ᠠᠷᠪᠠᠨ ᠨᠢᠭᠡᠳᠦᠭᠡᠷ ᠬᠤᠭᠤᠴᠠᠭᠠᠨ ᠤ ᠬᠥᠬᠡᠬᠤᠲᠠ ᠶᠢᠨ ᠶᠣᠰᠣ ᠮᠣᠷᠠᠯ ᠤᠨ ᠵᠢᠱᠢᠶᠡᠴᠢ ᠶᠢᠨ | ᠵᠢᠱᠢᠭᠳᠡᠭᠴᠢ ᠶᠢ ᠵᠠᠷᠯᠠᠨ ᠨᠡᠶᠢᠲᠡᠯᠡᠪᠡ᠃ | ︽ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠬᠡᠷᠡᠭᠵᠢᠭᠦᠯᠬᠦ | ᠬᠥᠲᠥᠯᠪᠦᠷᠢ︾ ᠶᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠨᠡᠶᠢᠭᠡᠮ ᠵᠢᠷᠤᠮ ᠤᠨ ᠭᠤᠣᠯᠯᠠᠭᠴᠢ | ᠥᠷᠲᠡᠭ ᠤᠨ ᠦᠵᠡᠯᠲᠡ ᠶᠢ ᠤᠯᠠᠮ ᠨᠢᠭᠡ ᠠᠯᠬᠤᠮ ᠪᠣᠶᠢᠵᠢᠭᠤᠯᠤᠨ ᠦᠢᠯᠡᠳᠦᠯᠭᠡᠵᠢᠭᠦᠯᠵᠦ᠂ ᠥᠭᠡᠳᠡᠯᠡᠨ ᠳᠠᠪᠰᠢᠵᠤ | ᠪᠤᠶᠠᠨ ᠦᠢᠯᠡᠳᠬᠦ ᠢᠳᠡᠪᠬᠢ ᠬᠦᠴᠦᠨ ᠢ ᠶᠡᠬᠡᠪᠡᠷ ᠪᠠᠳᠠᠷᠠᠭᠤᠯᠵᠤ᠂ ᠪᠣᠯᠪᠠᠰᠤᠨ ᠬᠥᠬᠡᠬᠤᠲᠠ ᠶᠢᠨ ᠪᠠᠶᠢᠭᠤᠯᠤᠯᠲᠠ ᠶᠢ | ᠠᠬᠢᠭᠤᠯᠬᠤ ᠶᠠᠪᠤᠴᠠ ᠳᠠᠬᠢ ᠶᠣᠰᠣ ᠰᠤᠷᠲᠠᠬᠤᠨ ᠤ ᠵᠢᠱᠢᠶᠡᠴᠢ ᠶᠢᠨ ᠦᠯᠢᠭᠡᠷ ᠳᠠᠭᠤᠷᠢᠶᠠᠯ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ᠂ ᠡᠷᠳᠡᠮᠲᠡᠨ ᠮᠡᠷᠭᠡᠳ ᠠᠴᠠ | ᠲᠠᠭᠠᠨ ᠰᠤᠷᠤᠯᠴᠠᠬᠤ᠂ ᠶᠣᠰᠣ ᠰᠤᠷᠲᠠᠬᠤᠨ ᠤ ᠲᠠᠯ᠎ᠠ ᠪᠠᠷ ᠳᠡᠯᠡᠬᠡᠢ ᠳ᠋ᠠᠬᠢᠨ ᠳᠤ ᠦᠢᠯᠡᠴᠢᠯᠡᠬᠦ ᠭᠦᠨ ᠵᠤᠵᠠᠭᠠᠨ | ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠶᠢᠨ ᠲᠦᠯᠦᠭᠡ᠂ ᠬᠤᠳᠠ ᠶᠢᠨ ᠤᠶᠤᠨ ᠤ ᠪᠣᠯᠪᠠᠰᠤᠨ ᠤ | ᠵᠥᠪᠯᠡᠯ ᠠᠴᠠ ᠠᠷᠪᠠᠨ ᠨᠢᠭᠡᠳᠦᠭᠡᠷ ᠬᠤᠭᠤᠴᠠᠭᠠᠨ ᠤ ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠶᠢ | ᠰᠣᠩᠭᠤᠨ ᠬᠥᠮᠥᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃ | ᠴᠢᠩᠭ᠎ᠠ ᠨᠢᠮᠪᠠᠢ ᠬᠢᠨᠠᠨ ᠬᠠᠷᠭᠤᠭᠤᠯᠬᠤ ᠪᠠ ᠬᠢᠨᠠᠮᠠᠭᠠᠢ ᠰᠢᠯᠭᠠᠷᠠᠭᠤᠯᠬᠤ ᠪᠠᠷ ᠳᠡᠮᠵᠢᠨ᠂ ᠬᠤᠸᠠᠩ ᠭᠦᠸᠧ | ᠼᠠᠢ ᠵᠡᠷᠭᠡ 28 ᠬᠥᠮᠥᠨ ᠢ ᠠᠷᠪᠠᠨ ᠨᠢᠭᠡᠳᠦᠭᠡᠷ ᠬᠤᠭᠤᠴᠠᠭᠠᠨ ᠤ ᠬᠥᠬᠡᠬᠤᠲᠠ ᠶᠢᠨ ᠶᠣᠰᠣ ᠮᠣᠷᠠᠯ ᠤᠨ | ᠵᠢᠱᠢᠶᠡᠴᠢ ᠪᠠᠷ ᠨᠡᠷᠡᠶᠢᠳᠴᠦ᠂ ᠢᠦᠢ ᠫᠧᠩ ᠵᠡᠷᠭᠡ 12 ᠬᠥᠮᠥᠨ ᠢ ᠠᠷᠪᠠᠨ ᠨᠢᠭᠡᠳᠦᠭᠡᠷ ᠬᠤᠭᠤᠴᠠᠭᠠᠨ ᠤ | ᠬᠥᠬᠡᠬᠤᠲᠠ ᠶᠢᠨ ᠶᠣᠰᠣ ᠮᠣᠷᠠᠯ ᠤᠨ ᠵᠢᠱᠢᠶᠡᠴᠢ ᠶᠢᠨ ᠨᠡᠷ᠎ᠡ ᠳᠤᠷᠠᠳᠤᠭᠰᠠᠨ ᠱᠠᠩᠨᠠᠯ ᠢᠶᠠᠷ ᠨᠡᠷᠡᠶᠢᠳᠬᠦ ᠪᠠᠷ ᠪᠠᠶᠢᠨ᠎ᠠ᠃ | ᠡᠳᠦᠭᠡ ᠨᠡᠶᠢᠭᠡᠮ ᠳᠤ ᠬᠠᠨᠳᠤᠭᠤᠯᠤᠨ ᠢᠯᠡ ᠨᠡᠶᠢᠲᠡᠯᠡᠵᠦ᠂ ᠨᠡᠶᠢᠭᠡᠮ ᠤᠨ ᠰᠠᠨᠠᠯ ᠢ ᠬᠤᠷᠢᠶᠠᠵᠤ᠂ ᠣᠯᠠᠨ ᠲᠦᠮᠡᠨ ᠤ | ᠬᠢᠨᠠᠯᠲᠠ ᠶᠢ ᠬᠦᠯᠢᠶᠡᠵᠦ ᠪᠠᠶᠢᠨ᠎ᠠ᠃ | ᠵᠠᠷᠯᠠᠨ ᠨᠡᠶᠢᠲᠡᠯᠡᠭᠰᠡᠨ ᠴᠠᠭ᠄ 8 ᠳ᠋ᠤᠭᠠᠷ ᠰᠠᠷ᠎ᠠ ᠶᠢᠨ 21 ᠤ ᠡᠳᠦᠷ ︱ 8 ᠳ᠋ᠤᠭᠠᠷ ᠰᠠᠷ᠎ᠠ ᠶᠢᠨ 25 ᠤ | ᠡᠳᠦᠷ | ᠬᠠᠷᠢᠯᠴᠠᠬᠤ ᠤᠲᠠᠰᠤ᠄ 0471-4606462 | ᠬᠥᠬᠡᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ | 2023 ᠣᠨ ᠤ 8 ᠳ᠋ᠤᠭᠠᠷ ᠰᠠᠷ᠎ᠠ ᠶᠢᠨ 21 ᠤ ᠡᠳᠦᠷ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |