ᠳᠣᠯᠣᠭᠠᠨ ᠰᠠᠷ᠎ᠠ ᠶᠢᠨ ᠳᠣᠯᠣᠭᠠᠨ ᠤ ᠡᠳᠦᠷ᠂ ᠮᠠᠨ ᠤ ᠰᠢᠶᠠᠨ ᠤ ᠵᠠᠯᠠᠭᠤ ᠠᠵᠢᠯᠲᠠᠨ ᠠᠵᠢᠯᠴᠢᠨ ᠤ | ᠰᠣᠯᠢᠯᠴᠠᠭ᠎ᠠ ᠶᠢ ᠴᠢᠩᠭᠠᠳᠬᠠᠵᠦ᠂ ᠵᠠᠯᠠᠭᠤ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠵᠥᠪ | ᠣᠨᠣᠪᠴᠢᠲᠠᠶ ᠤᠷᠤᠭ ᠢᠨᠠᠭ ᠤᠨ ᠦᠵᠡᠯᠲᠡ ᠲᠠᠢ ᠪᠤᠯᠭᠠᠬᠪᠤ ᠶᠢᠨ ᠲᠦᠯᠦᠭᠡ᠂ ᠲᠣᠭᠲᠠᠬᠤ ᠰᠢᠶᠠᠨ ᠤ ᠠᠵᠢᠯᠴᠢᠨ ᠤ | ᠶᠡᠷᠦᠩᠬᠡᠢ ᠡᠪᠯᠡᠯ ᠲᠣᠭᠲᠠᠬᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ | ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠣᠭᠲᠠᠬᠤ ᠰᠢᠶᠠᠨ ᠤ ᠬᠤᠷᠢᠶ᠎ᠠ᠂ ᠲᠣᠭᠲᠠᠬᠤ ᠰᠢᠶᠠᠨ ᠤ | ᠬᠠᠮ ᠵᠠᠭᠤᠴᠢᠯᠠᠭᠤᠷ ᠤᠨ ᠲᠥᠪ᠂ ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠲᠠᠢ ᠬᠠᠮᠲᠤᠷᠠᠵᠤ 8 | ᠳ᠋ᠤᠭᠠᠷ ᠰᠠᠷ᠎ᠠ ᠶᠢᠨ 22 ᠤᠨ ᠡᠳᠦᠷ ᠵᠠᠯᠠᠭᠤ ᠠᠵᠢᠯᠲᠠᠨ ᠠᠵᠢᠯᠴᠢᠨ ᠤ ᠲᠠᠨᠢᠯᠴᠠᠨ ᠣᠶᠢᠯᠠᠭᠠᠯᠴᠠᠵᠤ | ᠢᠷᠡᠭᠡᠳᠦᠢ ᠶᠢᠨ ᠲᠤᠬᠠᠢ ᠶᠠᠷᠢᠯᠴᠠᠬᠤ ᠬᠤᠷᠠᠯ ︱ ᠵᠠᠯᠠᠭᠤ ᠠᠵᠢᠯᠲᠠᠨ ᠠᠵᠢᠯᠴᠢᠨ ᠤ ᠤᠷᠤᠭ ᠢᠨᠠᠭ ᠤᠨ | ᠦᠵᠡᠯᠲᠡ ᠶᠢᠨ ᠰᠣᠯᠢᠯᠴᠠᠭᠠᠨ ᠤ ᠬᠤᠷᠠᠯ ᠢ ᠡᠷᠬᠢᠯᠡᠭᠰᠡᠨ ᠪᠥᠭᠡᠳ ᠲᠡᠭᠦᠰ ᠠᠮᠵᠢᠯᠲᠠ ᠣᠯᠵᠠᠢ᠃ 80 ᠭᠠᠷᠤᠢ | ᠭᠤᠣᠨᠢ ᠪᠡᠶ᠎ᠡ ᠵᠠᠯᠠᠭᠤ ᠠᠵᠢᠯᠲᠠᠨ ᠠᠵᠢᠯᠴᠢᠨ ᠤ ᠠᠵᠢᠯᠯᠠᠭ᠎ᠠ ᠳᠤ ᠣᠷᠣᠯᠴᠠᠵᠠᠢ᠃ | | | | | | | | | | | ᠲᠣᠰ ᠤᠳᠠᠭᠠᠨ ᠤ ᠰᠣᠯᠢᠯᠴᠠᠭᠠᠨ ᠤ ᠬᠤᠷᠠᠯ ᠨᠢ ᠵᠠᠯᠠᠭᠤᠴᠤᠳ ᠤᠨ ᠦᠵᠡᠵᠦ ᠰᠣᠨᠢᠷᠬᠠᠬᠤ ᠳᠤᠷᠠᠲᠠᠢ | ᠬᠡᠯᠪᠡᠷᠢ ᠪᠠᠷ ᠨᠠᠶᠢᠵᠠᠯᠠᠬᠤ ᠪᠠ ᠵᠤᠭ᠎ᠠ ᠴᠡᠩᠭᠡᠯ ᠢ ᠨᠢᠭᠡ ᠴᠣᠭᠴᠠ ᠪᠣᠯᠭᠠᠨ ᠨᠢᠭᠡᠳᠬᠡᠵᠦ᠂ ᠭᠠᠭᠴᠠ ᠪᠡᠶ᠎ᠡ ᠵᠠᠯᠠᠭᠤ | ᠠᠵᠢᠯᠲᠠᠨ ᠠᠵᠢᠯᠴᠢᠨ ᠤ ᠠᠵᠢᠯ ᠤᠨ ᠴᠢᠯᠦᠭᠡ ᠪᠠᠷ ᠢᠶᠠᠨ ᠰᠡᠳᠬᠢᠯ ᠰᠠᠨᠠᠭ᠎ᠠ ᠶᠢ ᠨᠢ ᠠᠭᠤᠵᠢᠷᠠᠭᠤᠯᠵᠤ᠂ ᠨᠠᠶᠢᠵᠠᠯᠠᠬᠤ | ᠬᠦᠷᠢᠶ᠎ᠡ ᠬᠡᠪᠴᠢᠶ᠎ᠡ ᠶᠢ ᠨᠢ ᠥᠷᠭᠡᠳᠬᠡᠵᠡᠢ᠂ ᠡᠶᠢᠮᠦᠷᠬᠦ ᠪᠠᠶᠠᠷ ᠬᠥᠷ ᠲᠠᠢ ᠲᠠᠭᠠᠯᠠᠮᠵᠢᠲᠠᠢ ᠨᠠᠶᠢᠵᠠᠯᠠᠬᠤ ᠬᠡᠯᠪᠡᠷᠢ ᠶᠢ | ᠪᠠᠭ᠋ᠠᠷᠬᠠᠨ᠂ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠨᠠᠩ ᠣᠯᠠᠨ ᠨᠠᠶᠢᠵᠠ ᠲᠠᠢ ᠨᠠᠶᠢᠵᠠᠯᠠᠵᠤ ᠴᠢᠳᠠᠨ᠎ᠠ | ᠭᠡᠵᠦ ᠠᠵᠢᠯᠯᠠᠭ᠎ᠠ ᠳᠤ ᠣᠷᠣᠯᠴᠠᠭᠰᠠᠨ ᠵᠠᠯᠠᠭᠤ ᠠᠵᠢᠯᠲᠠᠨ ᠠᠵᠢᠯᠴᠢᠳ ᠢᠯᠡᠳᠬᠡᠵᠡᠭᠡᠪᠡ᠃ ᠡᠨᠡ ᠤᠳᠠᠭ᠎ᠠ ᠶᠢᠨ | ᠰᠣᠯᠢᠯᠴᠠᠭᠠᠨ ᠤ ᠴᠤᠭᠯᠠᠭᠠᠨ ᠳᠤ ᠣᠷᠣᠯᠴᠠᠭᠰᠠᠨ ᠵᠠᠯᠠᠭᠤ ᠠᠵᠢᠯᠲᠠᠨ ᠠᠵᠢᠯᠴᠢᠳ ᠡᠨᠡ ᠬᠦ ᠪᠠᠶᠠᠷ ᠬᠥᠷ ᠲᠠᠢ | ᠪᠥᠭᠡᠳ ᠲᠠᠭᠠᠯᠠᠮᠵᠢᠲᠠᠢ ᠨᠠᠶᠢᠵᠠᠯᠠᠬᠤ ᠬᠡᠯᠪᠡᠷᠢ ᠶᠢ ᠪᠠᠭ᠋ᠠᠷᠬᠠᠵᠤ᠂ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ | ᠨᠠᠩ ᠣᠯᠠᠨ ᠨᠠᠶᠢᠵᠠ ᠲᠠᠢ ᠨᠠᠶᠢᠵᠠᠯᠠᠬᠤ ᠶᠢ ᠬᠦᠰᠡᠵᠦ ᠪᠠᠶᠢᠨ᠎ᠠ᠃ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ | ᠡᠪᠯᠡᠯ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ | ᠢᠳᠡᠪᠬᠢᠲᠡᠢ ᠵᠣᠬᠢᠶᠠᠨ ᠪᠠᠶᠢᠭᠤᠯᠵᠤ᠂ ᠵᠠᠯᠠᠭᠤ ᠠᠵᠢᠯᠲᠠᠨ ᠠᠵᠢᠯᠴᠢᠨ ᠤ ᠬᠡᠷᠡᠭᠴᠡᠭᠡ ᠱᠠᠭᠠᠷᠳᠠᠯᠭ᠎ᠠ ᠶᠢ | ᠣᠶᠢᠯᠠᠭᠠᠬᠤ ᠶᠢᠨ ᠬᠠᠮᠲᠤ ᠵᠠᠯᠠᠭᠤᠴᠤᠳ ᠤᠨ ᠡᠷᠡᠭᠦᠯ ᠰᠠᠷᠠᠭᠤᠯ ᠴᠠᠭ ᠤᠨ ᠥᠩᠭᠡ ᠶᠢᠨ ᠰᠣᠯᠢᠯᠴᠠᠭᠠᠨ ᠤ | ᠲᠠᠪᠴᠠᠩ ᠢ ᠪᠠᠶᠢᠭᠤᠯᠵᠤ᠂ ᠵᠠᠯᠠᠭᠤᠴᠤᠳ ᠤᠨ ᠰᠢᠨ᠎ᠡ ᠠᠮᠢᠵᠢᠷᠠᠯ ᠤᠨ ᠬᠦᠴᠦᠨ ᠢ ᠡᠭᠦᠳᠦᠨ ᠪᠦᠲᠦᠭᠡᠬᠦ ᠶᠢ | ᠬᠥᠭᠵᠢᠭᠡᠭᠰᠡᠭᠡᠷ ᠢᠷᠡᠵᠠᠢ᠃ | | | | | | | | | ᠳᠠᠷᠠᠭᠠᠴᠢ ᠶᠢᠨ ᠠᠯᠬᠤᠮ ᠳᠤ᠂ ᠠᠵᠢᠯᠴᠢᠨ ᠤ ᠡᠪᠯᠡᠯ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠠᠵᠢᠯᠲᠠᠨ ᠠᠵᠢᠯᠴᠢᠨ ᠤᠯᠠᠨ ᠲᠦᠮᠡᠨ ᠳᠤ ᠦᠢᠯᠡᠴᠢᠯᠡᠬᠦ ᠦᠢᠯᠡᠳᠦᠯ ᠢ ᠦᠷᠭᠦᠯᠵᠢᠯᠡᠨ | ᠪᠠᠳᠠᠷᠠᠭᠤᠯᠵᠤ᠂ ᠵᠠᠯᠠᠭᠤ ᠠᠵᠢᠯᠲᠠᠨ ᠠᠵᠢᠯᠴᠢᠨ ᠢ ᠬᠠᠪᠰᠤᠷᠤᠨ ᠨᠠᠶᠢᠵᠠᠯᠠᠬᠤ ᠲᠠᠪᠴᠠᠩ ᠪᠠᠶᠢᠭᠤᠯᠵᠤ᠂ | ᠰᠣᠯᠢᠯᠴᠠᠭᠠᠨ ᠤ ᠠᠷᠭ᠎ᠠ ᠵᠠᠮ ᠢ ᠥᠷᠭᠡᠳᠬᠡᠵᠦ᠂ ᠠᠵᠢᠯᠲᠠᠨ ᠠᠵᠢᠯᠴᠢᠨ ᠤ ᠨᠡᠩ ᠤᠯᠠᠨ ᠬᠦᠰᠡᠯ ᠱᠠᠭᠠᠷᠳᠠᠯᠭ᠎ᠠ ᠶᠢ | ᠣᠶᠢᠯᠠᠭᠠᠵᠤ᠂ ᠠᠵᠢᠯᠴᠢᠨ ᠤ ᠡᠪᠯᠡᠯ ᠤᠨ ︽ᠲᠥᠷᠬᠦᠮ ᠤᠨ ᠬᠥᠮᠥᠨ︾ ᠤ ᠬᠠᠯᠠᠮᠵᠢᠯᠠᠯ ᠢ ᠭᠦᠢᠴᠡᠳ ᠢᠯᠡᠷᠡᠭᠦᠯᠦᠨ᠎ᠡ | ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |