ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠤᠨ ᠤ ᠤᠯᠠᠷᠢᠯ ᠤᠨ ᠠᠮᠤᠷ ᠢ | ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ | ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠣᠯᠣᠳᠤᠭᠠᠷ ᠤᠳᠠᠭ᠎ᠠ ᠶᠢᠨ ᠵᠤᠨ ᠤ ᠤᠯᠠᠷᠢᠯ ᠤᠨ | ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠲᠥᠪᠯᠡᠷᠡᠩᠭᠦᠢ ᠨᠢᠭᠡᠳᠦᠯᠲᠡᠢ ᠪᠠᠶᠢᠴᠠᠭᠠᠨ | ᠲᠣᠳᠣᠷᠬᠠᠶᠢᠯᠠᠬᠤ ᠠᠵᠢᠯᠯᠠᠭ᠎ᠠ ᠥᠷᠨᠢᠭᠦᠯᠵᠦ᠂ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠤᠨ ᠪᠠᠶᠢᠳᠠᠯ ᠢ | ᠢᠳᠡᠪᠬᠢᠲᠡᠢ ᠠᠷᠭᠠᠴᠠᠵᠤ᠂ ᠨᠡᠶᠢᠭᠡᠮ ᠤᠨ ᠲᠠᠯ᠎ᠠ ᠶᠢᠨ ᠰᠡᠷᠭᠡᠶᠢᠯᠡᠯᠲᠡ ᠡᠵᠡᠮᠳᠡᠯ ᠢ ᠪᠦᠬᠦ ᠲᠠᠯ᠎ᠠ ᠪᠠᠷ ᠴᠢᠩᠭᠠᠳᠬᠠᠵᠤ᠂ | ᠪᠦᠬᠦ ᠨᠡᠶᠢᠭᠡᠮ ᠳᠤ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠪᠤᠢ | ᠪᠣᠯᠭᠠᠪᠠ᠃ | ᠠᠵᠢᠯᠯᠠᠭ᠎ᠠ ᠶᠢᠨ ᠳᠤᠮᠳᠠ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠣᠨ ᠤ | ᠤᠯᠠᠷᠢᠯ ᠤᠨ ᠨᠡᠶᠢᠭᠡᠮ ᠤᠨ ᠠᠮᠤᠷ ᠲᠦᠪᠰᠢᠨ ᠤ ᠵᠢᠮ᠎ᠡ ᠶᠣᠰᠣ ᠪᠠ ᠰᠥᠨᠢ ᠪᠠᠷ ᠬᠠᠤᠯᠢ ᠶᠢ ᠵᠥᠷᠢᠴᠡᠵᠦ ᠶᠠᠯ᠎ᠠ | ᠬᠢᠭᠰᠡᠨ ᠣᠨᠴᠠᠯᠢᠭ ᠲᠤ ᠴᠢᠭᠯᠡᠭᠦᠯᠦᠨ᠂ ᠠᠵᠢᠯ ᠤᠨ ᠲᠥᠰᠥᠯ ᠢᠶᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠵᠣᠨ ᠤ ᠰᠥᠨᠢ ᠶᠢᠨ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠤᠬᠠᠭᠤᠯᠤᠨ ᠰᠡᠷᠭᠡᠶᠢᠯᠡᠬᠦ ᠠᠵᠢᠯᠯᠠᠭ᠎ᠠ ᠶᠢ | ᠭᠤᠣᠯᠳᠠᠯᠭ᠎ᠠ ᠲᠠᠢ᠂ ᠪᠦᠯᠦᠭ ᠤᠳᠠᠭ᠎ᠠ ᠬᠤᠪᠢᠶᠠᠨ ᠵᠣᠬᠢᠶᠠᠨ ᠪᠠᠶᠢᠭᠤᠯᠵᠤ ᠥᠷᠨᠢᠭᠦᠯᠪᠡ᠃ ᠬᠠᠷᠢᠶᠠᠲᠤ ᠣᠷᠣᠨ ᠤ | ᠲᠣᠭᠤᠷᠢᠭ ᠤᠨ ᠭᠤᠣᠯ ᠪᠣᠯᠬᠤ ᠵᠠᠮ ᠬᠠᠷᠢᠯᠴᠠᠭᠠᠨ ᠤ ᠠᠭᠤᠯᠵᠠᠷ᠂ ᠠᠮᠤᠷ ᠲᠦᠪᠰᠢᠨ ᠤ ᠨᠠᠷᠢᠨ ᠪᠤᠳᠤᠯᠢᠶᠠᠨᠲᠠᠢ | ᠭᠠᠵᠠᠷ ᠲᠤ ᠵᠡᠪᠰᠡᠭᠲᠦ ᠬᠦᠴᠦᠨ ᠤ ᠬᠤᠷᠢᠭ᠎ᠠ ᠴᠡᠭ ᠭᠠᠷᠭᠠᠵᠤ᠂ ︽ᠲᠡᠷᠭᠡ ᠳᠠᠭᠠᠷᠠᠪᠠᠯ ᠵᠠᠪᠠᠯ ᠪᠠᠶᠢᠴᠠᠭᠠᠵᠤ᠂ | ᠰᠡᠵᠢᠭᠯᠡᠭᠳᠡᠪᠡᠯ ᠵᠠᠪᠠᠯ ᠪᠠᠶᠢᠴᠠᠭᠠᠬᠤ︾ ᠱᠠᠭᠠᠷᠳᠠᠯᠭ᠎ᠠ ᠶᠣᠰᠣᠭᠠᠷ᠂ ᠠᠶᠤᠯᠲᠠᠢ ᠵᠠᠬᠢᠷᠤᠨ ᠬᠠᠮᠢᠶᠠᠷᠬᠤ ᠡᠳ᠋ ᠪᠣᠳᠠᠰ ᠢ | ᠪᠠᠶᠢᠴᠠᠭᠠᠨ ᠲᠤᠰᠢᠶᠠᠯᠭᠠᠨ᠎ᠠ︔ ᠭᠤᠣᠯᠳᠠᠯᠭ᠎ᠠ ᠲᠠᠢ ᠣᠷᠣᠨ ᠪᠠᠶᠢᠷᠢ᠂ ᠲᠠᠯᠠᠪᠤᠷ ᠭᠠᠵᠠᠷ᠂ ᠨᠡᠪᠲᠡᠷᠡᠬᠦ ᠵᠠᠮ ᠳᠤ | ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠵᠤ ᠢᠯᠭᠠᠷᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ︽ | ᠴᠠᠭᠳᠠᠭ᠎ᠠ ᠲᠠᠢ ᠠᠭᠤᠯᠵᠠᠬᠤ᠂ ᠴᠠᠭᠳᠠᠭᠠᠨ ᠤ ᠳ᠋ᠧᠩ ᠲᠠᠢ ᠠᠭᠤᠯᠵᠠᠬᠤ᠂ ᠴᠠᠭᠳᠠᠭᠠᠨ ᠤ ᠲᠡᠷᠭᠡ ᠲᠠᠢ ᠠᠭᠤᠯᠵᠠᠬᠤ︾ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠠᠭ ᠲᠤᠬᠠᠢ | ᠳᠤᠨᠢ ᠪᠠᠶᠢᠴᠠᠭᠠᠨ ᠰᠢᠢᠳᠪᠦᠷᠢᠯᠡᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠪᠠ︔ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠠᠮᠠᠷᠬᠠᠨ ᠡᠭᠦᠰᠳᠡᠭ ᠭᠤᠣᠯᠳᠠᠯᠭ᠎ᠠ ᠲᠠᠢ ᠵᠤᠭ᠎ᠠ ᠴᠡᠩᠭᠡᠯ ᠤᠨ | ᠦᠢᠯᠡᠴᠢᠯᠡᠭᠡᠨ ᠤ ᠲᠠᠯᠠᠪᠤᠷ ᠲᠤ ᠢᠯᠭᠠᠷᠠᠭᠤᠯᠤᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠲᠣᠭᠲᠠᠭᠠᠯ ᠠᠴᠠ | ᠵᠥᠷᠢᠴᠡᠭᠰᠡᠨ ᠨᠢᠭᠡ ᠪᠦᠯᠦᠭ ᠲᠠᠯᠠᠪᠤᠷ ᠢ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ᠠᠮᠤᠷ ᠲᠦᠪᠰᠢᠨ ᠤ | ᠲᠠᠯ᠎ᠠ ᠪᠠᠷ ᠬᠢ ᠦᠯᠦ ᠣᠨᠣᠭᠳᠠᠬᠤ ᠭᠠᠵᠠᠷ ᠢ ᠠᠷᠢᠯᠭᠠᠪᠠ︔ ᠨᠡᠶᠢᠭᠡᠮ ᠲᠣᠭᠤᠷᠢᠭ ᠤᠨ ᠠᠵᠢᠯᠯᠠᠭ᠎ᠠ ᠶᠢᠨ ᠲᠥᠪ᠂ | ᠴᠡᠴᠡᠷᠯᠢᠭ ᠵᠡᠷᠭᠡ ᠣᠯᠠᠨ ᠲᠦᠮᠡᠨ ᠤ ᠰᠡᠷᠢᠭᠦᠴᠡᠬᠦ ᠲᠠᠯᠠᠪᠤᠷ ᠲᠤ ᠭᠦᠨᠵᠡᠭᠡᠶᠢᠷᠡᠨ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠤᠬᠠᠭᠤᠯᠭ᠎ᠠ ᠶᠢ ᠥᠷᠨᠢᠭᠦᠯᠵᠦ᠂ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯ ᠤᠬᠠᠮᠰᠠᠷ ᠪᠠ | ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠲᠡᠭᠡᠭᠰᠢᠯᠡᠭᠦᠯᠪᠡ᠃ | ︽ᠪᠦᠬᠦᠨ ᠢ ᠬᠠᠮᠤᠷᠬᠤ᠂ ᠣᠭᠲᠣ ᠥᠯᠥ ᠬᠦᠯᠢᠴᠡᠬᠦ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠣᠳᠠᠲᠤ | ᠦᠷ᠎ᠡ ᠪᠦᠲᠦᠮᠵᠢ ᠶᠢ ᠴᠢᠬᠤᠯᠠᠴᠢᠯᠠᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠢᠯᠭᠠᠷᠠᠭᠤᠯᠤᠨ ᠪᠠᠶᠢᠴᠠᠭᠠᠬᠤ | ᠠᠵᠢᠯᠯᠠᠭ᠎ᠠ ᠨᠢ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠬᠦᠨᠳᠦ ᠨᠣᠴᠢᠲᠠᠢ ᠨᠥᠯᠥᠭᠡᠯᠡᠭᠰᠡᠨ ᠡᠯ᠎ᠡ | ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠴᠢ ᠣᠯᠠᠨ ᠲᠦᠮᠡᠨ ᠤ ᠠᠮᠢ ᠪᠡᠶ᠎ᠡ ᠶᠢᠨ ᠠᠰᠢᠭ | ᠲᠤᠰᠠ ᠳᠤ ᠬᠤᠯᠪᠣᠭᠳᠠᠭᠰᠠᠨ ᠠᠷᠠᠳ ᠤᠨ ᠠᠮᠢᠳᠤᠷᠠᠯ ᠤᠨ ᠵᠢᠵᠢᠭ ᠬᠡᠷᠡᠭ ᠢ ᠴᠢᠩᠭ᠎ᠠ ᠠᠩᠬᠠᠷᠴᠤ᠂ ᠡᠯ᠎ᠡ | ᠴᠠᠭᠳᠠᠭᠠᠨ ᠤ ᠲᠥᠷᠥᠯ ᠤᠨ ᠬᠢᠨ ᠬᠠᠮᠵᠢᠯᠴᠠᠨ ᠬᠦᠴᠦᠯᠡᠵᠦ᠂ ᠣᠯᠠᠨ ᠹᠷᠣᠨᠲ ᠲᠤ ᠵᠡᠷᠭᠡᠪᠡᠷ ᠳᠠᠭᠠᠷᠢᠯᠲᠠ | ᠶᠠᠪᠤᠭᠤᠯᠵᠤ᠂ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠬᠦᠴᠦᠲᠡᠢ | ᠴᠣᠬᠢᠯᠲᠠ ᠥᠭᠴᠦ ᠬᠦᠴᠦᠲᠡᠢ ᠳᠠᠷᠤᠯᠲᠠ ᠦᠵᠡᠭᠦᠯᠬᠦ ᠪᠠᠶᠢᠳᠠᠯ ᠢ ᠪᠣᠶ ᠪᠣᠯᠭᠠᠪᠠ᠃ | | | | | ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠦᠨ ᠵᠥᠩ ᠵᠠᠮ ᠤᠨ ᠲᠣᠮᠢᠯᠠᠭᠰᠠᠨ | ᠰᠠᠯᠪᠤᠷᠢ ᠬᠠᠤᠯᠢ ᠶᠣᠰᠣᠭᠠᠷ ᠪᠤᠰᠤᠳ ᠬᠥᠮᠥᠨ ᠢ ᠵᠣᠳᠣᠭᠰᠠᠨ ᠬᠠᠤᠯᠢ ᠶᠢ ᠵᠥᠷᠢᠴᠡᠭᠰᠡᠨ ᠳᠥᠷᠪᠡᠨ ᠬᠥᠮᠥᠨ ᠢ ᠵᠠᠰᠠᠭ | ᠵᠠᠬᠢᠷᠭᠠᠨ ᠢᠶᠠᠷ ᠲᠦᠷ ᠬᠤᠷᠢᠪᠠ᠃ | | | | | ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠪᠢᠳᠠᠭᠰᠠᠨ ᠶᠠᠯᠠᠲᠤ ᠠᠵᠢᠯᠯᠠᠭ᠎ᠠ ᠶᠢ | ᠲᠤᠷᠰᠢᠨ ᠪᠠᠶᠢᠴᠠᠭᠠᠬᠤ ᠳᠤᠮᠳᠠ ᠠᠩᠭᠢ ᠮᠡᠬᠡᠯᠡᠭᠰᠡᠨ ᠬᠡᠷᠡᠭ ᠢ ᠢᠯᠡᠷᠡᠭᠦᠯᠵᠦ᠂ ᠨᠢᠭᠡᠨ ᠮᠡᠬᠡᠯᠡᠭᠰᠡᠨ ᠰᠡᠵᠢᠭᠲᠡᠢ | ᠬᠥᠮᠥᠨ ᠳᠤ ᠴᠣᠬᠢᠯᠲᠠ ᠥᠭᠴᠦ ᠰᠢᠢᠳᠪᠦᠷᠢᠯᠡᠵᠡᠢ᠃ | | | | | ᠰᠢᠨ᠎ᠡ ᠶᠢᠩᠽᠢ ᠶᠢᠨ ᠲᠣᠮᠢᠯᠠᠭᠰᠠᠨ ᠰᠠᠯᠪᠤᠷᠢ ᠠᠶᠤᠯᠲᠠᠢ ᠪᠠᠷ ᠲᠡᠷᠭᠡ ᠵᠢᠯᠣᠭᠤᠳᠤᠭᠰᠠᠨ ᠶᠠᠯ᠎ᠠ ᠪᠠᠷ | ᠰᠦᠯᠵᠢᠶᠡᠨ ᠳᠡᠭᠡᠷ᠎ᠡ ᠳᠤᠲᠠᠭᠠᠭᠰᠠᠨ ᠨᠢᠭᠡᠨ ᠬᠥᠮᠥᠨ ᠢ ᠠᠮᠵᠢᠯᠲᠠ ᠲᠠᠢ ᠪᠠᠷ ᠪᠠᠷᠢᠪᠴᠢᠯᠠᠵᠠᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |