2023 ᠣᠨ ᠤ 8 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠤᠯᠤᠰ | ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠵᠥᠪᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠨᠠᠮ ᠤᠨ ᠡᠭᠦᠷ ᠪᠣᠯᠣᠨ ᠠᠵᠤ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠭᠡᠰᠢᠭᠦᠨ ᠢ ᠳ᠋ᠦᠸᠧ ᠯᠢ | ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ︽ | ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ︾ ᠤᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠨ ᠤ ᠠᠵᠢᠯ ᠤᠨ ᠲᠠᠰᠤᠭ ᠪᠣᠯᠣᠨ ᠰᠢᠨ᠎ᠡ ᠶᠢᠩᠽᠢ ᠪᠠᠯᠭᠠᠰᠤᠨ ᠤ ᠤᠯᠤᠰ ᠲᠦᠷᠦ ᠶᠢᠨ ᠵᠥᠪᠯᠡᠯᠭᠡᠨ ᠤ | ᠨᠠᠮ ᠤᠨ ᠡᠭᠦᠷ ᠭᠡᠰᠢᠭᠦᠳ ᠤᠨ ᠠᠵᠢᠯ ᠤᠨ ᠦᠷᠲᠡᠭᠡ ︵ᠲᠠᠰᠤᠭ︶ ᠳᠤ ᠬᠠᠮᠲᠤᠷᠠᠨ ᠠᠵᠢᠯᠯᠠᠭ᠎ᠠ ᠥᠷᠨᠢᠭᠦᠯᠪᠡ᠃ | ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ | ᠸᠠᠩ ᠮᠢᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠣᠶᠤᠨᠴᠡᠴᠡᠭ᠂ ᠯᠢ ᡁᠢ ᠫᠢᠩ᠂ | ᠦ᠋ ᠵᠢᠶᠧ ᠪᠣᠯᠣᠨ ᠬᠡᠰᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠠᠵᠢᠯᠯᠠᠭ᠎ᠠ ᠳᠤ ᠣᠷᠣᠯᠴᠠᠪᠠ᠃ | ᠢ ᠳ᠋ᠦᠸᠧ ᠯᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ︽ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ︾ ᠤᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠤ ᠠᠵᠢᠯ ᠤᠨ ᠲᠠᠰᠤᠭ ᠲᠤ᠂ ᠦ᠋ ᠵᠢᠶᠧ ᠨᠥᠬᠦᠷ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ | ᠲᠣᠭᠤᠷᠢᠨ ᠳᠤ ᠤᠬᠠᠭᠤᠯᠤᠨ ᠲᠠᠶᠢᠯᠪᠤᠷᠢᠯᠠᠵᠤ᠂ ᠬᠤᠷᠠᠯ ᠳᠤ ᠣᠷᠣᠯᠴᠠᠭᠰᠠᠨ ᠭᠡᠰᠢᠭᠦᠳ ᠤᠬᠠᠭᠤᠯᠤᠨ | ᠲᠠᠶᠢᠯᠪᠤᠷᠢᠯᠠᠬᠤ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ︔ ᠶᠠᠷᠢᠯᠴᠠᠵᠤ ᠰᠣᠯᠢᠯᠴᠠᠬᠤ | ᠬᠡᠯᠪᠡᠷᠢ ᠪᠠᠷ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠭᠰᠠᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠬᠤᠯᠪᠣᠭᠳᠠᠯ ᠪᠦᠬᠦᠢ ᠰᠠᠨᠠᠯ ᠵᠥᠪᠯᠡᠯᠭᠡ ᠲᠠᠢ ᠤᠶᠠᠯᠳᠤᠭᠤᠯᠤᠨ ᠰᠢᠪᠠᠳᠠᠨ | ᠰᠢᠢᠳᠪᠦᠷᠢᠯᠡᠭᠦᠯᠵᠦ᠂ ᠰᠢᠶᠠᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠭᠤᠣᠯ | ᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠰᠠᠨᠠᠯ ᠵᠥᠪᠯᠡᠯᠭᠡ ᠶᠢ | ᠰᠢᠢᠳᠪᠦᠷᠢᠯᠡᠵᠦ ᠪᠠᠶᠢᠭ᠎ᠠ ᠠᠬᠢᠴᠠ ᠶᠢᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠬᠢᠵᠦ᠂ ᠮᠠᠨ ᠤ ᠰᠢᠶᠠᠨ ᠤ | ᠴᠢᠯᠦᠭᠡᠲᠡᠢ ᠪᠣᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠪᠣᠳᠠᠲᠠᠢ | ᠠᠵᠢᠯ ᠤᠨ ᠲᠠᠯ᠎ᠠ ᠪᠠᠷ ᠭᠡᠰᠢᠭᠦᠳ ᠲᠠᠢ ᠵᠥᠪᠳᠡᠯᠴᠡᠨ ᠰᠣᠯᠢᠯᠴᠠᠪᠠ︔ ᠠᠵᠤ ᠠᠬᠤᠢ ᠰᠢᠨᠵᠢᠯᠡᠬᠦ ᠤᠬᠠᠭᠠᠨ | ᠮᠡᠷᠭᠡᠵᠢᠯ ᠤᠨ ᠺᠣᠮᠢᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠠᠮ ᠤᠨ ᠡᠭᠦᠷ ᠤᠨ ᠱᠦᠵᠢ᠂ ᠰᠠᠨᠠᠯ | ᠵᠥᠪᠯᠡᠯᠭᠡ ᠶᠢᠨ ᠺᠣᠮᠢᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠠᠮ ᠤᠨ ᠡᠭᠦᠷ ᠤᠨ ᠱᠦᠵᠢ | ᠭᠡᠰᠢᠭᠦᠳ ᠤᠨ ᠡᠲᠡᠭᠡᠳ ᠤᠨ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠠᠵᠢᠯ ᠤᠨ ᠲᠥᠰᠥᠯ ᠪᠠ ᠨᠡᠶᠢᠭᠡᠮ ᠤᠨ | ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ᠠᠵᠢᠯ ᠤᠨ ᠠᠷᠭ᠎ᠠ ᠶᠢᠨ ᠲᠤᠬᠠᠢ ᠲᠤᠰ ᠲᠤᠰ ᠨᠠᠷᠢᠨ | ᠲᠠᠶᠢᠯᠪᠤᠷᠢᠯᠠᠯᠲᠠ ᠪᠠ ᠲᠣᠳᠣᠷᠬᠠᠶᠢᠯᠠᠯᠲᠠ ᠬᠢᠭᠰᠡᠨ ᠪᠥᠭᠡᠳ ᠪᠣᠳᠠᠲᠠᠢ ᠠᠵᠢᠯ ᠲᠣᠬᠢᠷᠠᠭᠤᠯᠪᠠ᠃ ᠳᠠᠷᠠᠭ᠎ᠠ ᠳᠤᠨᠢ᠂ | ᠭᠡᠰᠢᠭᠦᠳ ᠢ ᠳ᠋ᠦᠸᠧ ᠯᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠭᠤᠷᠪᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠤ | ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃ | ᠰᠢᠨ᠎ᠡ ᠶᠢᠩᠽᠢ ᠪᠠᠯᠭᠠᠰᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ | ᠦᠷᠳᠡᠭᠡ ᠳᠤ᠂ ᠣᠶᠤᠨᠴᠡᠴᠡᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠵᠤ | ᠂ ᠮᠠᠨ ᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠭᠡᠰᠢᠭᠦᠳ ᠲᠠᠢ ᠰᠠᠨᠠᠯ ᠢᠶᠠᠨ | ᠰᠣᠯᠢᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠪᠠ︔ ᠵᠥᠪᠳᠡᠯᠴᠡᠨ ᠶᠠᠷᠢᠯᠴᠠᠬᠤ ᠬᠤᠷᠠᠯ ᠬᠢᠬᠦ᠂ ᠲᠤᠬᠠᠢ ᠶᠢᠨ ᠭᠠᠵᠠᠷ | ᠲᠤᠨᠢ ᠪᠠᠶᠢᠴᠠᠭᠠᠨ ᠦᠵᠡᠬᠦ ᠬᠡᠯᠪᠡᠷᠢ ᠪᠠᠷ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠢ ᠴᠡᠭᠴᠡᠯᠡᠨ ᠵᠠᠰᠠᠬᠤ ᠬᠤᠯᠪᠣᠭᠳᠠᠯ ᠪᠦᠬᠦᠢ ᠰᠠᠨᠠᠯ ᠵᠥᠪᠯᠡᠯᠭᠡ ᠶᠢ ᠰᠢᠪᠠᠳᠠᠨ ᠰᠢᠢᠳᠪᠦᠷᠢᠯᠡᠭᠦᠯᠵᠦ᠂ | ᠰᠢᠨ᠎ᠡ ᠶᠢᠩᠽᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠢᠨ᠎ᠡ ᠶᠢᠩᠽᠢ ᠪᠠᠯᠭᠠᠰᠤᠨ ᠤ ᠬᠥᠳᠡᠭᠡ ᠲᠣᠰᠬᠤᠨ ᠤ | ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠪᠦᠬᠦᠯᠢ ᠴᠣᠭᠴᠠ ᠶᠢᠨ ᠪᠠᠶᠢᠳᠠᠯ ᠤᠨ | ᠲᠤᠬᠠᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠨ ᠭᠡᠰᠢᠭᠦᠳ ᠰᠠᠨᠠᠯ ᠵᠥᠪᠯᠡᠯᠭᠡ ᠶᠢ ᠰᠢᠢᠳᠪᠦᠷᠢᠯᠡᠬᠦ ᠪᠣᠳᠠᠲᠤ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ ᠳᠠᠷᠠᠭ᠎ᠠ | ᠳᠤᠨᠢ᠂ ᠭᠡᠰᠢᠭᠦᠳ ᠰᠢᠨ ᠶᠢᠩᠽᠢ ᠪᠠᠯᠭᠠᠰᠤᠨ ᠤ ᠠᠷᠠᠳ ᠤᠨ ᠵᠠᠩ ᠦᠢᠯᠡ ᠶᠢᠨ ᠣᠷᠳᠣᠨ ᠳᠤ ᠬᠦᠷᠴᠦ ᠲᠣᠭᠤᠷᠢᠨ | ᠦᠵᠡᠵᠦ ᠰᠤᠷᠤᠯᠴᠠᠵᠤ᠂ ᠮᠠᠨ ᠤ ᠰᠢᠶᠠᠨ ᠤ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠢ ᠣᠶᠢᠯᠠᠭᠠᠭᠰᠠᠨ | ᠪᠥᠭᠡᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤᠮᠳᠠᠬᠢ ᠠᠷᠠᠳ ᠤᠨ | ᠵᠠᠩ ᠦᠢᠯᠡ ᠶᠢᠨ ᠣᠷᠳᠣᠨ ᠤ ᠦᠢᠯᠡᠳᠦᠯ ᠢ ᠬᠡᠷᠬᠢᠨ ᠰᠠᠶᠢᠲᠤᠷ ᠪᠠᠳᠠᠷᠠᠭᠤᠯᠬᠤ ᠲᠤᠬᠠᠢ ᠪᠢᠴᠢᠯ ᠵᠥᠪᠳᠡᠯᠴᠡᠭᠡ | ᠥᠷᠨᠢᠭᠦᠯᠵᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |