︽ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/8/19
      ︽ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ      ᠨᠢᠭᠡ᠂ ︽ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾ ︵ᠳᠣᠷᠣᠭᠰᠢ ︽ᠲᠥᠷᠥ ᠶᠢᠨ ᠪᠣᠳᠣᠯᠭ᠎ᠠ︾ ᠭᠡᠵᠦ ᠲᠣᠪᠴᠢᠯᠠᠨ᠎ᠠ︶ ᠢ ᠲᠣᠭᠲᠠᠭᠠᠭᠰᠠᠨ ᠠᠬᠤᠢ ᠪᠠᠶᠢᠳᠠᠯ ᠵᠢᠴᠢ ᠠᠴᠢ ᠬᠤᠯᠪᠣᠭᠳᠠᠯ      ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠷᠡᠭᠦᠯ ᠪᠦᠭᠡᠳ ᠲᠦᠷᠭᠡᠨ ᠬᠥᠭᠵᠢᠬᠦ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2015﹈ 46 ᠳ᠋ᠤᠭᠠᠷ ᠲᠣᠭᠠᠲᠤ︶᠂ ︽ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 53 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠨ᠂ ᠬᠥᠬᠡᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠶᠢᠨ ᠲᠥᠯᠥᠭᠡ᠂ 2019 ᠣᠨ ᠤ 10 ᠳ᠋ᠤᠭᠠᠷ ᠰᠠᠷ᠎ᠠ ᠳᠤ ᠬᠤᠲᠠ ᠶᠢᠨ ᠵᠠᠰᠠᠭ ᠤᠨ ᠣᠷᠳᠣᠨ ᠪᠣᠯᠣᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠮᠲᠤᠷᠠᠨ ︽ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾ ᠢ ᠳᠠᠷᠤᠮᠠᠯᠯᠠᠨ ᠲᠠᠷᠬᠠᠭᠠᠵᠤ᠂ ᠲᠣᠰ ᠪᠢᠴᠢᠭ ᠮᠠᠲ᠋ᠧᠷᠢᠶᠠᠯ ᠢ 2022 ᠣᠨ ᠤ ᠡᠴᠦᠰ ᠲᠤ ᠬᠦᠴᠦᠨ ᠦᠭᠡᠢ ᠪᠣᠯᠭᠠᠪᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠲᠦᠷᠭᠡᠳᠬᠡᠨ ᠠᠬᠢᠭᠤᠯᠬᠤ ᠠᠵᠢᠯᠯᠠᠭᠠᠨ ᠤ ᠲᠥᠯᠥᠪᠯᠡᠭᠡ ︵2022 ︱ 2025 ᠣᠨ︶︾ ︵ᠥᠪᠥᠷ ᠠᠷᠠᠯᠵᠢᠶ᠎ᠠ ᠬᠤᠳᠠᠯᠳᠤᠭ᠎ᠠ ᠥᠰᠥᠭ ﹇2022﹈ 336 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠪᠠ ᠪᠥᠬᠦ ᠤᠯᠤᠰ ᠤᠨ ᠡᠯ᠎ᠡ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠤᠯᠪᠤᠭᠳᠠᠯ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠦᠢᠴᠡᠳ ᠪᠣᠳᠣᠯᠬᠢᠯᠠᠵᠤ᠂ ︽ᠲᠥᠷᠥ ᠶᠢᠨ ᠪᠣᠳᠣᠯᠭ᠎ᠠ︾ ᠶᠢ ᠲᠣᠭᠲᠠᠭᠠᠪᠠ᠃      ᠬᠤᠶᠠᠷ᠂ ᠰᠢᠨ᠎ᠡ ᠬᠠᠭᠤᠴᠢᠨ ︽ᠲᠦᠷᠦ ᠶᠢᠨ ᠪᠣᠳᠣᠯᠭ᠎ᠠ︾ ᠶᠢᠨ ᠬᠠᠷᠢᠴᠠᠭᠤᠯᠤᠯ      ᠨᠢᠭᠡ ᠳᠤ᠂ ᠳᠡᠮᠵᠢᠬᠦ ᠭᠤᠣᠯ ᠴᠣᠭᠴᠠ ᠶᠢᠨ ᠲᠠᠯ᠎ᠠ ᠪᠠᠷ᠂ ᠳᠦᠷᠦ ᠶᠢᠨ ᠪᠣᠳᠣᠯᠭ᠎ᠠ ᠶᠢᠨ ᠠᠵᠤ ᠠᠬᠤᠶᠢᠯᠠᠯ ᠢ ᠪᠦᠷᠬᠦᠬᠦ ᠨᠢᠭᠡᠳᠦᠯᠲᠡᠢ ᠴᠢᠨᠠᠷ ᠢ ᠭᠦᠢᠴᠡᠳ ᠪᠣᠳᠣᠯᠬᠢᠯᠠᠵᠤ᠂ ᠳᠦᠷᠦ ᠶᠢᠨ ᠪᠣᠳᠣᠯᠭ᠎ᠠ ᠪᠠᠷ ᠳᠡᠮᠵᠢᠬᠦ ᠭᠤᠣᠯ ᠷᠴᠣᠭᠴᠠ ᠶᠢ ᠬᠤᠳᠠ ᠶᠢᠨ ᠵᠠᠰᠠᠭ ᠤᠨ ᠣᠷᠳᠣᠨ ᠪᠣᠯᠣᠨ ᠬᠤᠷᠢᠨᠭᠡᠷ ᠰᠢᠨ᠎ᠡ ᠲᠣᠭᠤᠷᠢᠭ ᠠᠴᠠ ᠬᠤᠳᠠ ᠶᠢᠨ ᠵᠠᠰᠠᠭ ᠤᠨ ᠣᠳᠣᠨ ᠠᠴᠠ ᠨᠢᠭᠡᠳᠦᠯᠲᠡᠢ ᠳᠡᠮᠵᠢᠬᠦ ᠪᠣᠯᠭᠠᠨ ᠲᠣᠬᠢᠷᠠᠭᠤᠯᠵᠤ᠂ ᠳᠠᠩ ᠭᠠᠭᠴᠠ ᠠᠵᠤ ᠠᠬᠤᠶᠢᠯᠠᠯ ᠤᠯᠠᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠬᠠᠨᠳᠤᠬᠤ ᠠᠴᠠ ᠵᠠᠶᠢᠯᠠᠰᠬᠢᠵᠦ᠂ ᠠᠵᠤ ᠠᠬᠤᠶᠢᠯᠠᠯ ᠢ ᠳᠤᠲᠠᠭᠤ ᠭᠦᠶᠦᠯᠭᠡᠵᠦ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃      ᠬᠤᠶᠠᠷ ᠲᠤ᠂ ᠲᠤᠬᠠᠶᠢᠯᠠᠭᠰᠠᠨ ᠠᠵᠢᠯ ᠤᠨ ᠵᠠᠭᠪᠤᠷ ᠤᠨ ᠲᠠᠯ᠎ᠠ ᠪᠠᠷ᠂ ᠤᠤᠯ ᠤᠨ ᠲᠥᠷᠥ ᠶᠢᠨ ᠪᠣᠳᠣᠯᠭ᠎ᠠ ᠲᠤ ᠪᠣᠳᠠᠲᠠᠢ ᠲᠤᠬᠠᠶᠢᠯᠠᠭᠰᠠᠨ ᠠᠵᠢᠯ ᠤᠨ ᠬᠡᠪ ᠵᠠᠭᠪᠤᠷ ᠬᠤᠪᠢᠶᠠᠵᠤ ᠪᠠᠶᠢᠭᠰᠠᠨ ᠦᠭᠡᠢ ᠶᠢ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠ ᠬᠠᠷᠢᠶ᠎ᠠ ᠭᠠᠵᠠᠷ ᠲᠤ ᠦᠵᠡᠭᠦᠯᠦᠭᠰᠡᠨ ᠦᠨᠡᠨ ᠪᠣᠳᠠᠳᠠᠢ ᠬᠤᠪᠢ ᠨᠡᠮᠡᠷᠢ ᠪᠠᠷ ᠳᠡᠮᠵᠢᠯᠭᠡ ᠶᠢᠨ ᠪᠠᠷᠢᠮᠵᠢᠶ᠎ᠠ ᠬᠤᠪᠢᠶᠠᠵᠤ᠂ ︽ᠡᠯᠧᠺᠲᠷᠣᠨ ᠬᠤᠳᠠᠯᠳᠤᠭᠠᠨ ᠤ ᠶᠠᠪᠤᠳᠠᠯ︾ ︵9610︶ ᠪᠠ ︽ᠭᠠᠶᠢᠯᠢ ᠪᠠᠲᠤᠯᠠᠬᠤ ᠡᠯᠧᠺᠲᠷᠣᠨ ᠬᠤᠳᠠᠯᠳᠤᠭ᠎ᠠ︾ ︵1210︶ ᠵᠡᠷᠭᠡ ᠭᠤᠣᠯᠳᠠᠭᠤ ᠬᠤᠪᠢ ᠬᠥᠮᠥᠨ ᠤ ᠬᠡᠷᠡᠭᠯᠡᠭᠴᠢ ᠳᠤ ᠬᠠᠨᠳᠤᠭᠤᠯᠤᠭᠰᠠᠨ ᠲᠤᠬᠠᠶᠢᠯᠠᠭᠰᠠᠨ ᠠᠵᠢᠯ ᠤᠨ ᠵᠠᠭᠪᠤᠷ ᠲᠤ ᠴᠢᠭᠯᠡᠭᠦᠯᠦᠨ᠂ ᠳᠡᠮᠵᠢᠬᠦ ᠬᠡᠪᠴᠢᠶ᠎ᠡ ᠶᠢ ᠵᠣᠬᠢᠰᠲᠠᠢ ᠳᠡᠭᠡᠭᠰᠢᠯᠡᠭᠦᠯᠵᠦ᠂ ᠰᠢᠤᠳᠠᠨ ᠲᠦᠷᠭᠡᠨ ᠬᠦᠷᠭᠡᠯᠲᠡ ᠶᠢᠨ ᠲᠥᠷᠥᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠤᠨ ᠪᠠᠭᠲᠠᠭᠠᠮᠵᠢ ᠶᠢ ᠠᠬᠢᠭᠤᠯᠤᠨ ᠳᠡᠭᠡᠭᠰᠢᠯᠡᠭᠦᠯᠵᠦ᠂ ᠢᠯᠠᠩᠭᠤᠶ᠎ᠠ ᠮᠠᠨ ᠤ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠪᠣᠯᠬᠤ ᠳᠠᠪᠠᠭᠤᠯᠢᠭ ᠢ ᠪᠠᠳᠠᠷᠠᠭᠤᠯᠵᠤ᠂ ᠬᠢᠯᠢ ᠶᠢᠨ ᠭᠠᠳᠠᠨ᠎ᠠ ᠦᠢᠯᠡᠳᠪᠦᠷᠢᠯᠡᠭᠰᠡᠨ ᠡᠯᠧᠺᠲᠷᠣᠨ ᠬᠤᠳᠠᠯᠳᠤᠭᠠᠨ ᠤ ᠦᠢᠯᠡᠳᠬᠦᠨ ᠢ ᠳᠥᠭᠦᠮ ᠳᠥᠲᠡ ᠲᠦᠷᠭᠡᠨ ᠬᠤᠳᠠᠯᠳᠤᠨ ᠠᠪᠴᠤ ᠲᠡᠶᠢᠯᠬᠦ ᠪᠣᠯᠭᠠᠨ᠎ᠠ᠃ ᠡᠭᠦᠨ ᠤ ᠬᠠᠮᠲᠤ᠂ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B ᠶᠢ ᠰᠢᠭᠤᠳ ᠭᠠᠳᠠᠭᠠᠳᠤ ᠳᠤ ᠭᠠᠷᠭᠠᠬᠤ︾ ︵9710︶ ᠪᠠ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢᠨ ᠭᠠᠳᠠᠭᠠᠳᠤ ᠳᠠᠬᠢ ᠬᠥᠮᠥᠷᠭᠡ︾ ︵9810︶ ᠶᠢᠨ ᠲᠤᠬᠠᠶᠢᠯᠠᠭᠰᠠᠨ ᠠᠵᠢᠯ ᠤᠨ ᠵᠠᠭᠪᠤᠷ ᠲᠤ ᠴᠢᠭᠯᠡᠭᠦᠯᠦᠨ᠂ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠨᠢ ᠣᠲᠣ ᠪᠠᠶᠢᠭ᠎ᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠥᠬᠦ ᠲᠤᠬᠠᠶᠢᠯᠠᠭᠰᠠᠨ ᠠᠵᠢᠯ ᠤᠨ ᠵᠠᠭᠪᠤᠷ ᠢ ᠬᠠᠮᠤᠷᠪᠠ᠃      ᠭᠤᠷᠪᠠ ᠳᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠬᠤ ᠲᠠᠯ᠎ᠠ ᠪᠠᠷ᠂ ᠭᠤᠣᠯᠳᠠᠭᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ᠂ ᠭᠤᠷᠪᠠᠳᠠᠭᠢ ᠡᠲᠡᠭᠡᠳ ᠤᠨ ᠲᠠᠪᠴᠠᠩ᠂ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ᠂ ᠭᠠᠳᠠᠭᠠᠳᠤ ᠳᠠᠬᠢ ᠬᠥᠮᠥᠷᠭᠡ ᠪᠠ ᠰᠦᠯᠵᠢᠶᠡᠨ ᠠᠴᠠ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠴᠢᠭᠯᠡᠭᠦᠯᠦᠨ ᠳᠡᠮᠵᠢᠬᠦ ᠲᠥᠷᠥ ᠶᠢᠨ ᠪᠣᠳᠣᠯᠭ᠎ᠠ ᠲᠣᠭᠲᠠᠭᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠴᠤᠭᠯᠠᠷᠠᠯ ᠢ ᠠᠬᠢᠭᠤᠯᠤᠨ᠂ ᠵᠢᠵᠢᠭ ᠪᠢᠴᠢᠯ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠢᠯᠠᠩᠭᠤᠶ᠎ᠠ ᠰᠦᠯᠵᠢᠶᠡᠨ ᠠᠴᠠ ᠭᠠᠳᠠᠭᠤᠷ ᠳᠡᠯᠭᠡᠨ ᠦᠵᠡᠭᠦᠯᠬᠦ᠂ ᠰᠦᠯᠵᠢᠶᠡᠨ ᠠᠴᠠ ᠳᠣᠷᠣᠭᠰᠢ ᠵᠠᠬᠢᠶᠠᠯᠠᠬᠤ ᠲᠤᠷᠰᠢᠯᠲᠠ ᠶᠢᠨ ᠳᠡᠯᠭᠡᠭᠦᠷ ᠲᠤ ᠭᠤᠣᠯᠳᠠᠯᠭ᠎ᠠ ᠲᠠᠢ ᠳᠡᠮᠵᠢᠯᠭᠡ ᠦᠵᠡᠭᠦᠯᠵᠦ᠂ ᠪᠣᠳᠠᠲᠤ ᠶᠠᠭᠤᠮ᠎ᠠ ᠶᠢᠨ ᠲᠠᠸᠠᠷ ᠤᠨ ᠲᠥᠷᠥᠯ ᠵᠦᠢᠯ ᠡᠯᠪᠡᠭ ᠪᠠᠶᠠᠯᠢᠭ᠂ ᠬᠤᠳᠠᠯᠳᠤᠨ ᠠᠪᠬᠤ ᠠᠷᠭ᠎ᠠ ᠮᠠᠶ᠋ᠢᠭ ᠳᠥᠭᠦᠮ ᠳᠥᠲᠡ᠂ ᠲᠠᠸᠠᠷ ᠢ ᠲᠦᠷᠭᠡᠨ ᠬᠦᠷᠭᠡᠬᠦ ᠶᠡᠷᠦᠩᠬᠡᠶᠢᠯᠡᠭᠰᠡᠨ ᠪᠡᠶᠡᠴᠢᠯᠡᠨ ᠣᠶᠢᠯᠠᠭᠠᠬᠤ ᠲᠥᠪ ᠢ ᠪᠠᠶᠢᠭᠤᠯᠬᠤ ᠶᠢ ᠠᠬᠢᠭᠤᠯᠵᠤ᠂ ᠬᠤᠳᠠᠯᠳᠤᠨ ᠠᠪᠬᠤ ᠠᠷᠭ᠎ᠠ ᠵᠠᠮ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ︽ᠪᠣᠳᠠᠲᠤ ᠶᠠᠭᠤᠮ᠎ᠠ ᠶᠢᠨ ᠪᠡᠶᠡᠴᠢᠯᠡᠨ ᠣᠶᠢᠯᠠᠭᠠᠬᠤ + ᠰᠦᠯᠵᠢᠶᠡᠨ ᠳᠡᠭᠡᠷ᠎ᠡ ᠵᠠᠬᠢᠶᠠᠯᠠᠬᠤ + ᠰᠦᠯᠵᠢᠶᠡᠨ ᠭᠠᠳᠠᠨ᠎ᠠ ᠪᠠᠷᠠᠭ᠎ᠠ ᠣᠯᠬᠤ︾ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠰᠢᠨ᠎ᠡ ᠵᠠᠭᠪᠤᠷ ᠢ ᠮᠡᠳᠡᠷᠡᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠤᠪᠢ ᠬᠥᠮᠥᠨ ᠳᠤ ᠠᠰᠢᠭ ᠬᠦᠷᠲᠡᠭᠡᠬᠦ ᠭᠠᠳᠠᠭᠠᠳᠤ  ᠠᠴᠠ ᠣᠷᠣᠭᠤᠯᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠭᠦᠢᠴᠡᠳ ᠬᠦᠷᠲᠡᠭᠡᠵᠦ᠂ ᠣᠷᠣᠨ ᠤ ᠲᠥᠪ ᠤᠨ ᠵᠢᠵᠢᠭᠯᠡᠨ ᠬᠤᠳᠠᠯᠳᠤᠬᠤ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠎ᠠ᠃      ᠳᠥᠷᠪᠡ ᠳᠤ᠂ ᠪᠤᠰᠤᠳ ᠲᠠᠯ᠎ᠠ ᠪᠠᠷ᠂ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠳᠤ ᠴᠢᠭᠯᠡᠭᠦᠯᠦᠨ᠂ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡ ᠪᠠ ᠭᠠᠶᠢᠯᠢ ᠪᠠᠲᠤᠯᠠᠬᠤ ᠬᠥᠮᠥᠷᠭᠡᠯᠡᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠪᠠ︔ ᠣᠷᠣᠨ ᠤ ᠲᠥᠪ ᠲᠤ  ᠶᠡᠭᠡ ᠳᠡᠭᠡᠳᠦ ᠰᠤᠷᠭᠠᠭᠤᠯᠢ ᠶᠢᠨ ᠲᠥᠪᠯᠡᠷᠡᠭᠰᠡᠨ ᠳᠠᠪᠠᠭᠤᠯᠢᠭ ᠢ ᠠᠰᠢᠭᠯᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠥᠮᠥᠵᠢᠭᠦᠯᠬᠦ ᠳᠤ ᠵᠣᠬᠢᠬᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠪᠠ᠃      ᠭᠤᠷᠪᠠ᠂ ︽ᠲᠦᠷᠦ ᠶᠢᠨ ᠪᠣᠳᠣᠯᠭ᠎ᠠ︾ ᠶᠢᠨ ᠭᠤᠣᠯ ᠠᠭᠤᠯᠭ᠎ᠠ      ︽ᠲᠦᠷᠦ ᠶᠢᠨ ᠪᠣᠳᠣᠯᠭ᠎ᠠ︾ ᠶᠢ ᠨᠡᠶᠢᠳᠡ ᠠᠷᠪᠠᠨ ᠨᠢᠭᠡᠨ ᠵᠦᠢᠯ ᠬᠤᠪᠢᠶᠠᠨ᠎ᠠ᠂ ᠭᠤᠣᠯ ᠠᠭᠤᠯᠭ᠎ᠠ ᠨᠢ ᠳᠣᠣᠷᠠᠬᠢ ᠮᠡᠲᠦ᠄     ᠨᠢᠭᠡᠳᠦᠭᠡᠷ ᠵᠦᠢᠯ ᠠᠴᠠ ᠬᠤᠶᠠᠳᠤᠭᠠᠷ ᠵᠦᠢᠯ ᠳᠤ᠂ ᠲᠦᠷᠦ ᠶᠢᠨ ᠪᠣᠳᠣᠯᠭ᠎ᠠ ᠶᠢ ᠨᠡᠶᠢᠲᠡᠯᠡᠭᠰᠡᠨ ᠭᠤᠣᠯ  ᠥᠨᠳᠦᠰᠦᠯᠡᠯ᠂ ᠲᠣᠬᠢᠷᠠᠬᠤ ᠡᠲᠡᠭᠡᠳ ᠲᠤ ᠲᠣᠳᠣᠷᠬᠠᠶᠢᠯᠠᠯᠲᠠ ᠬᠢᠪᠡ᠃      ᠭᠤᠷᠪᠠᠳᠤᠭᠠᠷ ᠵᠦᠢᠯ ᠳᠤ᠂ ᠪᠡᠯᠡ ᠮᠥᠩᠭᠦ ᠪᠠᠷ ᠳᠡᠮᠵᠢᠬᠦ ᠡᠲᠡᠭᠡᠳ ᠪᠠ ᠪᠠᠷᠢᠮᠵᠢᠶ᠎ᠠ ᠶᠢ ᠲᠣᠳᠣᠷᠬᠠᠶᠢᠯᠠᠪᠠ᠃ ᠠᠷᠠᠯᠵᠢᠶ᠎ᠠ ᠶᠢᠨ ᠲᠤᠭ᠎ᠠ ᠶᠢ ᠦᠨᠳᠦᠰᠦᠯᠡᠨ᠂ ᠠᠳᠠᠯᠢ ᠪᠤᠰᠤ ᠪᠠᠷᠢᠮᠵᠢᠶ᠎ᠠ ᠪᠠᠷ ︽1210᠂ 9610︾ ᠵᠠᠭᠪᠤᠷ᠂ ︽9710᠂ 9810︾ ᠵᠠᠭᠪᠤᠷ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ 020 ᠰᠦᠯᠵᠢᠶᠡᠨ ᠠᠴᠠ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠶᠢᠯᠢ ᠪᠠᠲᠤᠯᠠᠬᠤ ᠬᠥᠮᠥᠷᠭᠡᠯᠡᠯᠲᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠭᠠᠳᠠᠭᠠᠳᠤ ᠳᠠᠬᠢ ᠬᠥᠮᠥᠷᠭᠡᠯᠡᠯᠲᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠥᠷᠨᠢᠭᠦᠯᠬᠦ᠂ ᠭᠤᠷᠪᠠᠳᠠᠭᠢ ᠡᠲᠡᠭᠡᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠦᠢᠯᠡᠳᠦᠯ ᠢ ᠪᠠᠳᠠᠷᠠᠭᠤᠯᠬᠤ ᠵᠢᠴᠢ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠷᠤᠳᠠᠯ ᠵᠡᠷᠭᠡ ᠲᠠᠯ᠎ᠠ ᠳᠤ ᠳᠡᠮᠵᠢᠯᠭᠡ ᠦᠵᠡᠭᠦᠯᠦᠨ᠎ᠡ᠃ ᠡᠭᠦᠨ ᠤ ᠬᠠᠮᠲᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠥᠷᠥᠯ ᠵᠦᠢᠯ ︵ᠭᠤᠣᠯ ᠴᠣᠭᠴᠠ︶ ᠳᠤ ︽ᠨᠢᠭᠡ  ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃      ᠳᠥᠷᠪᠡᠳᠦᠭᠡᠷ ᠵᠦᠢᠯ ᠠᠴᠠ ᠵᠢᠷᠭᠤᠳᠤᠭᠠᠷ ᠵᠦᠢᠯ ᠳᠤ᠂  ᠭᠤᠶᠤᠴᠢᠯᠠᠨ ᠮᠡᠳᠡᠭᠦᠯᠦᠯᠲᠡ ᠶᠢ  ᠭᠥᠯᠢᠶᠡᠨ ᠠᠪᠴᠤ ᠰᠢᠢᠳᠪᠦᠷᠢᠯᠡᠬᠦ ᠨᠢᠭᠡᠴᠡ᠂ ᠭᠤᠶᠤᠴᠢᠯᠠᠬᠤ ᠮᠠᠲ᠋ᠧᠷᠢᠶᠠᠯ᠂ ᠲᠥᠷᠥᠯ ᠵᠦᠢᠯ ᠢ ᠬᠢᠨᠠᠨ ᠲᠣᠭᠲᠠᠭᠠᠬᠤ᠂ ᠲᠥᠷᠥᠯ ᠵᠦᠢᠯ ᠢ ᠢᠯᠡ ᠨᠡᠶᠢᠲᠡᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠪᠠ᠃      ᠳᠣᠯᠣᠳᠤᠭᠠᠷ ᠵᠦᠢᠯ ᠠᠴᠠ ᠶᠢᠰᠦᠳᠦᠭᠡᠷ ᠵᠦᠢᠯ ᠳᠤ᠂ ᠪᠡᠯᠡ ᠮᠥᠩᠭᠦ ᠰᠢᠯᠵᠢᠭᠦᠯᠦᠨ ᠥᠭᠬᠦ ᠨᠢᠭᠡᠴᠡ᠂ ᠰᠢᠯᠵᠢᠭᠦᠯᠦᠨ ᠥᠭᠬᠦ ᠴᠠᠭ ᠤᠨ ᠬᠢᠵᠠᠭᠠᠷ ᠢ ᠲᠣᠳᠣᠷᠬᠠᠶᠢᠯᠠᠬᠤ ᠶᠢᠨ ᠬᠠᠮᠲᠤ ᠬᠠᠷᠢᠭᠤᠴᠠᠯᠭ᠎ᠠ ᠨᠡᠬᠡᠮᠵᠢᠯᠡᠬᠦ᠂ ᠬᠢᠨᠠᠯᠲᠠ ᠲᠠᠯᠪᠢᠵᠤ ᠪᠠᠶᠢᠴᠠᠭᠠᠬᠤ ᠲᠤᠬᠠᠢ ᠲᠣᠭᠲᠠᠭᠠᠯ ᠭᠠᠷᠭᠠᠵᠠᠢ᠃      ᠠᠷᠪᠠᠳᠤᠭᠠᠷ ᠵᠦᠢᠯ ᠠᠴᠠ ᠠᠷᠪᠠᠨ ᠨᠢᠭᠡᠳᠦᠭᠡᠷ ᠵᠦᠢᠯ ᠳᠤ᠂ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠬᠤ ᠡᠷᠬᠡ᠂ ᠬᠡᠷᠡᠭᠵᠢᠭᠦᠯᠬᠦ ᠬᠤᠭᠤᠴᠠᠭ᠎ᠠ ᠶᠢ ᠲᠣᠳᠣᠷᠬᠠᠶᠢᠯᠠᠪᠠ᠃  
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1