ᠶᠣᠰᠣ ᠮᠣᠷᠠᠯ ᠤᠨ ᠵᠢᠱᠢᠶᠡᠴᠢ᠂ ᠳᠡᠷᠭᠡᠳᠡᠬᠢ ᠰᠠᠶᠢᠨ ᠬᠥᠮᠥᠨ ᠤ ᠦᠯᠢᠭᠡᠷ ᠳᠠᠭᠤᠷᠢᠶᠠᠯ ᠤᠨ ᠬᠥᠲᠥᠯᠥᠨ | ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠳᠡᠷᠭᠡᠳᠡᠬᠢ ᠦᠯᠢᠭᠡᠷ ᠳᠠᠭᠤᠷᠢᠶᠠᠯ ᠤᠨ | ᠲᠡᠷᠢᠭᠦᠨ ᠤ ᠦᠢᠯᠡ ᠠᠵᠢᠯᠯᠠᠭ᠎ᠠ ᠶᠢ ᠭᠦᠨᠵᠡᠭᠡᠢ ᠰᠤᠷᠤᠯᠴᠠᠨ ᠥᠷᠭᠡᠨ ᠢᠶᠠᠷ ᠤᠬᠠᠭᠤᠯᠵᠤ᠂ ᠨᠡᠶᠢᠭᠡᠮ ᠵᠢᠷᠤᠮ ᠤᠨ | ᠭᠤᠣᠯᠯᠠᠬᠤ ᠦᠷᠳᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠵᠤ᠂ ᠦᠯᠢᠭᠡᠷ ᠳᠠᠭᠤᠷᠢᠶᠠᠯ ᠢ ᠡᠷᠬᠢᠮᠯᠡᠬᠦ᠂ ᠲᠡᠷᠢᠭᠦᠨ ᠤ | ᠪᠣᠯᠬᠤ ᠪᠠᠷ ᠴᠢᠷᠮᠠᠶᠢᠬᠤ᠂ ᠵᠢᠱᠢᠶᠡᠴᠢ ᠪᠣᠯᠬᠤ ᠪᠠᠷ ᠴᠢᠷᠮᠠᠶᠢᠬᠤ᠂ ᠭᠦᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠵᠤ᠂ ᠨᠡᠶᠢᠭᠡᠮ ᠤᠨ ᠢᠳᠡᠪᠬᠢ ᠬᠦᠴᠦᠨ ᠢ ᠪᠠᠳᠠᠷᠠᠭᠤᠯᠬᠤ ᠶᠢᠨ ᠲᠦᠯᠦᠭᠡ᠂ ᠣᠶᠢᠷ᠎ᠠ ᠳᠤ᠂ ᠲᠣᠭᠲᠠᠬᠤ | ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠠᠯᠪᠠᠨ ᠭᠡᠷ ᠤᠨ | ᠥᠷᠨᠢᠭᠦᠯᠦᠭᠰᠡᠨ ᠶᠣᠰᠣ ᠰᠤᠷᠲᠠᠬᠤᠨ ᠤ ᠵᠢᠱᠢᠶᠡᠴᠢ ᠵᠢᠴᠢ ︽ᠰᠠᠶᠢᠨ ᠭᠡᠷ ᠤᠨ ᠰᠤᠷᠲᠠᠯ ᠢ ᠲᠦᠮᠡᠨ ᠡᠷᠦᠬᠡ ᠳᠤ | ᠬᠦᠷᠭᠡᠶ᠎ᠡ︾ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠬᠠᠲᠤᠨ ᠭᠤᠣᠯ ᠤᠨ ᠴᠢᠭᠢᠭᠯᠢᠭ ᠭᠠᠵᠠᠷ ᠤᠨ ᠬᠠᠮᠢᠶᠠᠷᠤᠨ | ᠬᠠᠮᠠᠭᠠᠯᠠᠬᠤ ᠲᠥᠪ ᠤᠨ ᠬᠤᠸ ᠵᠢᠶᠠ ᠶᠣᠣ ᠲᠣᠰᠬᠤᠨ ᠳᠤ ᠶᠠᠪᠤᠭᠳᠠᠪᠠ᠃ | | | | | ᠭᠡᠷ ᠪᠦᠯᠢ ᠨᠢ ᠵᠥᠪᠬᠡᠨ ᠬᠥᠮᠥᠰ ᠤᠨ ᠪᠡᠶ᠎ᠡ ᠮᠠᠬᠠᠪᠤᠳ ᠤᠨ ᠣᠷᠣᠨ ᠰᠠᠭᠤᠴᠠ ᠲᠡᠳᠦᠢ ᠪᠢᠰᠢ᠃ ᠨᠡᠩ ᠴᠤ | ᠬᠥᠮᠥᠰ ᠤᠨ ᠰᠡᠳᠬᠢᠯ ᠰᠠᠨᠠᠭᠠᠨ ᠤ ᠦᠷ᠎ᠡ ᠳ᠋ᠦᠩ ᠮᠥᠨ᠂ ᠭᠡᠷ ᠤᠨ ᠰᠤᠷᠲᠠᠯ ᠰᠠᠶᠢᠨ ᠪᠣᠯ ᠭᠡᠷ ᠤᠨ ᠠᠮᠢᠳᠤᠷᠠᠯ | ᠥᠭᠡᠳᠡᠯᠡᠨ ᠮᠠᠨᠳᠤᠵᠤ᠂ ᠡᠶ᠎ᠡ ᠨᠠᠶᠢᠷᠠᠮᠳᠠᠭᠤ ᠰᠠᠶᠢᠨ ᠰᠠᠶᠢᠬᠠᠨ ᠪᠠᠶᠢᠵᠤ ᠴᠢᠳᠠᠨ᠎ᠠ︔ ᠭᠡᠷ ᠤᠨ ᠰᠤᠷᠲᠠᠯ ᠮᠠᠭᠤ ᠪᠣᠯ | ᠦᠷ᠎ᠡ ᠬᠤᠶᠢᠴᠢᠰ ᠲᠠᠭᠠᠨ ᠭᠠᠢ ᠵᠣᠪᠠᠯᠠᠩ ᠤᠴᠠᠷᠠᠭᠤᠯᠵᠤ᠂ ᠨᠡᠶᠢᠭᠡᠮ ᠳᠤ ᠬᠤᠣᠷ ᠬᠥᠨᠥᠭᠡᠯ ᠤᠴᠠᠷᠠᠭᠤᠯᠬᠤ ᠨᠢ | ᠵᠠᠶᠢᠯᠠᠰᠢ ᠦᠭᠡᠢ᠃ ᠠᠵᠢᠯᠯᠠᠭ᠎ᠠ ᠶᠢᠨ ᠳᠤᠮᠳᠠ᠂ ᠬᠥᠬᠡᠬᠤᠲᠠ ᠶᠢᠨ ᠪᠣᠯᠪᠠᠰᠤᠨ ᠭᠡᠷ ᠪᠦᠯᠢ᠂ ᠬᠠᠮᠤᠭ ᠤᠨ ᠭᠤᠶᠣ | ᠭᠡᠷ ᠪᠦᠯᠢ᠂ ᠲᠣᠭᠲᠠᠬᠤ ᠰᠠᠶᠢᠨ ᠬᠥᠮᠥᠨ ᠵᠡᠷᠭᠡ ᠣᠯᠠᠨ ᠵᠦᠢᠯ ᠤᠨ ᠢᠷᠠᠭᠤ ᠠᠯᠳᠠᠷ ᠢ ᠭᠥᠷᠳᠡᠭᠰᠡᠨ ᠶᠠᠩ ᠰᠢᠶᠠᠨ | ᠯᠠᠨ ᠥᠪᠡᠷ ᠤᠨ ᠭᠡᠷ ᠪᠦᠯᠢ ᠶᠢᠨ ᠥᠯᠢᠭᠡᠷ ᠢᠶᠠᠨ ᠶᠠᠷᠢᠬᠤ ᠪᠠᠷ ᠳᠡᠮᠵᠢᠨ᠂ ᠰᠠᠶᠢᠨ ᠰᠠᠶᠢᠬᠠᠨ ᠭᠡᠷ ᠤᠨ ᠰᠤᠷᠲᠠᠯ ᠤᠨ | ᠴᠢᠬᠤᠯᠠ ᠴᠢᠨᠠᠷ ᠢ ᠣᠯᠠᠨ ᠳᠤ ᠲᠠᠶᠢᠯᠪᠤᠷᠢᠯᠠᠵᠤ ᠥᠭᠴᠡᠢ᠂ ᠭᠡᠷ ᠤᠨ ᠰᠤᠷᠲᠠᠯ ᠤᠨ ᠰᠠᠶᠢᠨ ᠮᠠᠭᠤ ᠨᠢ ᠨᠡᠶᠢᠭᠡᠮ ᠤᠨ | ᠬᠡᠪ ᠰᠤᠷᠲᠠᠯ ᠪᠠ ᠨᠠᠮ ᠤᠨ ᠰᠤᠷᠲᠠᠯ ᠤᠨ ᠰᠠᠶᠢᠨ ᠮᠠᠭᠤ ᠪᠠᠶᠢᠬᠤ ᠣᠶᠢᠯᠠᠭᠠᠭᠳᠠᠬᠤᠨ ᠢ ᠰᠢᠭᠤᠳ ᠨᠥᠯᠥᠭᠡᠯᠡᠵᠦ | ᠪᠠᠶᠢᠨ᠎ᠠ᠃ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠭᠡᠷ ᠤᠨ ᠶᠣᠰᠣ ᠭᠡᠷ ᠤᠨ ᠰᠤᠷᠲᠠᠯ ᠤᠨ | ᠤᠬᠠᠭᠳᠠᠬᠤᠨ ᠢ ᠴᠢᠬᠤᠯᠠᠴᠢᠯᠠᠭᠤᠯᠤᠨ᠂ ᠭᠡᠷ ᠪᠦᠯᠢ ᠶᠢᠨ ᠰᠢᠯᠢᠳᠡᠭ ᠰᠠᠶᠢᠨ ᠰᠠᠶᠢᠬᠠᠨ ᠶᠣᠰᠣ ᠮᠣᠷᠠᠯ ᠢ ᠤᠯᠠᠮᠵᠢᠯᠠᠨ | ᠵᠠᠯᠭᠠᠮᠵᠢᠯᠠᠭᠤᠯᠵᠤ᠂ ᠡᠭᠦᠨ ᠤ ᠤᠯᠠᠮ ᠠᠴᠠ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠨᠡᠶᠢᠭᠡᠮ ᠤᠨ ᠬᠡᠪ | ᠰᠤᠷᠲᠠᠯ ᠢ ᠨᠢᠭᠲᠠᠷᠠᠭᠤᠯᠤᠨ᠎ᠠ᠃ | | | | | ᠶᠣᠰᠣ ᠰᠤᠷᠲᠠᠬᠤᠨ ᠪᠣᠯ ᠨᠢᠭᠡ ᠵᠦᠢᠯ ᠤᠨ ᠬᠦᠴᠦᠨ ᠮᠥᠨ᠂ ᠰᠠᠶᠢᠨ ᠬᠥᠮᠥᠨ ᠪᠣᠯ ᠨᠢᠭᠡᠨ ᠲᠤᠭ ᠮᠥᠨ᠃ | ᠶᠣᠰᠣ ᠰᠤᠷᠲᠠᠬᠤᠨ ᠤ ᠵᠢᠱᠢᠶᠡᠴᠢ ᠶᠢᠨ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ | ᠣᠯᠠᠨ ᠢ ᠬᠥᠲᠥᠯᠥᠨ ᠵᠢᠯᠤᠭᠤᠳᠴᠤ ᠪᠠᠶᠢᠭᠠᠳ ᠠᠮᠢᠳᠤᠷᠠᠯ ᠠᠵᠢᠯ ᠤᠨ ᠳᠤᠮᠳᠠ ᠪᠠᠨ ᠶᠣᠰᠣ ᠰᠤᠷᠲᠠᠬᠤᠨ ᠤ | ᠵᠢᠱᠢᠶᠡᠴᠢ ᠪᠠᠷ ᠳᠠᠭᠤᠷᠢᠶᠠᠯ ᠪᠣᠯᠭᠠᠵᠤ᠂ ᠳᠡᠷᠭᠡᠳᠡᠬᠢ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ᠂ ᠪᠣᠳᠠᠲᠠᠢ | ᠦᠭᠡ ᠶᠠᠷᠢᠶ᠎ᠠ ᠦᠶᠯᠡ ᠠᠵᠢᠯᠯᠠᠭ᠎ᠠ ᠪᠠᠷ ᠢᠶᠠᠨ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ | ᠵᠢᠱᠢᠶᠡᠴᠢ ᠦᠢᠯᠡᠳᠦᠯᠭᠡᠵᠢᠭᠦᠯᠦᠭᠴᠢ ᠪᠣᠯᠭᠠᠵᠤ᠂ ᠥᠭᠡᠳᠡᠯᠡᠨ ᠳᠠᠪᠰᠢᠬᠤ ᠵᠥᠪ ᠡᠨᠧᠷᠭᠢ ᠶᠢ ᠲᠠᠰᠤᠷᠠᠯᠲᠠ ᠦᠭᠡᠢ | ᠪᠠᠳᠠᠷᠠᠭᠤᠯᠤᠨ᠎ᠠ᠃ | |