ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ | ᠦᠨᠡᠨᠬᠦ ᠳᠡᠭᠡᠭᠰᠢᠯᠡᠭᠦᠯᠵᠦ᠂ ᠪᠦᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ | ᠳᠡᠭᠡᠭᠰᠢᠯᠡᠭᠦᠯᠵᠦ᠂ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ 8 | ᠳ᠋ᠤᠭᠠᠷ ᠰᠠᠷ᠎ᠠ ᠶᠢᠨ 22 ᠤᠨ ᠡᠳᠦᠷ᠂ ᠲᠤᠭᠳᠠᠬᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠶᠢᠨ ᠬᠢᠨ ᠬᠠᠷᠢᠶ᠎ᠠ ᠣᠷᠣᠨ ᠤ ᠪᠠᠨ ᠡᠷᠡᠭᠦᠯ ᠡᠩᠬᠡ ᠵᠠᠮ ᠤᠨ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ ᠭᠠᠯ | ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠡᠢ᠃ | | | | | | | | ᠡᠨᠡ ᠬᠤᠭᠤᠴᠠᠭᠠᠨ ᠳᠤ᠂ ᠤᠬᠠᠭᠤᠯᠤᠭᠴᠢ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠠᠮᠤᠷ | ᠲᠦᠪᠰᠢᠨ ᠢᠶᠠᠷ ᠴᠠᠬᠢᠯᠭᠠᠨ ᠬᠡᠷᠡᠭᠯᠡᠬᠦ᠂ ᠭᠡᠷ ᠪᠦᠯᠢ ᠶᠢᠨ ᠭᠠᠯ ᠤᠨᠲᠠᠷᠠᠭᠠᠬᠤ ᠮᠡᠳᠡᠯᠭᠡ ᠪᠣᠯᠣᠨ ᠰᠢᠲᠠᠮᠠᠬᠠᠢ ᠬᠡᠢ | ᠬᠡᠷᠡᠭᠯᠡᠬᠦ ᠶᠡᠷᠦ ᠶᠢᠨ ᠮᠡᠳᠡᠯᠭᠡ᠂ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠪᠣᠯᠣᠨ ᠭᠠᠯ ᠤᠨ ᠠᠶᠤᠯ ᠡᠭᠦᠰᠬᠦ | ᠦᠶ᠎ᠡ ᠳᠤ ᠭᠠᠯ ᠤᠨᠲᠠᠷᠠᠭᠠᠬᠤ᠂ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠮᠡᠳᠡᠯᠭᠡ ᠶᠢᠨ ᠴᠡᠭ ᠢ | ᠤᠯᠠᠨ ᠳᠤ ᠲᠠᠶᠢᠯᠪᠤᠷᠢᠯᠠᠵᠤ ᠥᠭᠪᠡ᠃ | | | | | ᠳᠠᠷᠠᠭ᠎ᠠ ᠨᠢ᠂ ᠨᠡᠶᠢᠭᠡᠮ ᠲᠣᠭᠤᠷᠢᠭ ᠤᠨ ᠠᠵᠢᠯᠲᠠᠳ ᠤᠨ ᠳᠠᠭᠠᠭᠤᠯᠭ᠎ᠠ ᠪᠠᠷ᠂ ᠰᠠᠶᠢᠨ ᠳᠤᠷ᠎ᠠ ᠶᠢᠨ | ᠦᠢᠯᠡᠴᠢᠯᠡᠭᠴᠢᠳ ᠲᠤᠰ ᠲᠣᠭᠤᠷᠢᠭ ᠤᠨ ᠠᠮᠤᠷ ᠲᠦᠪᠰᠢᠨ ᠭᠠᠷᠬᠤ ᠡᠭᠦᠳᠡ᠂ ᠲᠠᠷᠬᠠᠭᠠᠬᠤ ᠵᠠᠮ ᠤᠨ ᠰᠠᠭᠠᠳ | ᠦᠭᠡᠢ ᠨᠡᠪᠲᠡᠷᠡᠭᠰᠡᠨ ᠡᠰᠡᠬᠦ᠂ ᠲᠠᠷᠬᠠᠭᠠᠬᠤ ᠵᠢᠭᠠᠯᠲᠠ ᠲᠡᠮᠳᠡᠭ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ | ᠳ᠋ᠧᠩ ᠢ ᠪᠦᠷᠢᠨ ᠭᠦᠢᠴᠡᠳ ᠲᠣᠬᠢᠷᠠᠭᠤᠯᠤᠭᠰᠠᠨ ᠡᠰᠡᠬᠦ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠠᠳᠠᠯ ᠪᠠᠶᠢᠬᠤ | ᠡᠰᠡᠬᠦ ᠪᠠᠶᠢᠳᠠᠯ ᠳᠤ ᠨᠠᠷᠢᠨ ᠬᠢᠨᠠᠮᠠᠭᠠᠢ ᠪᠠᠶᠢᠴᠠᠭᠠᠯᠲᠠ ᠬᠢᠵᠡᠢ᠃ ᠡᠭᠦᠨ ᠤ ᠵᠡᠷᠭᠡ ᠳᠤ᠂ ᠰᠠᠶᠢᠨ ᠳᠤᠷ᠎ᠠ ᠶᠢᠨ | ᠦᠢᠯᠡᠴᠢᠯᠡᠭᠴᠢᠳ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠭᠰᠠᠨ ᠪᠥᠭᠡᠳ ᠭᠡᠷ ᠳᠣᠲᠣᠷ᠎ᠠ ᠶᠠᠭᠤᠮ᠎ᠠ ᠬᠡᠦᠮ᠎ᠡ ᠣᠪᠣᠭᠠᠯᠠᠵᠤ ᠪᠣᠯᠬᠤ ᠦᠭᠡᠢ᠂ ᠬᠢᠷᠢ ᠲᠡᠩᠴᠡᠬᠦ ᠦᠭᠡᠢ | ᠲᠣᠮᠣ ᠴᠢᠳᠠᠯᠲᠤ ᠴᠠᠬᠢᠯᠭᠠᠨ ᠬᠡᠷᠡᠭᠰᠡᠯ ᠢ ᠬᠡᠷᠡᠭᠯᠡᠵᠦ ᠪᠣᠯᠬᠤ ᠦᠭᠡᠢ᠂ ︽ᠨᠢᠭᠡᠳᠦᠭᠡᠷ ᠹᠷᠣᠨᠲ ᠲᠤ ᠣᠯᠠᠨ ᠬᠡᠷᠡᠭᠯᠡᠬᠦ︾ | ᠴᠠᠬᠢᠯᠭᠠᠨ ᠢ ᠳᠠᠭᠠᠭᠠᠴᠠ ᠠᠴᠠ ᠨᠢ ᠬᠡᠲᠦᠷᠡᠭᠦᠯᠦᠨ ᠬᠡᠷᠡᠭᠯᠡᠬᠦ ᠵᠡᠷᠭᠡ ᠭᠠᠯ ᠤᠨ ᠠᠶᠤᠯ ᠠᠮᠠᠷᠬᠠᠨ ᠡᠭᠦᠰᠬᠡᠬᠦ ᠮᠠᠭᠤ | ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠭᠠᠷᠬᠤ ᠶᠢ ᠡᠬᠢ ᠰᠤᠷᠪᠤᠯᠵᠢ ᠠᠴᠠ ᠨᠢ ᠵᠣᠭᠰᠤᠭᠠᠬᠤ | ᠬᠡᠷᠡᠭᠲᠡᠢ ᠭᠡᠵᠦ ᠣᠯᠠᠨ ᠳᠤ ᠰᠠᠨᠠᠭᠤᠯᠤᠭᠰᠠᠨ ᠪᠠᠶᠢᠨ᠎ᠠ᠃ | | | | | | | | ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯᠲᠠᠳ ᠭᠠᠯ ᠰᠡᠷᠭᠡᠶᠢᠯᠡᠨ | ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠶᠡᠷᠦ ᠶᠢᠨ ᠮᠡᠳᠡᠯᠭᠡ ᠶᠢ ᠡᠵᠡᠮᠰᠢᠵᠦ᠂ ᠨᠡᠶᠢᠭᠡᠮ ᠲᠣᠭᠤᠷᠢᠭ ᠤᠨ | ᠠᠵᠢᠯᠲᠠᠳ ᠤᠨ ᠭᠠᠯ ᠤᠨ ᠠᠶᠤᠯ ᠵᠢᠴᠢ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠠᠷᠭᠠᠴᠠᠬᠤ | ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠠᠮᠤᠷ ᠲᠠᠶᠢᠪᠤᠩ ᠡᠶ᠎ᠡ ᠵᠣᠬᠢᠴᠠᠯ ᠲᠠᠢ ᠭᠠᠯ ᠰᠡᠷᠭᠡᠶᠢᠯᠡᠨ | ᠤᠨᠲᠠᠷᠠᠭᠠᠬᠤ ᠠᠮᠤᠷ ᠲᠦᠪᠰᠢᠨ ᠤ ᠣᠷᠴᠢᠨ ᠨᠥᠬᠦᠴᠡᠯ ᠢ ᠪᠤᠢ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ | ᠪᠠᠶᠢᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |