ᠲᠠᠪᠢᠨ ᠭᠡᠷ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ 1 ᠦᠢᠯᠡᠳᠦᠯᠭᠡ ᠶᠢᠨ | ᠭᠠᠵᠠᠷ᠂ 15 ᠦᠢᠯᠡᠳᠦᠯᠭᠡ ᠶᠢᠨ ᠦᠷᠳᠡᠭᠡ ᠭᠠᠷᠭᠠᠵᠤ᠂ ᠲᠣᠰᠬᠤᠨ ᠤ ᠠᠷᠠᠳ ᠤᠨ ᠰᠤᠷᠭᠠᠨ ᠬᠥᠮᠦᠵᠢᠯ ᠤᠨ | ᠦᠷᠳᠡᠭᠡ᠂ ᠰᠣᠶᠣᠯ ᠤᠨ ᠠᠵᠢᠯᠯᠠᠭᠠᠨ ᠤ ᠦᠷᠳᠡᠭᠡ᠂ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠦᠷᠳᠡᠭᠡ᠂ | ᠤᠨᠤᠯ ᠤᠨ ᠤᠬᠠᠭᠤᠯᠤᠨ ᠲᠠᠶᠢᠯᠪᠤᠷᠢᠯᠠᠬᠤ ᠦᠷᠳᠡᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ | ᠦᠷᠳᠡᠭᠡ ᠵᠡᠷᠭᠡ ᠲᠠᠪᠤᠨ ᠶᠡᠭᠡ ᠴᠢᠳᠠᠪᠬᠢ ᠶᠢᠨ ᠦᠷᠳᠡᠭᠡ ᠶᠢ ᠲᠣᠬᠢᠷᠠᠭᠤᠯᠵᠤ᠂ ᠡᠯ᠎ᠡ ᠦᠢᠯᠡᠳᠦᠯᠭᠡ ᠶᠢᠨ ᠦᠷᠳᠡᠭᠡ | ᠨᠢ ᠲᠤᠰ ᠪᠡᠶ᠎ᠡ ᠶᠢᠨ ᠵᠥᠭᠡᠯᠡᠨ ᠬᠠᠲᠠᠭᠤ ᠬᠡᠷᠡᠭᠰᠡᠯ ᠤᠨ ᠡᠬᠢ ᠪᠠᠶᠠᠯᠢᠭ ᠢᠶᠠᠨ ᠠᠰᠢᠭᠯᠠᠵᠤ᠂ ᠲᠤᠰ ᠪᠡᠶ᠎ᠡ ᠶᠢᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠤᠯᠠᠨ ᠶᠠᠩᠵᠤ ᠶᠢᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ᠃ | ᠡᠨᠡ ᠵᠢᠯ ᠠᠴᠠ ᠨᠠᠰᠢ᠂ ᠲᠠᠪᠢᠨ ᠭᠡᠷ ᠪᠠᠯᠭᠠᠰᠤᠨ ᠤ ᠬᠢᠨ ᠪᠠᠯᠭᠠᠰᠤᠨ ᠤ ᠨᠠᠰᠤᠵᠢᠭᠰᠠᠨ ᠬᠥᠮᠥᠨ ᠠᠮᠠ | ᠨᠡᠯᠢᠶᠡᠳ ᠣᠯᠠᠨ᠂ ᠠᠮᠠᠷᠠᠯᠲᠠ ᠶᠢᠨ ᠬᠤᠭᠤᠴᠠᠭᠠᠨ ᠳᠤ ᠨᠠᠰᠤᠨ ᠳᠤ ᠥᠯᠥ ᠬᠦᠷᠦᠭᠰᠡᠳ ᠤᠨ ᠠᠮᠠᠷᠠᠯᠲᠠ ᠶᠢᠨ | ᠬᠤᠭᠤᠴᠠᠭᠠᠨ ᠤ ᠠᠮᠢᠳᠤᠷᠠᠯ ᠨᠢ ᠨᠡᠯᠢᠶᠡᠳ ᠳᠠᠩ ᠴᠤᠯᠭᠤᠢ ᠪᠠᠶᠢᠬᠤ ᠪᠣᠳᠠᠲᠤ ᠪᠠᠶᠢᠳᠠᠯ ᠢ ᠪᠣᠳᠣᠯᠬᠢᠯᠠᠵᠤ᠂ ︽ | ᠲᠤᠯᠤᠭᠠᠨ ᠥᠩᠭᠡᠲᠦ ᠠᠮᠠᠷᠠᠯᠲᠠ ᠶᠢᠨ ᠬᠤᠭᠤᠴᠠᠭ᠎ᠠ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ | ᠲᠥᠷᠥᠯ ᠵᠦᠢᠯ ᠢ ᠨᠡᠶᠢᠲᠡᠯᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠲᠠᠨ ᠤ ᠭᠤᠣᠯ ᠴᠣᠭᠴᠠ ᠶᠢ | ᠨᠤᠲᠤᠭ ᠲᠠᠭᠠᠨ ᠪᠤᠴᠠᠭᠰᠠᠨ ᠣᠶᠤᠲᠠᠳ ᠵᠢᠴᠢ ᠣᠶᠤᠲᠠᠳ ᠤᠨ ᠰᠠᠶᠢᠨ ᠳᠤᠷ᠎ᠠ ᠶᠢᠨ ᠠᠵᠢᠯᠯᠠᠭᠴᠢᠳ ᠤᠨ | ᠬᠠᠮᠲᠤᠯᠢᠭ ᠲᠤ ᠲᠥᠪᠯᠡᠷᠡᠭᠦᠯᠵᠦ᠂ ᠲᠣᠰ ᠬᠠᠮᠲᠤᠯᠢᠭ ᠤᠨ ᠶᠡᠷᠦᠩᠬᠡᠶᠢᠯᠡᠭᠰᠡᠨ ᠴᠢᠳᠠᠪᠤᠷᠢ ᠪᠠᠷ ᠴᠢᠩᠭ᠎ᠠ᠂ ᠴᠠᠭ | ᠬᠤᠭᠤᠴᠠᠭ᠎ᠠ ᠪᠠᠷ ᠬᠠᠷᠢᠴᠠᠩᠭᠤᠢ ᠭᠦᠢᠴᠡᠳ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠲᠣᠰᠬᠤᠨ ᠳᠤ | ᠰᠠᠭᠤᠵᠤ ᠪᠠᠶᠢᠭ᠎ᠠ ᠬᠡᠦᠬᠡᠳ ᠵᠢᠴᠢ ᠠᠮᠠᠷᠠᠯᠲᠠ ᠶᠢᠨ ᠬᠤᠭᠤᠴᠠᠭᠠᠨ ᠳᠤ ᠪᠤᠴᠠᠵᠤ ᠢᠷᠡᠭᠰᠡᠨ ᠨᠠᠰᠤᠨ ᠳᠤ ᠥᠯᠥ | ᠭᠦᠷᠦᠭᠰᠡᠳ ᠲᠤ ᠰᠣᠶᠣᠯ ᠪᠡᠶ᠎ᠡ ᠶᠢᠨ ᠲᠠᠮᠢᠷ ᠤᠨ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠨ᠎ᠠ᠃ | ᠬᠥᠳᠡᠯᠭᠡᠭᠡᠨ ᠡᠬᠢᠯᠡᠭᠰᠡᠨ ᠤ ᠡᠬᠢᠨ ᠤ ᠦᠶ᠎ᠡ ᠳᠤ᠂ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠥᠷᠲᠡᠭᠡᠨ ᠤ | ᠠᠵᠢᠯᠲᠠᠳ ᠲᠥᠷᠥᠯ ᠵᠦᠢᠯ ᠤᠨ ᠵᠢᠷᠤᠭ ᠲᠥᠯᠥᠪᠯᠡᠭᠡ ᠪᠠᠷ ᠳᠠᠮᠵᠢᠭᠤᠯᠤᠨ ︽ᠳᠣᠯᠣᠭᠠᠨ ᠥᠩᠭᠡᠲᠦ ᠠᠮᠠᠷᠠᠯᠲᠠ︾ | ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠲᠣᠬᠢᠷᠠᠭᠤᠯᠤᠯᠲᠠ ᠶᠢ ᠨᠠᠷᠢᠯᠢᠭᠵᠢᠭᠤᠯᠵᠤ᠂ ︽ | ᠰᠣᠶᠣᠯ ᠵᠤᠭ᠎ᠠ ᠴᠡᠩᠭᠡᠯ︾᠂ ︽ᠪᠡᠶ᠎ᠡ ᠶᠢᠨ ᠲᠠᠮᠢᠷ ᠤᠨ ᠪᠣᠯᠪᠠᠰᠤᠷᠠᠯ︾᠂ ︽ᠬᠢᠴᠢᠶᠡᠯ ᠰᠤᠷᠤᠯᠭ᠎ᠠ ᠶᠢᠨ | ᠬᠠᠪᠰᠤᠷᠤᠨ ᠵᠢᠯᠣᠭᠤᠳᠤᠯᠭ᠎ᠠ︾ ᠵᠡᠷᠭᠡ ᠭᠤᠷᠪᠠᠨ ᠶᠡᠭᠡ ᠠᠵᠢᠯᠯᠠᠭ᠎ᠠ ᠶᠢᠨ ᠲᠥᠷᠥᠯ ᠬᠡᠯᠪᠡᠷᠢ ᠵᠢᠴᠢ ︽ᠵᠢᠷᠤᠭ ᠤᠨ | ᠴᠠᠭᠠᠰᠤᠨ ᠬᠠᠶᠢᠴᠢᠯᠠᠮᠠᠯ︾᠂ ︽ᠨᠠᠩᠭᠢ ᠰᠢᠷᠣᠢ ᠨᠠᠭᠠᠬᠤ︾᠂ ︽ᠳᠡᠭᠡᠰᠦ ᠦᠰᠦᠷᠬᠦ ᠲᠡᠪᠡᠭ︾ ᠵᠡᠷᠭᠡ ᠪᠣᠳᠠᠲᠠᠢ | ᠬᠡᠯᠪᠡᠷᠢ ᠶᠢ ᠲᠣᠭᠲᠠᠭᠠᠵᠤ᠂ ᠡᠯ᠎ᠡ ᠥᠷᠲᠡᠭᠡᠨ ᠤ ᠠᠵᠢᠯᠲᠠᠨ ᠢᠶᠠᠷ ᠳᠠᠮᠵᠢᠭᠤᠯᠤᠨ ᠲᠣᠰ ᠲᠣᠰᠬᠤᠨ ᠤ | ᠨᠤᠲᠤᠭ ᠲᠠᠭᠠᠨ ᠪᠤᠴᠠᠭᠰᠠᠨ ᠣᠶᠤᠲᠠᠳ ᠤᠨ ᠲᠤᠭ᠎ᠠ ᠵᠢᠴᠢ ᠬᠦᠰᠡᠯ ᠡᠷᠡᠮᠡᠯᠵᠡᠯ ᠢ ᠲᠣᠭᠲᠠᠭᠠᠵᠤ᠂ ᠳᠡᠭᠡᠳᠦ | ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠡᠳ᠋ ᠪᠣᠳᠠᠰ ᠪᠠ ᠠᠵᠢᠯᠲᠠᠨ ᠲᠣᠬᠢᠷᠠᠭᠤᠯᠵᠤ᠂ ᠨᠠᠰᠤᠨ ᠳᠤ ᠥᠯᠥ | ᠭᠦᠷᠦᠭᠰᠡᠳ ᠲᠤ ᠨᠠᠩ ᠡᠯᠪᠡᠭ ᠪᠠᠶᠠᠯᠢᠭ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠬᠠᠩᠭᠠᠨ᠎ᠠ᠃ | ᠣᠳᠣᠬᠠᠨ ᠳᠤ᠂ ᠲᠠᠪᠢᠨ ᠭᠡᠷ ᠪᠠᠯᠭᠠᠰᠤᠨ ᠤ ᠬᠠᠷᠢᠶᠠᠨ ᠳᠠᠬᠢ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠥᠷᠲᠡᠭᠡ ᠨᠢᠭᠡᠨᠲᠡ 19 ᠤᠳᠠᠭ᠎ᠠ ᠠᠵᠢᠯᠯᠠᠭ᠎ᠠ ᠥᠷᠨᠢᠭᠦᠯᠵᠦ᠂ ᠭᠡᠷ ᠤᠨ ᠠᠬᠠᠮᠠᠳ ᠤᠨ ᠰᠠᠶᠢᠨ | ᠦᠨᠡᠯᠡᠯᠲᠡ ᠶᠢ ᠣᠯᠣᠭᠰᠠᠨ ᠪᠠᠶᠢᠨ᠎ᠠ᠃ ᠠᠵᠢᠯᠯᠠᠭ᠎ᠠ ᠶᠢᠨ ᠲᠠᠰᠤᠷᠠᠯᠲᠠ ᠦᠭᠡᠢ ᠥᠷᠨᠢᠬᠦ ᠶᠢ ᠳᠠᠭᠠᠯᠳᠤᠨ᠂ | ᠴᠡᠷᠢᠭ ᠠᠴᠠ ᠬᠠᠯᠠᠭᠳᠠᠭᠰᠠᠳ᠂ ᠨᠠᠮ ᠤᠨ ᠭᠡᠰᠢᠭᠦᠨ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢᠳ ᠢᠳᠡᠭ | ᠢᠳᠡᠭ ᠢᠶᠠᠷ ᠣᠷᠣᠯᠴᠠᠵᠤ᠂ ᠣᠶᠤᠲᠠᠳ ᠤᠨ ᠰᠠᠶᠢᠨ ᠳᠤᠷ᠎ᠠ ᠶᠢᠨ ᠠᠵᠢᠯᠯᠠᠭᠴᠢᠳ ᠪᠠ ᠬᠡᠦᠬᠡᠳ ᠤᠳ ᠲᠠᠢ | ᠬᠠᠮᠲᠤ ᠪᠠᠷ ᠬᠥᠳᠡᠯᠦᠯᠴᠡᠨ᠂ ᠠᠵᠢᠯᠯᠠᠭ᠎ᠠ ᠳᠤ ᠣᠷᠣᠯᠴᠠᠨ ᠰᠠᠨᠠᠯ ᠢᠶᠠᠨ ᠰᠣᠯᠢᠯᠴᠠᠬᠤ ᠶᠢᠨ ᠵᠡᠷᠭᠡ ᠳᠤ ᠪᠠᠰᠠ | ᠬᠡᠦᠬᠡᠳ ᠤᠳ ᠢ ᠴᠡᠷᠢᠭ ᠤᠨ ᠠᠵᠢᠯ ᠮᠡᠷᠭᠡᠵᠢᠯ᠂ ᠨᠠᠮ ᠤᠨ ᠭᠡᠰᠢᠭᠦᠨ ᠤ ᠬᠢᠷᠢ ᠬᠡᠮ ᠤᠨ ᠲᠠᠯ᠎ᠠ ᠪᠠᠷ ᠨᠠᠩ ᠢᠯᠡᠭᠦᠦ | ᠣᠶᠢᠯᠠᠭᠠᠯᠲᠠ ᠲᠠᠢ ᠪᠣᠯᠭᠠᠵᠤ᠂ ᠭᠦᠨ ᠵᠤᠵᠠᠭᠠᠨ ᠳᠤᠷ᠎ᠠ ᠰᠣᠨᠢᠷᠬᠠᠯ ᠪᠠ ᠬᠦᠰᠡᠯ ᠡᠷᠡᠮᠡᠯᠵᠡᠯ ᠲᠠᠢ ᠪᠣᠯᠭᠠᠵᠠᠢ᠃ | ᠠᠵᠢᠯᠯᠠᠭ᠎ᠠ ᠶᠢ ᠥᠷᠨᠢᠭᠦᠯᠦᠭᠰᠡᠨ ᠨᠢ ᠨᠠᠰᠤᠨ ᠳᠤ ᠥᠯᠥ ᠭᠦᠷᠦᠭᠰᠡᠳ ᠤᠨ ᠠᠮᠠᠷᠠᠯᠲᠠ ᠶᠢᠨ ᠬᠤᠭᠤᠴᠠᠭᠠᠨ ᠤ | ᠠᠮᠢᠳᠤᠷᠠᠯ ᠢ ᠲᠤᠶᠢᠯ ᠤᠨ ᠶᠡᠭᠡ ᠪᠠᠷ ᠪᠠᠶᠠᠯᠢᠭᠵᠢᠭᠤᠯᠵᠤ᠂ ᠬᠡᠦᠬᠡᠳ ᠢ ᠬᠠᠪᠰᠤᠷᠤᠨ ᠵᠢᠯᠤᠭᠤᠳᠴᠤ ᠪᠠᠶᠢᠭᠠᠳ ᠵᠥᠪ | ᠭᠤᠷᠪᠠᠨ ᠦᠵᠡᠯᠲᠡ ᠪᠠ ᠭᠤᠸ᠎ᠠ ᠲᠠᠭᠠᠰᠢᠶᠠᠯ ᠢ ᠪᠣᠶ ᠪᠣᠯᠭᠠᠵᠤ᠂ ᠬᠡᠦᠬᠡᠳ ᠤᠨ ᠭᠠᠷ ᠬᠥᠳᠡᠯᠬᠦ ᠴᠢᠳᠠᠪᠤᠷᠢ ᠪᠠ | ᠦᠢᠯᠡᠳᠦᠯᠭᠡ ᠶᠢᠨ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠲᠠᠪᠢᠨ ᠭᠡᠷ ᠪᠠᠯᠭᠠᠰᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠯᠥᠪᠯᠡᠭᠡ ᠪᠠᠷ ︽ᠲᠤᠯᠤᠭᠠᠨ ᠥᠩᠭᠡ ᠶᠢᠨ ᠠᠮᠠᠷᠠᠯᠲᠠ ᠶᠢᠨ ᠬᠤᠭᠤᠴᠠᠭ᠎ᠠ︾ ᠶᠢᠨ ᠰᠠᠶᠢᠨ | ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ᠂ ᠤᠷᠤᠯᠳᠤᠭᠠᠨ ᠤᠷᠤᠯᠳᠤᠭᠠᠨ ᠤ ᠲᠥᠷᠥᠯ ᠤᠨ ᠠᠵᠢᠯᠯᠠᠭ᠎ᠠ ᠶᠢ ᠨᠡᠮᠡᠭᠳᠡᠭᠦᠯᠵᠦ᠂ ᠬᠡᠦᠬᠡᠳ ᠤᠨ | ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠬᠤ᠂ ᠮᠠᠬᠠᠯᠠᠶ ᠳᠤᠨᠢ ᠭᠠᠷᠬᠤ ᠪᠠᠷ ᠮᠡᠷᠡᠶᠢᠨ ᠴᠢᠷᠮᠠᠶᠢᠬᠤ ᠵᠣᠷᠢᠭ | ᠰᠠᠨᠠᠭ᠎ᠠ ᠶᠢ ᠬᠥᠮᠥᠵᠢᠭᠦᠯᠦᠨ᠎ᠡ᠃ ᠲᠥᠷᠥᠯ ᠵᠦᠢᠯ ᠤᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠲᠠᠯ᠎ᠠ ᠪᠠᠷ | ᠡᠴᠢᠭᠡ ᠡᠬᠡ ᠦᠷ᠎ᠡ ᠬᠡᠦᠬᠡᠳ ᠤᠨ ᠬᠠᠷᠢᠯᠴᠠᠨ ᠦᠢᠯᠡᠳᠦᠯᠴᠡᠬᠦ ᠲᠥᠷᠥᠯ ᠤᠨ ᠠᠵᠢᠯᠯᠠᠭ᠎ᠠ ᠶᠢ ᠨᠡᠮᠡᠭᠳᠡᠭᠦᠯᠵᠦ᠂ | ᠨᠠᠰᠤᠨ ᠳᠤ ᠥᠯᠥ ᠭᠦᠷᠦᠭᠰᠡᠳ ᠤᠨ ᠨᠠᠰᠤᠲᠠᠨ ᠢᠶᠠᠨ ᠬᠦᠨᠳᠦᠯᠡᠵᠦ ᠲᠥᠷᠥᠯ ᠰᠠᠳᠤᠨ ᠢᠶᠠᠨ ᠬᠠᠶᠢᠷᠠᠯᠠᠬᠤ᠂ | ᠪᠣᠯᠪᠠᠰᠤᠨ ᠶᠣᠰᠣᠷᠬᠠᠭ ᠦᠶᠯᠡ ᠠᠵᠢᠯᠯᠠᠭ᠎ᠠ ᠶᠢᠨ ᠳᠠᠳᠬᠠᠯ ᠢ ᠤᠯᠠᠮ ᠨᠢᠭᠡ ᠠᠯᠬᠤᠮ ᠬᠥᠮᠥᠵᠢᠭᠦᠯᠦᠨ᠎ᠡ᠃ | ᠬᠤᠶᠢᠰᠢᠳᠠ᠂ ᠲᠠᠪᠢᠨ ᠭᠡᠷ ᠪᠠᠯᠭᠠᠰᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠴᠦ ᠦᠷᠭᠦᠯᠵᠢᠯᠡᠨ | ᠤᠯᠠᠨ ᠲᠦᠮᠡᠨ ᠤ ᠪᠠᠴᠢᠮ ᠲᠤᠯᠭᠠᠮ᠎ᠠ ᠵᠣᠪᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ | ᠲᠦᠮᠡᠨ ᠤ ᠬᠡᠷᠡᠭᠴᠡᠭᠡ ᠲᠠᠢ᠂ ᠡᠯᠪᠡᠭ ᠪᠠᠶᠠᠯᠢᠭ ᠠᠭᠤᠯᠭ᠎ᠠ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ | ᠵᠦᠢᠯ ᠢ ᠪᠠᠶᠢᠭᠤᠯᠵᠤ᠂ ᠤᠯᠠᠨ ᠲᠦᠮᠡᠨ ᠤ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢᠲᠠᠢ | ᠲᠥᠷᠥᠭᠳᠡᠯ ᠢ ᠳᠡᠭᠡᠭᠰᠢᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠪᠣᠯᠣᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |