭᠠᠳᠠᠭᠰᠢᠯᠠᠭᠤᠯᠬᠤ ᠨᠢᠭᠡᠴᠡ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠤᠨ ᠡᠬᠢ ᠶᠢ ᠥᠪᠡᠰᠦᠪᠡᠨ ᠬᠢᠨᠠᠨ ᠬᠡᠮᠵᠢᠵᠦ ᠬᠢᠨᠠᠨ ᠡᠵᠡᠮᠳᠡᠬᠦ ᠶᠢ ᠵᠢᠷᠤᠮᠵᠢᠭᠤᠯᠤᠨ᠂ ᠪᠣᠬᠢᠷᠲᠤᠯ ᠤᠨ ᠡᠬᠢ ᠶᠢ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠶᠢ ᠲᠡᠭᠦᠯᠳᠡᠷᠵᠢᠭᠦᠯᠦᠨ᠎ᠡ᠃ ᠲᠤᠭ᠎ᠠ ᠪᠦᠷᠢᠳᠬᠡᠯ ᠤᠨ ᠠᠵᠢᠯ ᠤᠨ ᠦᠨᠳᠦᠰᠦᠨ ᠱᠠᠲᠤᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠢ ᠴᠢᠩᠭᠠᠷᠠᠭᠤᠯᠤᠨ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠤᠳᠠᠯ  ᠬᠠᠭᠤᠷᠮᠠᠭ ᠢᠶᠠᠷ ᠬᠢᠬᠦ ᠶᠢ ᠰᠡᠷᠭᠡᠶᠢᠯᠡᠵᠦ᠂ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ      ︵ᠳᠣᠯᠤᠭ᠎ᠠ︶ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠴᠢᠳᠠᠪᠤᠷᠢᠲᠠᠨ ᠤ ᠡᠩᠨᠡᠭᠡ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠢ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠡᠩᠨᠡᠭᠡ ᠶᠢ ᠪᠠᠶᠢᠭᠤᠯᠵᠤ᠂ ᠬᠤᠲᠠ᠂ ᠰᠢᠶᠠᠨ ᠬᠤᠶᠠᠷ ᠱᠠᠲᠤᠨ ᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠳᠤ ᠡᠨᠧᠷᠭᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠭᠠᠷᠭᠠᠵᠤ ᠬᠠᠷᠢᠭᠤᠴᠠᠯᠭᠠᠲᠠᠨ ᠲᠣᠬᠢᠷᠠᠭᠤᠯᠬᠤ ᠶᠢ ᠴᠢᠩᠭ᠎ᠠ ᠭᠡᠷᠡᠭᠵᠢᠬᠦᠯᠦᠨ᠎ᠡ᠃ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠶᠢᠨ ᠦᠨᠳᠦᠰᠦᠨ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠡ ᠳᠤ ᠲᠤᠰᠬᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠠᠵᠢᠯᠲᠠᠨ ᠲᠣᠬᠢᠷᠠᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ᠂ ᠬᠠᠤᠯᠢ ᠬᠡᠷᠡᠭᠵᠢᠬᠦᠯᠵᠦ ᠬᠢᠨᠠᠨ ᠪᠠᠶᠢᠴᠠᠭᠠᠬᠤ ᠵᠡᠷᠭᠡ ᠲᠠᠯ᠎ᠠ ᠶᠢᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠲᠤᠬᠠᠶᠢᠯᠠᠭᠰᠠᠨ ᠠᠵᠢᠯ ᠤᠨ ᠬᠢᠷᠢ ᠲᠥᠪᠰᠢᠨ ᠢ  ᠨᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      ︵ᠨᠠᠢᠮᠠ︶ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠲᠡᠷᠢᠭᠦᠨ ᠤ ᠮᠡᠷᠭᠡᠵᠢᠯ ᠤᠨ ᠰᠢᠪᠳᠤᠯᠤᠯᠲᠠ ᠪᠠ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ ᠢᠯᠴᠢ ᠶᠢᠨ ᠴᠠᠬᠢᠯᠭᠠᠨ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠡᠦᠷᠰᠢᠭᠦᠯᠬᠦ᠂ ᠱᠦᠢᠨᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠦᠨ᠂ ᠨᠡᠭᠦᠷᠡᠰᠦᠲᠥ᠋ᠷᠥᠭᠴᠢ ᠶᠢ ᠴᠤᠭᠯᠠᠭᠤᠯᠤᠨ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ ︵CCUS︶ ᠮᠡᠷᠭᠡᠵᠢᠯ ᠢ ᠰᠤᠳᠤᠯᠤᠨ ᠨᠡᠭᠡᠭᠡᠬᠦ ᠠᠵᠢᠯ ᠢ ᠥᠷᠨᠢᠭᠦᠯᠵᠦ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠶᠡᠭᠡ ᠪᠠᠭᠲᠠᠭᠠᠮᠵᠢᠲᠤ ᠰᠠᠯᠬᠢᠨ ᠬᠦᠴᠦᠨ ᠤ ᠴᠠᠬᠢᠯᠭᠠᠨ᠂ ᠥᠨᠳᠥᠷ ᠦᠷ᠎ᠡ ᠠᠰᠢᠭ ᠲᠠᠢ ᠬᠡᠷᠡᠯ ᠸᠣᠯᠲ᠂ ᠳᠣᠣᠷ᠎ᠠ ᠥᠪᠡᠷ ᠤᠨ ᠥᠷᠲᠡᠭ ᠢᠶᠠᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠴᠤᠭᠯᠠᠭᠤᠯᠤᠨ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠡᠩ ᠲᠡᠷᠢᠭᠦᠨ ᠳᠤ ᠭᠤᠣᠯᠳᠠᠯᠭ᠎ᠠ ᠲᠠᠢ ᠠᠵᠢᠯ ᠲᠥᠷᠥᠯ ᠪᠠ ᠨᠥᠬᠦᠴᠡᠯ ᠳᠤ ᠲᠣᠬᠢᠷᠠᠬᠤ ᠭᠠᠵᠠᠷ ᠣᠷᠣᠨ ᠳᠤ ᠪᠠᠷᠤᠭ ᠨᠡᠭᠦᠷᠡᠰᠦᠲᠥ᠋ᠷᠥᠭᠴᠢ ᠦᠭᠡᠢ᠂ ᠨᠡᠭᠦᠷᠡᠰᠦᠲᠥ᠋ᠷᠥᠭᠴᠢ ᠦᠭᠡᠢ ᠲᠤᠷᠰᠢᠯᠲᠠ ᠶᠢᠨ ᠴᠡᠭ ᠢ ᠬᠡᠷᠡᠭᠵᠢᠭᠦᠯᠦᠨ᠎ᠡ᠃ ᠳᠠᠬᠢᠨ ᠡᠭᠦᠰᠴᠦ ᠪᠣᠯᠬᠤ ᠡᠨᠧᠷᠭᠢ ᠶᠢ ᠨᠡᠭᠡᠭᠡᠨ ᠬᠥᠭᠵᠢᠭᠦᠯᠬᠦ᠂ ᠪᠣᠬᠢᠷᠳᠤᠯ ᠦᠭᠡᠢ ᠤᠰᠤᠲᠥ᠋ᠷᠥᠭᠴᠢ ᠶᠢ ᠦᠢᠯᠡᠳᠴᠦ ᠭᠠᠷᠭᠠᠨ ᠠᠪᠬᠤ ᠮᠡᠷᠭᠡᠵᠢᠯ᠂ ᠪᠣᠬᠢᠷᠳᠤᠯ ᠦᠭᠡᠢ ᠤᠰᠤᠲᠥ᠋ᠷᠥᠭᠴᠢ ᠬᠢᠭᠡᠳ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠠᠰᠢᠭᠯᠠᠵᠤ ᠤᠯᠠᠷᠢᠭᠤᠯᠬᠤ ᠡᠪᠴᠡᠯᠳᠦᠯ ᠤᠨ ᠮᠡᠷᠭᠡᠵᠢᠯ ᠤᠨ ᠰᠤᠳᠤᠯᠭᠠᠨ ᠢ ᠨᠡᠭᠡᠭᠡᠨ ᠬᠥᠭᠵᠢᠭᠦᠯᠵᠦ᠂ ᠪᠠᠭ᠎ᠠ ᠨᠡᠭᠦᠷᠡᠰᠦᠳᠦ᠋ᠷᠦᠭᠴᠢᠲᠦ᠂ ᠨᠡᠭᠦᠷᠡᠰᠦᠲᠥ᠋ᠷᠥᠭᠴᠢ ᠦᠭᠡᠢ᠂ ᠰᠥᠭᠡᠷᠭᠦ ᠨᠡᠭᠦᠷᠡᠰᠦᠲᠥ᠋ᠷᠥᠭᠴᠢ ᠶᠢᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠡᠨᠧᠷᠭᠢ ᠶᠢᠨ ᠤᠶᠤᠨᠲᠤ ᠬᠠᠮᠢᠶᠠᠷᠤᠯᠲᠠ ᠶᠢ ᠬᠡᠷᠡᠭᠵᠢᠭᠦᠯᠵᠦ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂  ᠬᠦᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶      ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠨᠤᠭᠤᠳ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠪᠣᠯᠣᠨ ᠪᠤᠳᠤᠯᠢᠶᠠᠨᠲᠤ ᠴᠢᠨᠠᠷ ᠢ ᠭᠦᠨᠵᠡᠭᠡᠢ ᠲᠠᠨᠢᠵᠤ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠦᠨᠡᠨᠬᠦ ᠴᠢᠩᠭᠠᠳᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠭᠤᠣᠯ ᠬᠠᠷᠢᠭᠤᠴᠠᠯᠭᠠᠲᠠᠨ ᠨᠢ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠭᠠᠵᠠᠷ ᠣᠷᠣᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠲᠣᠬᠢᠷᠠᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠴᠢᠬᠤᠯᠠ ᠶᠡᠭᠡ ᠪᠠᠶᠢᠳᠠᠯ ᠢ ᠴᠠᠭ ᠲᠤᠬᠠᠢ ᠳᠤᠨᠢ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠷᠠᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠᠲᠤ ᠬᠠᠷᠢᠭᠤᠴᠠᠯᠭ᠎ᠠ ᠶᠢ ᠦᠨᠡᠯᠡᠵᠦ ᠬᠢᠨᠠᠨ ᠰᠢᠯᠭᠠᠬᠤ ᠶᠢ ᠴᠢᠩᠳᠠᠯᠠᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠬᠤᠳᠠ ᠶᠢᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠲᠠᠷᠠᠭ᠎ᠠ᠂ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠲᠤᠰᠢᠶᠠᠨ ᠥᠭᠴᠦ ᠬᠤᠰᠢᠭᠤ ᠰᠢᠶᠠᠨ ᠲᠣᠭᠤᠷᠢᠭ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ ᠴᠢᠬᠤᠯᠠ ᠦᠨᠳᠦᠰᠦᠯᠡᠯ ᠪᠣᠯᠭᠠᠨ᠎ᠠ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠬᠢᠨᠠᠨ ᠰᠢᠯᠭᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ  ᠬᠢᠵᠠᠭᠠᠷᠯᠠᠯ ᠤᠨ ᠴᠢᠨᠠᠷᠲᠠᠢ ᠬᠦᠢᠴᠡᠳᠭᠡᠯ ᠲᠤᠭ᠎ᠠ ᠶᠢᠨ ᠬᠢᠨᠠᠨ ᠰᠢᠯᠭᠠᠯᠲᠠ ᠳᠤ ᠡᠵᠡᠯᠡᠬᠦ ᠬᠦᠨᠳᠦᠴᠡ ᠶᠢ ᠨᠡᠮᠡᠭᠳᠡᠭᠦᠯᠵᠦ᠂ ︽ᠬᠤᠶᠠᠷ ᠶᠡᠬᠡᠲᠡᠢ︾ ᠲᠦᠷᠦᠯ ᠵᠦᠢᠯ ᠢ ᠳᠣᠣᠷ᠎ᠠ ᠬᠢᠷᠢ ᠲᠦᠪᠰᠢᠨ ᠢᠶᠠᠷ ᠰᠣᠬᠤᠷ ᠪᠠᠯᠠᠢ ᠪᠠᠷ ᠬᠦᠭᠵᠢᠬᠦᠯᠬᠦ ᠶᠢ ᠡᠷᠡᠰ ᠬᠤᠷᠢᠭᠯᠠᠬᠤ᠂ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠯᠬᠢᠨ ᠠᠬᠢᠭᠤᠯᠬᠤ ᠠᠷᠭ᠎ᠠ ᠬᠡᠮᠵᠢᠶ᠎ᠡ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠯᠭᠠᠬᠤ ᠬᠦᠴᠦᠯᠡᠴᠡ ᠶᠢ ᠨᠡᠮᠡᠭᠳᠡᠭᠦᠯᠦᠨ᠎ᠡ᠃ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠭᠦᠨᠵᠡᠭᠡᠶᠢᠷᠡᠭᠦᠯᠵᠦ᠂ ᠪᠣᠬᠢᠷᠲᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠨ᠎ᠠ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶      ︵ᠭᠤᠷᠪᠠ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠠᠷᠪᠢᠯᠠᠨ ᠭᠠᠮᠨᠠᠬᠤ ᠮᠠᠶ᠋ᠢᠭ ᠤᠨ ᠪᠠᠶᠢᠭᠤᠯᠭ᠎ᠠ᠂ ᠪᠣᠬᠢᠷᠲᠤᠯ ᠦᠭᠡᠢ ᠭᠡᠷ ᠪᠦᠯᠢ᠂ ᠪᠣᠬᠢᠷᠲᠤᠯ ᠦᠭᠡᠢ ᠨᠡᠶᠢᠭᠡᠮ ᠲᠣᠭᠤᠷᠢᠭ᠂ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ᠂ ᠪᠣᠬᠢᠷᠲᠤᠯ ᠦᠭᠡᠢ ᠪᠠᠷᠢᠯᠭ᠎ᠠ ᠵᠡᠷᠭᠡ ᠪᠣᠬᠢᠷᠲᠤᠯ ᠦᠭᠡᠢ ᠠᠮᠢᠳᠤᠷᠠᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠲᠤᠯ ᠦᠭᠡᠢ ᠪᠠᠭ᠎ᠠ ᠨᠡᠭᠦᠷᠡᠰᠦᠳᠦ᠋ᠷᠦᠭᠴᠢᠲᠦ ᠠᠮᠢᠳᠤᠷᠠᠯ ᠤᠨ ᠣᠶᠢᠯᠠᠭᠠᠭᠳᠠᠬᠤᠨ ᠢ ᠦᠢᠯᠡᠳᠦᠯᠭᠡᠵᠢᠭᠦᠯᠦᠨ᠎ᠡ᠃ ᠳᠡᠯᠡᠬᠡᠢ ᠶᠢᠨ ᠳᠡᠯᠡᠬᠡᠢ ᠶᠢᠨ ᠪᠥᠮᠪᠥᠷᠴᠡᠭ ᠤᠨ ᠡᠳᠦᠷ᠂ ᠳᠡᠯᠡᠬᠡᠢ ᠶᠢᠨ ᠣᠷᠴᠢᠨ  ᠲᠣᠭᠤᠷᠢᠨ ᠤ ᠡᠳᠦᠷ᠂ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ᠂ ᠪᠦᠬᠦ ᠤᠯᠤᠰ ᠤᠨ ᠪᠠᠭ᠎ᠠ ᠨᠡᠭᠦᠷᠡᠰᠦᠳᠦ᠋ᠷᠦᠭᠴᠢᠲᠦ ᠡᠳᠦᠷ ᠵᠡᠷᠭᠡ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠤᠯᠢ ᠲᠣᠭᠲᠠᠭᠠᠯ᠂ ᠪᠠᠷᠢᠮᠵᠢᠶ᠎ᠠ ᠶᠢ ᠥᠷᠭᠡᠨ ᠢᠶᠠᠷ ᠤᠬᠠᠭᠤᠯᠤᠨ᠎ᠠ᠃ ᠠᠵᠢᠯ ᠲᠦᠷᠦᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ᠂ ᠬᠤᠳᠠᠯᠳᠤᠭᠠᠨ ᠤ ᠪᠦᠯᠬᠦᠮ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠤᠯᠴᠠᠬᠤ ᠶᠢ ᠵᠣᠷᠢᠭᠵᠢᠭᠤᠯᠤᠨ᠎ᠠ᠃ ᠡᠨᠧᠷᠭᠢ ᠠᠷᠪᠢᠯᠠᠬᠤ ᠪᠠᠷ ᠰᠠᠶᠢᠨ ᠳᠤᠷ᠎ᠠ ᠠᠴᠠ ᠪᠠᠨ ᠠᠮᠠᠯᠠᠬᠤ ᠠᠵᠢᠯᠯᠠᠭ᠎ᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠨᠡᠶᠢᠭᠡᠮ ᠨᠡᠶᠢᠲᠡ ᠶᠢᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠬᠦᠢᠴᠡᠳᠭᠡᠬᠦ ᠶᠢ ᠨᠢ ᠬᠦᠳᠦᠯᠦᠨ ᠳᠠᠭᠠᠭᠤᠯᠤᠨ᠎ᠠ᠃ ︵ᠬᠠᠷᠢᠭᠤᠴᠠᠯᠭᠠᠲᠤ ᠨᠢᠭᠡᠴᠡ ᠄ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ︶      ᠳᠠᠭᠠᠯᠳᠤᠭᠤᠯᠤᠯ᠄ 1.ᠬᠦᠬᠡᠬᠤᠲᠠ ᠶᠢᠨ ︽ᠠᠷᠪᠠᠨ ᠳᠦᠷᠪᠡᠳᠦᠭᠡᠷ ᠲᠠᠪᠤᠨ ᠵᠢᠯ︾ ᠤᠨ ᠡᠯ᠎ᠡ ᠭᠠᠵᠠᠷ ᠣᠷᠣᠨ ᠤ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ                     2. ᠬᠦᠬᠡᠬᠤᠲᠠ ᠶᠢᠨ ︽ᠠᠷᠪᠠᠨ ᠳᠦᠷᠪᠡᠳᠦᠭᠡᠷ ᠲᠠᠪᠤᠨ ᠵᠢᠯ︾ ᠤᠨ ᠭᠤᠣᠯ ᠪᠣᠯᠬᠤ ᠠᠵᠢᠯ ᠲᠥᠷᠥᠯ ᠤᠨ ᠡᠨᠧᠷᠬᠢ ᠠᠷᠪᠢᠯᠠᠬᠤ ᠭᠦᠢᠴᠡᠳᠬᠡᠯ ᠲᠤᠭ᠎ᠠᠢᠷᠡᠯᠳᠡ᠄ ᠬᠦᠬᠡᠬᠤᠳᠡ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1