ᠲᠣᠭᠲᠠᠬᠤ ᠰᠢᠶᠠᠨ ᠤ ᠳᠣᠯᠣᠳᠤᠭᠠᠷ ᠬᠤᠭᠤᠴᠠᠭᠠᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠰᠠᠭᠰᠤᠨ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/8/21
      8 ᠳ᠋ᠤᠭᠠᠷ ᠰᠠᠷ᠎ᠠ ᠶᠢᠨ 18 ᠤ ᠣᠷᠣᠢ ᠲᠣᠭᠲᠠᠬᠤ ᠰᠢᠶᠠᠨ ᠤ ᠳᠣᠯᠣᠳᠤᠭᠠᠷ ᠬᠤᠭᠤᠴᠠᠭᠠᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠰᠠᠭᠰᠤᠨ ᠪᠥᠮᠪᠦᠭᠡ   ᠶᠢᠨ ᠤᠷᠤᠯᠳᠤᠭᠠᠨ ᠥᠨᠳᠥᠷᠯᠡᠪᠡ᠃ ᠥᠪᠥᠷ ᠮᠣᠩᠭᠤᠯ ᠤᠨ ᠰᠠᠭᠰᠤᠨ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠮᠥᠩᠬᠡ · ᠪᠠᠭᠠᠲᠤᠷ᠂ ᠰᠢᠶᠠᠨ ᠤ ᠤᠳᠤᠷᠢᠳᠤᠯᠭ᠎ᠠ ᠭᠤᠤ ᠵᠧᠩ ᠨᠠᠷ ᠲᠡᠭᠦᠰᠬᠦ ᠶᠣᠰᠣᠯᠠᠯ ᠳᠤ ᠣᠷᠣᠯᠴᠠᠭᠰᠠᠨ ᠪᠥᠭᠡᠳ ᠱᠠᠩᠨᠠᠯ ᠬᠦᠷᠲᠡᠭᠰᠡᠳ ᠤᠨ ᠡᠩᠨᠡᠭᠡ ᠳᠤ ᠱᠠᠩᠨᠠᠯ ᠭᠠᠷᠳᠠᠭᠤᠯᠵᠠᠢ᠃       ᠲᠤᠰ ᠤᠳᠠᠭᠠᠨ ᠤ ᠰᠠᠭᠰᠤᠨ ᠪᠥᠮᠪᠦᠭᠡ ᠶᠢᠨ ᠤᠷᠤᠯᠳᠤᠭᠠᠨ ᠳᠤ 20 ᠲᠥᠯᠥᠭᠡᠯᠡᠭᠴᠢᠳ ᠤᠨ ᠠᠩᠭᠢ ᠶᠢᠨ 200 ᠭᠠᠷᠤᠢ ᠲᠠᠮᠢᠷᠴᠢᠨ ᠪᠠᠶᠢᠵᠤ᠂ 40 ᠤᠷᠤᠯᠳᠤᠭᠠᠨ ᠤ ᠡᠳᠦᠷ ᠢ ᠥᠩᠭᠡᠷᠡᠭᠡᠵᠦ᠂ 82 ᠤᠳᠠᠭᠠᠨ ᠤ ᠤᠷᠤᠯᠳᠤᠭᠠᠨ ᠢᠶᠠᠷ ᠳᠠᠮᠵᠢᠭᠠᠳ᠂ ᠪᠦᠬᠦ ᠰᠢᠶᠠᠨ ᠤ ᠠᠷᠠᠳ ᠲᠦᠮᠡᠨ ᠳᠤ ᠭᠤᠴᠣ ᠰᠠᠶᠢᠬᠠᠨ ᠲᠠᠮᠢᠷ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃ ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠨᠢᠭᠡᠪᠦᠷᠢ ᠴᠥᠮ ᠲᠠᠮᠢᠷ ᠤᠨ ᠬᠥᠳᠡᠯᠭᠡᠭᠡᠨ ᠤ ᠣᠷᠭᠢᠯᠤᠮ᠎ᠠ ᠬᠠᠯᠠᠭᠤᠨ ᠰᠡᠳᠬᠢᠯᠭᠡ ᠪᠠᠨ ᠭᠦᠢᠴᠡᠳ ᠪᠠᠳᠠᠷᠠᠭᠤᠯᠵᠤ᠂ ᠣᠷᠭᠢᠯᠤᠮ᠎ᠠ ᠪᠠᠳᠠᠷᠠᠩᠭᠤᠢ ᠲᠡᠮᠡᠴᠡᠯ ᠤᠨ ᠵᠣᠷᠢᠭ᠂ ᠬᠡᠲᠦᠶᠢᠳᠦᠭᠰᠡᠨ ᠪᠥᠮᠪᠥᠭᠡᠨ ᠮᠡᠷᠭᠡᠵᠢᠯ ᠢᠶᠠᠷ ᠢᠶᠠᠨ ᠤᠷᠤᠯᠳᠤᠭᠠᠨ ᠤ ᠬᠡᠪ ᠨᠠᠮᠪᠠ᠂ ᠤᠷᠤᠯᠳᠤᠭᠠᠨ ᠤ ᠬᠢᠷᠢ ᠲᠦᠪᠰᠢᠨ ᠭᠠᠷᠭᠠᠵᠤ᠂ ︽ᠨᠥᠬᠦᠷᠯᠡᠯ ᠨᠢᠭᠡᠳᠦᠭᠡᠷ ᠂ ᠤᠷᠤᠯᠳᠤᠭᠠᠨ ᠳᠤ ᠬᠤᠶᠠᠳᠤᠭᠠᠷ ︾ ᠵᠣᠷᠢᠭ ᠰᠠᠨᠠᠭ᠎ᠠ ᠶᠢ ᠬᠠᠮᠲᠤ ᠪᠠᠷ ᠪᠠᠳᠠᠷᠠᠭᠤᠯᠤᠨ᠂ ᠪᠦᠯᠬᠦᠮᠳᠡᠨ ᠤᠷᠤᠭᠰᠢᠯᠠᠵᠤ ᠡᠷᠡᠯᠬᠡᠭᠯᠡᠨ ᠲᠡᠮᠡᠴᠡᠬᠦ ᠪᠡᠶ᠎ᠡ ᠲᠠᠮᠢᠷ ᠤᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ᠂ ᠰᠢᠨ᠎ᠡ ᠶᠢᠩᠽᠢ ᠪᠠᠯᠭᠠᠰᠤᠨ ᠤ ᠲᠥᠯᠥᠭᠡᠯᠡᠭᠴᠢᠳ ᠤᠨ ᠠᠩᠭᠢ᠂ ᠱᠤᠸᠠᠩ ᠾᠧ ᠪᠠᠯᠭᠠᠰᠤᠨ ᠤ ᠲᠥᠯᠥᠭᠡᠯᠡᠭᠴᠢᠳ ᠤᠨ ᠠᠩᠭᠢ ᠲᠣᠰ ᠲᠣᠰ ᠮᠠᠩᠯᠠᠢ᠂ ᠲᠡᠳ᠋᠂ ᠭᠤᠲᠠᠭᠠᠷ ᠪᠣᠯᠪᠠ᠃      ᠲᠣᠰ ᠤᠳᠠᠭᠠᠨ ᠤ ᠰᠠᠭᠰᠤᠨ ᠪᠥᠮᠪᠦᠭᠡ ᠶᠢᠨ ᠤᠷᠤᠯᠳᠤᠭᠠᠨ ᠢᠶᠠᠷ ᠳᠠᠮᠵᠢᠭᠤᠯᠤᠨ᠂ ᠪᠥᠬᠦ ᠰᠢᠶᠠᠨ ᠤ ᠥᠷᠭᠡᠨ ᠣᠯᠠᠨ ᠠᠵᠢᠯᠲᠠᠨ ᠠᠵᠢᠯᠴᠢᠨ ᠤ ᠬᠦᠴᠢᠷ ᠢ ᠰᠥᠷᠦᠨ ᠤᠷᠤᠭᠰᠢᠯᠠᠬᠤ ᠲᠡᠮᠡᠴᠡᠯ ᠤᠨ ᠵᠣᠷᠢᠭ᠂ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠪᠠ ᠬᠡᠵᠢᠶᠡᠳᠡ ᠣᠭᠤᠷᠬᠤ ᠦᠭᠡᠢ ᠬᠠᠳᠠᠨ ᠵᠣᠷᠢᠭ ᠢ ᠭᠦᠢᠴᠡᠳ ᠢᠯᠡᠷᠡᠭᠦᠯᠵᠦ᠂ ᠮᠠᠨ ᠤ ᠰᠢᠶᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠥᠷᠨᠢᠩᠭᠦᠢ ᠥᠷᠨᠢᠬᠦ ᠶᠢ ᠠᠬᠢᠭᠤᠯᠪᠠ᠃ᠱᠠᠩᠨᠠᠯ ᠣᠯᠣᠭᠰᠠᠨ ᠨᠡᠷᠡᠰ      ᠲᠡᠷᠢᠭᠦᠨ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠᠳᠡᠳ᠋ ᠴᠡᠷᠢᠭ᠄  ᠰᠢᠨ᠎ᠡ ᠶᠢᠩᠽᠢ ᠪᠠᠯᠭᠠᠰᠤᠨ ᠤ ᠲᠥᠯᠥᠭᠡᠯᠡᠭᠴᠢᠳ ᠤᠨ ᠠᠩᠭᠢᠭᠤᠲᠠᠭᠠᠷ᠄ ᠱᠤᠸᠠᠩ ᠾᠧ ᠪᠠᠯᠭᠠᠰᠤ      ᠳᠥᠷᠪᠡ ᠠᠴᠠ ᠨᠠᠢᠮᠠᠨ ᠨᠡᠷᠡᠰ ᠨᠢ᠄ ᠪᠠᠴᠢᠮ ᠪᠠᠶᠢᠳᠠᠯ ᠢ ᠠᠷᠭᠠᠴᠠᠬᠤ ᠲᠥᠯᠥᠭᠡᠯᠡᠭᠴᠢᠳ ᠤᠨ ᠠᠩᠭᠢ᠂ ᠵᠢᠶᠠᠨ ᠠᠨ ᠲᠥᠯᠥᠭᠡᠯᠡᠭᠴᠢᠳ ᠤᠨ ᠠᠩᠭᠢ᠂ ᠡᠮᠨᠡᠯᠭᠡ ᠶᠢᠨ ᠬᠤᠷᠢᠶᠠᠨ ᠤ ᠲᠥᠯᠥᠭᠡᠯᠡᠭᠴᠢᠳ ᠤᠨ ᠠᠩᠭᠢ᠂ ᠬᠤᠲᠠ ᠶᠢᠨ ᠲᠠᠷᠬᠠᠭᠠᠯᠲᠠ ᠶᠢᠨ ᠲᠥᠯᠥᠭᠡᠯᠡᠭᠴᠢᠳ ᠤᠨ ᠠᠩᠭᠢ᠂ ᠳ᠋ᠠ ᠲᠠᠩ  ᠴᠠᠬᠢᠯᠭᠠᠨ ᠬᠤᠯᠪᠣᠭᠠᠨ ᠤ ᠲᠥᠯᠥᠭᠡᠯᠡᠭᠴᠢᠳ ᠤᠨ ᠠᠩᠭᠢ      ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ᠄ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠲᠥᠯᠥᠭᠡᠯᠡᠭᠴᠢᠳ ᠤᠨ ᠠᠩᠭᠢ᠂ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠲᠥᠯᠥᠭᠡᠯᠡᠭᠴᠢᠳ ᠤᠨ ᠠᠩᠭᠢ᠂ ᠶᠦᠨ ᠵᠥᠩ ᠠᠷᠢᠬᠢᠨ ᠤ ᠦᠢᠯᠡᠰ ᠤᠨ ᠲᠥᠯᠥᠭᠡᠯᠡᠭᠴᠢᠳ ᠤᠨ ᠠᠩᠭᠢ᠂ ᠬᠥᠬᠡ ᠲᠡᠭᠷᠢ ᠶᠢᠨ ᠠᠪᠤᠷᠠᠨ ᠲᠤᠰᠠᠯᠠᠬᠤ ᠲᠥᠯᠥᠭᠡᠯᠡᠭᠴᠢᠳ ᠤᠨ ᠠᠩᠭᠢ      ᠪᠡᠶ᠎ᠡ ᠶᠢᠨ ᠲᠠᠮᠢᠷ ᠤᠨ ᠶᠣᠰᠣ ᠮᠣᠷᠠᠯ ᠬᠡᠪ ᠰᠤᠷᠲᠠᠯ ᠤᠨ ᠱᠠᠩᠨᠠᠯ᠄ ᠯᠧ ᠺᠧ ᠠᠮᠢᠳᠤ ᠪᠣᠳᠠᠰ ᠤᠨ ᠲᠥᠯᠥᠭᠡᠯᠡᠭᠴᠢᠳ ᠤᠨ ᠠᠩᠭᠢ᠂ ᠦᠱᠸᠡᠨ ᠪᠠᠯᠭᠠᠰᠤᠨ ᠤ ᠲᠥᠯᠥᠭᠡᠯᠡᠭᠴᠢᠳ ᠤᠨ ᠠᠩᠭᠢ᠂ ᠲᠠᠪᠢᠨ ᠭᠡᠷ ᠪᠠᠯᠭᠠᠰᠤᠨ ᠤ ᠲᠥᠯᠥᠭᠡᠯᠡᠭᠴᠢᠳ ᠤᠨ ᠠᠩᠭᠢ᠂ ᠬᠤᠲᠠ ᠶᠢᠨ ᠬᠠᠮᠢᠶᠠᠷᠤᠯᠲᠠ   ᠶᠢᠨ ᠲᠣᠪᠴᠢᠶᠠᠨ ᠤ ᠲᠥᠯᠥᠭᠡᠯᠡᠭᠴᠢᠳ ᠤᠨ ᠠᠩᠭᠢ      ᠣᠶᠤᠨ ᠤ ᠪᠣᠯᠪᠠᠰᠤᠨ ᠤ ᠱᠠᠩᠨᠠᠯ᠄ ᠵᠢᠦ ᠲᠠᠢ ᠲᠥᠯᠥᠭᠡᠯᠡᠭᠴᠢᠳ ᠤᠨ ᠠᠩᠭᠢ᠂ ᠶᠢᠨ ᠾᠧ ᠠᠮᠢᠳᠤ ᠪᠣᠳᠠᠰ ᠤᠨ ᠲᠥᠯᠥᠭᠡᠯᠡᠭᠴᠢᠳ ᠤᠨ ᠠᠩᠭᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ᠂ ᠬᠠᠲᠤᠨ ᠭᠤᠣᠯ ᠤᠨ ᠴᠢᠭᠢᠭᠯᠢᠭ ᠭᠠᠵᠠᠷ ᠤᠨ ᠲᠥᠯᠥᠭᠡᠯᠡᠭᠴᠢᠳ ᠤᠨ ᠠᠩᠭᠢᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1