ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ᠄ ᠣᠳᠣᠬᠠᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠶᠡᠷᠦᠩᠬᠡᠢ ᠳᠡᠭᠡᠨ ᠲᠣᠬᠢᠷᠠᠭᠤᠯᠤᠯᠲᠠ ᠬᠢᠬᠦ ᠱᠠᠲᠤᠨ ᠳᠤ ᠣᠷᠣᠰᠢᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠠᠶᠤᠯ ᠲᠦᠭᠰᠢᠭᠦᠷᠢ ᠢ ᠢᠳᠡᠭ ᠢᠳᠡᠭ  ᠢᠶᠠᠷ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2023/8/18
      15 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ 2023 ᠣᠨ ᠤ 7 ᠳ᠋ᠤᠭᠠᠷ ᠰᠠᠷ᠎ᠠ ᠶᠢᠨ ᠤᠯᠤᠰ ᠠᠷᠠᠳ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠣᠨᠢᠨ ᠮᠡᠳᠡᠭᠡᠨ ᠤ ᠥᠭᠦᠯᠡᠭᠴᠢ᠂ ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠵᠤᠷᠭᠠᠨ ᠤ ᠳᠠᠷᠤᠭ᠎ᠠ ᠹᠦ᠋ ᠯᠢᠩ ᠬᠤᠶ ᠢᠯᠡᠷᠬᠡᠶᠢᠯᠡᠬᠦ ᠳᠡᠭᠡᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠳᠠᠭᠠᠯᠳᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠲᠦᠭᠰᠢᠭᠦᠷᠢ ᠶᠢ ᠢᠳᠡᠭ ᠢᠳᠡᠭ ᠢᠶᠠᠷ ᠠᠷᠢᠯᠭᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠡᠷᠡᠭᠯᠡᠭᠡ ᠪᠤᠯᠤᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠡᠯᠡ ᠤᠷᠤᠭᠤᠯᠤᠯᠳᠠ ᠠᠭᠠᠵᠢᠮ ᠢᠶᠠᠷ ᠰᠠᠶᠢᠵᠢᠷᠠᠬᠤ ᠬᠠᠨᠳᠤᠰᠢ ᠲᠠᠢ ᠪᠠᠶᠢᠨ᠎ᠠ ᠭᠡᠵᠡᠢ᠃      ᠹᠦ᠋ ᠯᠢᠩ ᠬᠤᠶ ᠢᠯᠡᠷᠬᠡᠶᠢᠯᠡᠬᠦ ᠳᠡᠭᠡᠨ᠂ ᠣᠳᠣᠬᠠᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠶᠡᠷᠦᠩᠬᠡᠢ ᠳᠡᠭᠡᠨ ᠲᠣᠬᠢᠷᠠᠭᠤᠯᠤᠯᠲᠠ ᠶᠢᠨ ᠱᠠᠲᠤᠨ ᠳᠤ ᠣᠷᠣᠰᠢᠵᠤ᠂ ᠬᠡᠰᠡᠭ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠡᠵᠡᠩᠨᠡᠯᠲᠡ ᠳᠤ ᠵᠣᠬᠢᠬᠤ ᠬᠦᠴᠢᠷᠳᠡᠯ ᠲᠤᠯᠭᠠᠷᠠᠵᠤ ᠪᠠᠶᠢᠨ᠎ᠠ᠂ ᠢᠯᠠᠩᠭᠤᠶ᠎ᠠ ᠵᠠᠷᠢᠮ ᠭᠡᠷ ᠪᠠᠶᠢᠰᠢᠩ ᠭᠠᠵᠠᠷ ᠬᠥᠷᠥᠩᠭᠡ ᠵᠢᠨ‌‍ᠬᠥ᠋ᠲᠥᠴᠢ ᠠᠵᠤ ᠠᠬᠤᠶᠢᠯᠠᠯ ᠤᠨ ᠥᠷᠢ ᠥᠭᠴᠡᠭᠡ ᠶᠢᠨ ᠲᠦᠭᠰᠢᠭᠦᠷᠢ ᠡᠳᠦᠢ ᠲᠡᠳᠦᠢ ᠢᠯᠡᠷᠡᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠨᠥᠯᠥᠭᠡᠯᠡᠵᠦ ᠪᠠᠶᠢᠨ᠎ᠠ᠂ ᠭᠡᠪᠡᠴᠦ ᠡᠲᠡᠭᠡᠷ ᠠᠰᠠᠭᠤᠳᠠᠯ ᠪᠣᠯ ᠱᠠᠲᠤ ᠦᠶ᠎ᠡ ᠶᠢᠨ ᠴᠢᠨᠠᠷᠲᠠᠢ ᠭᠡᠳᠡᠭ ᠢ ᠣᠯᠵᠤ ᠬᠠᠷᠠᠬᠤ ᠬᠡᠷᠡᠭᠲᠡᠢ᠂ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠲᠣᠭᠲᠠᠴᠠ ᠶᠢᠨ ᠠᠯᠬᠤᠮ ᠠᠯᠬᠤᠮ ᠢᠶᠠᠷ ᠦᠢᠯᠡᠳᠦᠯ ᠢᠶᠠᠨ ᠪᠠᠳᠠᠷᠠᠭᠤᠯᠬᠤ ᠶᠢ ᠳᠠᠭᠠᠯᠳᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠲᠦᠭᠰᠢᠭᠦᠷᠢ ᠶᠢ ᠢᠳᠡᠭ ᠢᠳᠡᠭ ᠢᠶᠠᠷ ᠠᠷᠢᠯᠭᠠᠨ᠎ᠠ ᠭᠡᠵᠡᠢ᠃      ︽ᠣᠶᠢᠷ᠎ᠠ ᠶᠢᠨ ᠬᠤᠭᠤᠴᠠᠭᠠᠨ ᠳᠤ᠂ ᠪᠡᠭᠡᠵᠢᠩ ᠱᠠᠩᠬᠠᠢ ᠭᠤᠸᠠᠩᠵᠧᠦ ᠱᠧᠨᠵᠧᠨ ᠵᠡᠷᠭᠡ ᠲᠠᠷᠢᠭᠦᠨ ᠤ ᠬᠤᠲᠠ ᠶᠢᠨ ᠬᠢᠨ ᠵᠠᠶᠢᠯᠠᠰᠢ ᠦᠭᠡᠢ᠂ ᠰᠠᠶᠢᠵᠢᠷᠠᠭᠤᠯᠤᠯᠲᠠ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠵᠦ ᠨᠠᠩ ᠰᠠᠶᠢᠨ ᠬᠠᠩᠭᠠᠨ᠎ᠠ ᠭᠡᠵᠦ ᠤᠷᠢᠶᠠᠯᠠᠪᠠ᠃ ᠬᠤᠶᠠᠳᠤᠭᠠᠷ ᠭᠤᠷᠪᠠᠳᠤᠭᠠᠷ ᠳᠡᠰ ᠤᠨ ᠬᠡᠰᠡᠭ ᠬᠤᠲᠠ ᠨᠤᠭᠤᠳ ᠪᠠᠰᠠ ᠭᠡᠷ ᠪᠠᠶᠢᠰᠢᠩ ᠭᠠᠵᠠᠷ ᠬᠥᠷᠥᠩᠭᠡ ᠶᠢ ᠲᠣᠬᠢᠷᠠᠭᠤᠯᠤᠨ ᠡᠵᠡᠮᠳᠡᠬᠦ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ ᠪᠠᠶᠢᠨ᠎ᠠ᠂ ᠡᠯ᠎ᠡ ᠭᠠᠵᠠᠷ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠬᠦ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠡᠷᠭᠦᠯᠲᠡ ᠰᠠᠶᠢᠵᠢᠷᠠᠬᠤ ᠶᠢ ᠳᠠᠭᠠᠯᠳᠤᠨ᠂ ᠰᠠᠭᠤᠭᠠᠯᠢ ᠠᠷᠠᠳ ᠤᠨ ᠣᠷᠣᠯᠭ᠎ᠠ ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠢᠯᠡᠳᠲᠡ ᠦᠷ᠎ᠡ ᠪᠦᠲᠦᠮᠵᠢ ᠣᠯᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠡᠷᠡᠭᠯᠡᠭᠡ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠦᠰᠡᠯ ᠠᠯᠬᠤᠮ ᠠᠯᠬᠤᠮ ᠢᠶᠠᠷ ᠰᠠᠶᠢᠵᠢᠷᠠᠬᠤ ᠪᠣᠯᠣᠮᠵᠢ ᠲᠠᠢ ᠪᠠᠶᠢᠨ᠎ᠠ︾ ᠭᠡᠵᠦ ᠹᠦ᠋ ᠯᠢᠩ ᠬᠤᠶ ᠬᠡᠯᠡᠵᠡᠢ᠃ᠢᠷᠡᠯᠲᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1