ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ | ︵ᠠᠷᠪᠠᠨ ᠵᠢᠷᠭᠤᠳᠤᠭᠠᠷ ᠬᠤᠭᠤᠴᠠᠭ᠎ᠠ︶ ᠠᠷᠪᠠᠨ ᠵᠢᠷᠭᠤᠳᠤᠭᠠᠷ ᠨᠤᠮᠧᠷᠳᠦ | ︽ᠬᠥᠬᠡᠬᠤᠲᠠ ᠶᠢᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ | ᠬᠠᠮᠢᠶᠠᠷᠤᠯᠲᠠ ᠶᠢᠨ ᠳᠦᠷᠢᠮ︾ ᠢ 2023 ᠣᠨ ᠤ 6 ᠳ᠋ᠤᠭᠠᠷ ᠰᠠᠷ᠎ᠠ ᠶᠢᠨ 28 ᠤ ᠡᠳᠦᠷ ᠬᠥᠬᠡᠬᠤᠲᠠ ᠶᠢᠨ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠶᠢᠰᠦᠳᠦᠭᠡᠷ ᠬᠤᠷᠠᠯᠳᠤᠭᠠᠨ ᠠᠴᠠ ᠪᠠᠲᠤᠯᠠᠪᠠ᠂ 2023 ᠣᠨ ᠤ 7 ᠳ᠋ᠤᠭᠠᠷ ᠰᠠᠷ᠎ᠠ ᠶᠢᠨ 31 ᠤ | ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯᠳᠤᠭᠠᠨ ᠢᠶᠠᠷ | ᠵᠥᠪᠰᠢᠶᠡᠷᠡᠭᠦᠯᠦᠭᠡᠳ᠂ ᠡᠳᠦᠭᠡ ᠨᠡᠶᠢᠳᠡᠯᠡᠶ᠎ᠡ᠂ 2023 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ | ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠩᠭᠤ ᠶᠢᠨ ᠬᠤᠷᠢᠶ᠎ᠠ | 2023 ᠣᠨ ᠤ 8 ᠳ᠋ᠤᠭᠠᠷ ᠰᠠᠷ᠎ᠠ ᠶᠢᠨ 3 ᠤ ᠡᠳᠦᠷ | ︽ᠬᠥᠬᠡᠬᠤᠲᠠ ᠶᠢᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ | ᠬᠠᠮᠢᠶᠠᠷᠤᠯᠲᠠ ᠶᠢᠨ ᠳᠦᠷᠢᠮ︾ ᠢ ᠵᠥᠪᠰᠢᠶᠡᠷᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ | ︵2023 ᠣᠨ ᠤ 7 ᠳ᠋ᠤᠭᠠᠷ ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯᠳᠤᠭᠠᠨ ᠢᠶᠠᠷ ᠵᠦᠪᠰᠢᠶᠡᠷᠡᠪᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯ ᠠᠴᠠ | ᠲᠣᠭᠲᠠᠭᠠᠭᠰᠠᠨ ᠨᠢ᠂ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠮᠡᠳᠡᠭᠦᠯᠦᠨ ᠵᠥᠪᠰᠢᠶᠡᠷᠡᠭᠦᠯᠦᠭᠰᠡᠨ ︽ᠬᠥᠬᠡᠬᠤᠲᠠ ᠶᠢᠨ ᠣᠷᠣᠨ ᠰᠠᠭᠤᠴᠠ ᠶᠢᠨ ᠵᠢᠵᠢᠭ | ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠢ ᠵᠦᠪᠰᠢᠶᠡᠷᠡᠨ᠎ᠡ᠃ ᠬᠥᠬᠡᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠨᠡᠶᠢᠳᠡᠯᠡᠨ ᠬᠡᠷᠡᠭᠵᠢᠭᠦᠯᠦᠨ᠎ᠡ᠃ | | ᠬᠥᠬᠡᠬᠤᠲᠠ ᠶᠢᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ | ᠳᠦᠷᠢᠮ | ︵2023 ᠣᠨ ᠤ 6 ᠳ᠋ᠤᠭᠡᠷ ᠰᠠᠷ᠎ᠠ ᠶᠢᠨ 28 ᠤ ᠡᠳᠦᠷ ᠬᠥᠬᠡᠬᠤᠲᠠ ᠶᠢᠨ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠶᠢᠰᠦᠳᠦᠭᠡᠷ | ᠬᠤᠷᠠᠯᠳᠤᠭᠠᠨ ᠠᠴᠠ ᠪᠠᠲᠤᠯᠠᠪᠠ᠂ 2023 ᠣᠨ ᠤ 7 ᠳ᠋ᠤᠭᠠᠷ ᠰᠠᠷ᠎ᠠ ᠶᠢᠨ 31 ᠤ ᠡᠳᠦᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯᠳᠤᠭᠠᠨ ᠢᠶᠠᠷ ᠵᠦᠪᠰᠢᠶᠡᠷᠡᠪᠡ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ | ᠠᠵᠢᠯᠯᠠᠭ᠎ᠠ ᠶᠢ ᠵᠢᠷᠤᠮᠵᠢᠭᠤᠯᠵᠤ᠂ ᠥᠮᠴᠢᠲᠡᠨ ᠪᠠ ᠠᠳᠠᠯ ᠠᠬᠤᠢ ᠶᠢᠨ ᠦᠢᠯᠡᠴᠢᠯᠡᠭᠴᠢ ᠶᠢᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠨ᠂ ᠠᠮᠤᠷ ᠲᠦᠪᠰᠢᠨ ᠪᠣᠯᠪᠠᠰᠤᠨ ᠡᠶ᠎ᠡ ᠵᠣᠬᠢᠴᠠᠯ ᠲᠠᠢ ᠣᠷᠣᠰᠢᠨ ᠰᠠᠭᠤᠬᠤ ᠣᠷᠴᠢᠨ | ᠲᠣᠭᠤᠷᠢᠨ ᠢ ᠪᠣᠶ ᠪᠣᠯᠭᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ | ᠬᠠᠤᠯᠢ ᠶᠢᠨ ᠪᠢᠴᠢᠭ︾᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠳᠠᠯ ᠠᠬᠤᠢ ᠶᠢᠨ ᠬᠠᠮᠢᠶᠠᠷᠤᠯᠲᠠ ᠶᠢᠨ | ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ | ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠲᠣᠰ | ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠷᠣᠨ ᠰᠠᠭᠤᠴᠠ ᠶᠢᠨ | ᠵᠢᠵᠢᠭ ᠲᠣᠭᠤᠷᠢᠭ ᠤᠨ ᠠᠳᠠᠯ ᠠᠬᠤᠢ ᠶᠢᠨ ᠬᠡᠷᠡᠭᠯᠡᠯᠲᠡ᠂ ᠬᠠᠮᠠᠭᠠᠯᠠᠯᠲᠠ᠂ ᠦᠢᠯᠡᠴᠢᠯᠡᠭᠡ ᠵᠢᠴᠢ ᠬᠠᠮᠢᠶ᠎ᠠ ᠪᠦᠬᠦᠢ | ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠳᠤ ᠲᠣᠰ ᠳᠦᠷᠢᠮ ᠢ ᠬᠡᠷᠡᠭᠯᠡᠨ᠎ᠡ᠃ | ᠭᠤᠷᠪᠠᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯᠯᠠᠭ᠎ᠠ ᠨᠢ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠬᠤ᠂ ᠬᠠᠷᠢᠶ᠎ᠠ | ᠣᠷᠣᠨ ᠨᠢ ᠬᠠᠮᠢᠶᠠᠷᠬᠤ᠂ ᠥᠮᠴᠢᠲᠡᠨ ᠨᠢ ᠥᠪᠡᠷᠲᠡᠭᠡᠨ ᠵᠠᠰᠠᠬᠤ᠂ ᠲᠤᠰᠬᠠᠢ ᠦᠢᠯᠡᠴᠢᠯᠡᠭᠡ ᠬᠠᠩᠭᠠᠬᠤ᠂ ᠦᠨᠡᠨᠴᠢ | ᠢᠲᠡᠭᠡᠮᠵᠢᠲᠡᠢ ᠪᠠᠶᠢᠬᠤ᠂ ᠠᠵᠢᠯ ᠲᠥᠷᠥᠯ ᠨᠢ ᠥᠪᠡᠷ ᠢ ᠪᠠᠨ ᠱᠠᠭᠠᠷᠳᠠᠬᠤ ᠵᠠᠷᠴᠢᠮ ᠢ ᠵᠢᠷᠤᠮᠯᠠᠵᠤ᠂ ᠠᠳᠠᠯ | ᠠᠬᠤᠢ ᠶᠢᠨ ᠬᠠᠮᠢᠶᠠᠷᠤᠯᠲᠠ ᠶᠢᠨ ᠲᠤᠰᠬᠠᠶᠢᠵᠢᠬᠤ᠂ ᠨᠡᠶᠢᠭᠡᠮᠴᠢᠯᠡᠬᠦ᠂ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ | ᠵᠠᠰᠠᠬᠤ ᠶᠢ ᠠᠬᠢᠭᠤᠯᠬᠤ ᠬᠡᠷᠡᠭᠲᠡᠢ᠃ | ᠳᠥᠷᠪᠡᠳᠦᠭᠡᠷ ᠵᠦᠢᠯ ᠦᠮᠴᠢᠳᠡᠨ ᠤ ᠵᠥᠪᠯᠡᠯ ᠪᠤᠶᠤ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ᠂ | ᠠᠳᠠᠯ ᠠᠬᠤᠢ ᠶᠢᠨ ᠦᠢᠯᠡᠴᠢᠯᠡᠭᠴᠢ ᠨᠠᠮ ᠤᠨ ᠡᠭᠦᠷ ᠪᠤᠶᠤ ᠨᠠᠮ ᠤᠨ ᠳᠤᠭᠤᠶᠢᠯᠠᠩ ᠢ ᠪᠠᠶᠢᠭᠤᠯᠵᠤ᠂ ᠨᠠᠮ ᠤᠨ | ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ | ᠥᠮᠴᠢᠲᠡᠨ ᠤ ᠵᠥᠪᠯᠡᠯ ᠪᠤᠶᠤ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ᠂ ᠠᠳᠠᠯ ᠠᠬᠤᠢ ᠶᠢᠨ | ᠦᠢᠯᠡᠴᠢᠯᠡᠭᠴᠢ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ᠂ | ᠬᠠᠤᠯᠢ ᠲᠣᠭᠲᠠᠭᠠᠯ ᠶᠣᠰᠣᠭᠠᠷ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ | ᠥᠮᠴᠢᠲᠡᠨ ᠤ ᠵᠥᠪᠯᠡᠯ ᠪᠤᠶᠤ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ᠂ ᠠᠳᠠᠯ ᠠᠬᠤᠢ ᠶᠢᠨ | ᠦᠢᠯᠡᠴᠢᠯᠡᠭᠴᠢ ᠶᠢᠨ ᠳᠣᠲᠣᠷᠠᠬᠢ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠠᠪᠰᠤᠷᠭᠠᠭᠰᠠᠨ ᠲᠤᠰᠢᠶᠠᠯ ᠡᠭᠦᠷᠭᠡᠯᠡᠵᠦ᠂ ᠨᠥᠬᠦᠴᠡᠯ ᠳᠤ ᠨᠡᠶᠢᠴᠡᠬᠦ ᠨᠡᠶᠢᠭᠡᠮ ᠲᠣᠭᠤᠷᠢᠭ ᠤᠨ | ᠨᠠᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠤᠨ ᠵᠥᠪᠯᠡᠯ᠂ ᠭᠠᠴᠠᠭᠠᠨ ᠤ ᠠᠷᠠᠳ ᠤᠨ ᠵᠥᠪᠯᠡᠯ ᠤᠨ | ᠪᠦᠷᠢᠯᠳᠦᠭᠦᠨ ᠨᠠᠷ ᠬᠠᠤᠯᠢ ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠦᠮᠴᠢᠳᠡᠳ ᠤᠨ ᠵᠥᠪᠯᠡᠯ ᠪᠤᠶᠤ ᠠᠳᠠᠯ | ᠠᠬᠤᠢ ᠶᠢᠨ ᠬᠠᠮᠢᠶᠠᠷᠤᠯᠲᠠ ᠶᠢᠨ ᠵᠥᠪᠯᠡᠯ ᠤᠨ ᠪᠦᠷᠢᠯᠳᠦᠭᠦᠨ ᠤ ᠲᠤᠰᠢᠶᠠᠯ ᠢ ᠬᠠᠪᠰᠤᠷᠭᠠᠨ ᠡᠭᠦᠷᠭᠡᠯᠡᠨ᠎ᠡ᠃ | ᠲᠠᠪᠤᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠨᠤᠭᠤᠳ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠯᠤᠭ᠎ᠠ ᠬᠠᠷᠢᠯᠴᠠᠨ ᠵᠣᠬᠢᠴᠠᠯᠳᠤᠭᠰᠠᠨ | ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠲᠡᠳᠬᠦᠬᠦ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠂ ᠠᠳᠠᠯ ᠠᠬᠤᠢ ᠶᠢᠨ ᠵᠢᠷᠤᠮᠵᠢᠭᠰᠠᠨ ᠬᠠᠮᠢᠶᠠᠷᠤᠯᠲᠠ ᠬᠢᠭᠡᠳ ᠪᠣᠯᠪᠠᠰᠤᠨ ᠡᠶ᠎ᠡ ᠵᠣᠬᠢᠴᠠᠯ ᠲᠠᠢ | ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠨᠤᠭᠤᠳ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ | ᠡᠶᠡᠳᠡᠭᠦᠯᠭᠡ ᠵᠡᠷᠭᠡ ᠶᠢ ᠬᠠᠷᠢᠯᠴᠠᠨ ᠵᠣᠯᠭᠠᠭᠤᠯᠤᠭᠰᠠᠨ ᠠᠳᠠᠯ ᠠᠬᠤᠢ ᠶᠢᠨ ᠦᠢᠯᠡᠴᠢᠯᠡᠭᠡᠨ ᠤ ᠵᠢᠭᠤᠷᠠᠯᠳᠤᠭᠠᠨ ᠢ | ᠣᠯᠠᠨ ᠡᠰᠢᠵᠢᠭᠦᠯᠦᠨ ᠡᠶᠡᠳᠡᠭᠦᠯᠦᠨ ᠰᠢᠢᠳᠪᠦᠷᠢᠯᠡᠬᠦ᠂ ᠠᠷᠢᠯᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠬᠤ ᠬᠡᠷᠡᠭᠲᠡᠢ᠃ | ᠬᠤᠶᠠᠳᠤᠭᠠᠷ ᠪᠦᠯᠦᠭ ᠬᠢᠨᠠᠯᠳᠠ ᠬᠠᠮᠢᠶᠠᠷᠤᠯᠳᠠ | ᠳᠣᠯᠣᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠬᠤᠲᠠ ᠶᠢᠨ ᠣᠷᠣᠨ ᠰᠠᠭᠤᠴᠠ ᠶᠢᠨ ᠵᠢᠵᠢᠭ | ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠳᠣᠣᠷᠠᠬᠢ ᠡᠭᠦᠷᠭᠡ ᠶᠢ ᠭᠦᠢᠴᠡᠳᠭᠡᠨ᠎ᠡ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠲᠣᠰ ᠬᠤᠲᠠ ᠶᠢᠨ ᠠᠳᠠᠯ | ᠠᠬᠤᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ︵ᠬᠤᠶᠠᠷ︶ ᠲᠣᠰ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠶᠡᠷᠦᠩᠬᠡᠢ ᠲᠥᠯᠦᠪᠵᠢᠭᠦᠯᠭᠡ᠂ | ᠠᠳᠠᠯ ᠠᠬᠤᠢ ᠶᠢᠨ ᠦᠢᠯᠡᠴᠢᠯᠡᠭᠡᠨ ᠤ ᠬᠠᠮᠢᠶ᠎ᠠ ᠪᠦᠬᠦᠢ ᠪᠠᠷᠢᠮᠵᠢᠶ᠎ᠠ ᠪᠠ ᠵᠢᠷᠤᠮᠵᠢᠯ ᠢ ᠬᠠᠷᠢᠭᠤᠴᠠᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ︔ | ︵ᠭᠤᠷᠪᠠ︶ ᠬᠤᠰᠢᠭᠤ ᠰᠢᠶᠠᠨ ᠲᠣᠭᠤᠷᠢᠭ ᠤᠨ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠢᠯᠯᠠᠭ᠎ᠠ ᠳᠤ ᠬᠢᠨᠠᠯᠲᠠ ᠲᠠᠯᠪᠢᠵᠤ | ᠬᠠᠮᠢᠶᠠᠷᠬᠤ ᠠᠵᠢᠯ ᠥᠷᠨᠢᠭᠦᠯᠬᠦ ᠶᠢ ᠵᠢᠯᠣᠭᠤᠳᠤᠨ᠎ᠠ︔ | ︵ᠳᠥᠷᠪᠡ︶ ᠠᠳᠠᠯ ᠠᠬᠤᠢ ᠶᠢᠨ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢ | ᠬᠠᠷᠢᠭᠤᠴᠠᠨ᠎ᠠ︔ | ︵ᠲᠠᠪᠤ︶ ᠬᠠᠮᠢᠶᠠᠷᠤᠯᠲᠠ ᠶᠢᠨ ᠲᠤᠬᠢᠷᠠᠯᠴᠠᠭ᠎ᠠ᠂ ᠲᠦᠷ ᠴᠠᠭ ᠤᠨ ᠬᠠᠮᠢᠶᠠᠷᠤᠯᠲᠠ ᠶᠢᠨ ᠲᠤᠬᠢᠷᠠᠯᠴᠠᠭ᠎ᠠ᠂ | ᠦᠮᠴᠢᠳᠡᠳ ᠤᠨ ᠶᠡᠭᠡ ᠬᠤᠷᠠᠯ ᠤᠨ ᠬᠡᠷᠡᠭ ᠵᠥᠪᠯᠡᠬᠦ ᠳᠦᠷᠢᠮ᠂ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠵᠡᠷᠭᠡ | ᠪᠢᠴᠢᠭ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠲᠣᠪᠬᠢᠮᠠᠯ ᠬᠠᠩᠭᠠᠨ᠎ᠠ︔ | ︵ᠵᠢᠷᠭᠤᠭ᠎ᠠ︶ ᠠᠳᠠᠯ ᠠᠬᠤᠢ ᠶᠢᠨ ᠠᠵᠢᠯ ᠲᠥᠷᠥᠯ ᠤᠨ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠦᠨ᠎ᠡ︔ | ︵ᠳᠣᠯᠤᠭ᠎ᠠ︶ ᠬᠤᠲᠠ ᠶᠢᠨ ᠬᠠᠷᠢᠶ᠎ᠠ ᠲᠣᠭᠤᠷᠢᠭ ᠤᠨ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ | ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠬᠠᠮᠢᠶᠠᠷᠤᠯᠲᠠ ᠪᠠ | ᠬᠡᠷᠡᠭᠯᠡᠯᠲᠡ ᠳᠤ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠶᠢ ᠵᠢᠯᠣᠭᠤᠳᠤᠨ᠎ᠠ︔ | ︵ᠨᠠᠢᠮᠠ︶ ᠠᠵᠢᠯ ᠲᠥᠷᠥᠯ ᠤᠨ ᠨᠡᠶᠢᠭᠡᠮᠯᠢᠭ ᠤᠨ ᠥᠪᠡᠷ ᠢ ᠪᠠᠨ ᠱᠠᠭᠠᠷᠳᠠᠬᠤ ᠴᠢᠨᠠᠷᠲᠠᠢ ᠵᠢᠷᠤᠮᠵᠢᠯ ᠢ | ᠲᠣᠭᠲᠠᠭᠠᠨ ᠬᠡᠷᠡᠭᠵᠢᠭᠦᠯᠬᠦ ᠶᠢ ᠵᠢᠯᠤᠭᠤᠳᠴᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠠᠵᠢᠯ ᠢ | ᠥᠷᠨᠢᠭᠦᠯᠦᠨ᠎ᠡ︔ | ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠬᠢᠨᠠᠯᠳᠠ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ᠃ | ᠨᠠᠢᠮᠠᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠳᠠᠯ | ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠳᠤ | ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠪᠣᠳᠠᠲᠠᠢ ᠳᠣᠣᠷᠠᠬᠢ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠨ᠎ᠡ᠄ | ︵ᠨᠢᠭᠡ︶ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ︔ | ︵ᠬᠤᠶᠠᠷ︶ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠵᠢᠭᠤᠷᠠᠯᠳᠤᠭᠠᠨ ᠢ ᠬᠠᠮᠵᠢᠯᠴᠠᠨ ᠰᠢᠢᠳᠪᠦᠷᠢᠯᠡᠨ᠎ᠡ︔ | ︵ᠭᠤᠷᠪᠠ︶ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠬᠤᠪᠢᠶᠠᠷᠢᠯᠠᠯ᠂ | ᠲᠣᠬᠢᠷᠠᠭᠤᠯᠤᠯᠲᠠ ᠶᠢ ᠬᠠᠷᠢᠭᠤᠴᠠᠨ᠎ᠠ︔ | ︵ᠳᠥᠷᠪᠡ︶ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠳᠠᠯ ᠠᠬᠤᠢ ᠶᠢᠨ ᠦᠢᠯᠡᠴᠢᠯᠡᠭᠴᠢ ᠶᠢᠨ | ᠬᠠᠤᠯᠢ ᠶᠣᠰᠣᠭᠠᠷ ᠡᠭᠦᠷᠭᠡ ᠪᠠᠨ ᠭᠦᠢᠴᠡᠳᠬᠡᠬᠦ ᠶᠢ ᠬᠢᠨᠠᠨ ᠬᠠᠮᠢᠶᠠᠷᠴᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠎ᠡ︔ | ︵ᠲᠠᠪᠤ︶ ᠠᠳᠠᠯ ᠠᠬᠤᠢ ᠶᠢᠨ ᠦᠢᠯᠡᠴᠢᠯᠡᠭᠴᠢ ᠶᠢᠨ ᠢᠲᠡᠭᠡᠮᠵᠢ ᠶᠢᠨ ᠦᠨᠡᠯᠡᠯᠲᠡ ᠶᠢᠨ ᠠᠭᠤᠯᠭ᠎ᠠ ᠶᠢ ᠬᠢᠨᠠᠨ | ᠬᠠᠷᠭᠤᠭᠤᠯᠬᠤ ᠠᠵᠢᠯ ᠢ ᠬᠠᠷᠢᠭᠤᠴᠠᠨ᠎ᠠ︔ | ︵ᠵᠢᠷᠭᠤᠭ᠎ᠠ︶ ᠠᠳᠠᠯ ᠠᠬᠤᠢ ᠶᠢᠨ ᠬᠠᠮᠢᠶᠠᠷᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ᠂ ᠠᠳᠠᠯ ᠠᠬᠤᠢ ᠶᠢᠨ ᠦᠢᠯᠡᠴᠢᠯᠡᠭᠴᠢ᠂ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ᠂ ᠲᠦᠷ ᠴᠠᠭ ᠤᠨ | ᠬᠠᠮᠢᠶᠠᠷᠤᠯᠲᠠ ᠶᠢᠨ ᠲᠤᠬᠢᠷᠠᠯᠴᠠᠭ᠎ᠠ ᠵᠡᠷᠭᠡ ᠪᠢᠴᠢᠭ ᠮᠠᠲ᠋ᠧᠷᠢᠶᠠᠯ ᠢ ᠳᠠᠩᠰᠠᠯᠠᠬᠤ ᠠᠵᠢᠯ ᠢ ᠬᠠᠷᠢᠭᠤᠴᠠᠨ᠎ᠠ︔ | ︵ᠳᠣᠯᠤᠭ᠎ᠠ︶ ᠪᠦᠲᠦᠭᠡᠨ ᠪᠠᠶᠢᠭᠤᠯᠬᠤ ᠨᠢᠭᠡᠴᠢ ᠪᠠ ᠠᠳᠠᠯ ᠠᠬᠤᠢ ᠶᠢᠨ ᠦᠢᠯᠡᠴᠢᠯᠡᠭᠴᠢ ᠶᠢᠨ ᠠᠳᠠᠯ | ᠠᠬᠤᠢ ᠶᠢ ᠳᠠᠭᠠᠭᠠᠨ ᠠᠪᠴᠤ ᠪᠠᠶᠢᠴᠠᠭᠠᠨ ᠰᠢᠯᠭᠠᠬᠤ ᠵᠢᠴᠢ ᠠᠳᠠᠯ ᠠᠬᠤᠢ ᠶᠢᠨ ᠦᠢᠯᠡᠴᠢᠯᠡᠭᠡᠨ ᠳᠤ ᠬᠡᠷᠡᠭᠯᠡᠬᠦ ᠭᠡᠷ | ᠪᠠᠶᠢᠰᠢᠩ ᠢ ᠰᠢᠯᠵᠢᠭᠦᠯᠦᠨ ᠲᠤᠰᠢᠶᠠᠬᠤ ᠠᠵᠢᠯ ᠢ ᠬᠠᠤᠯᠢ ᠶᠣᠰᠣᠭᠠᠷ ᠥᠷᠨᠢᠭᠦᠯᠬᠦ ᠶᠢ ᠵᠢᠯᠤᠭᠤᠳᠬᠤ ᠪᠠ ᠬᠢᠨᠠᠯᠲᠠ | ᠲᠠᠯᠪᠢᠵᠤ᠂ ᠳᠠᠭᠠᠭᠠᠨ ᠠᠪᠴᠤ ᠪᠠᠶᠢᠴᠠᠭᠠᠨ ᠰᠢᠯᠭᠠᠬᠤ ᠶᠢ ᠳᠠᠩᠰᠠᠯᠠᠬᠤ ᠶᠢ ᠬᠠᠷᠢᠭᠤᠴᠠᠨ᠎ᠠ︔ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠬᠢᠨᠠᠯᠳᠠ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ᠃ | ᠶᠢᠰᠦᠳᠦᠭᠡᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠬᠠᠮᠢᠶ᠎ᠠ ᠪᠦᠬᠦᠢ ᠰᠠᠯᠠᠭ᠎ᠠ ᠮᠥᠴᠢᠷ ᠪᠠ ᠪᠠᠶᠢᠭᠤᠯᠤᠮᠵᠢ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ᠄ | ︵ᠨᠢᠭᠡ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠨᠡᠶᠢᠭᠡᠮ ᠲᠣᠭᠤᠷᠢᠭ ᠤᠨ ᠴᠠᠭᠳᠠᠭᠠᠨ ᠤ | ᠶᠠᠪᠤᠳᠠᠯ ᠤᠨ ᠠᠵᠢᠯ ᠢ ᠬᠠᠷᠢᠭᠤᠴᠠᠨ ᠥᠷᠨᠢᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ | ᠳᠣᠲᠣᠷᠠᠬᠢ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢ ᠴᠢᠩᠭᠠᠳᠬᠠᠨ᠂ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ | ᠳᠣᠲᠣᠷᠠᠬᠢ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ᠂ ᠣᠯᠠᠨ | ᠨᠡᠶᠢᠲᠡ ᠶᠢᠨ ᠡᠮᠬᠢ ᠵᠢᠷᠤᠮ ᠢ ᠬᠠᠷᠰᠢᠯᠠᠭᠰᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ | ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃ | ︵ᠬᠤᠶᠠᠷ︶ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ | ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷ᠎ᠠ ᠳᠤᠷ᠎ᠠ ᠪᠠᠷ ᠢᠶᠠᠨ ᠮᠣᠳᠣ ᠣᠭᠲᠣᠯᠵᠤ | ᠰᠢᠯᠵᠢᠭᠦᠯᠦᠭᠰᠡᠨ ᠥᠢᠯᠡ ᠠᠵᠢᠯᠯᠠᠭ᠎ᠠ᠂ ᠭᠡᠷ ᠪᠠᠶᠢᠰᠢᠩ ᠤᠨ ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ | ᠥᠢᠯᠡ ᠠᠵᠢᠯᠯᠠᠭ᠎ᠠ᠂ ᠲᠥᠯᠥᠪᠵᠢᠭᠦᠯᠵᠦ ᠪᠦᠲᠦᠭᠡᠨ ᠪᠠᠶᠢᠭᠤᠯᠬᠤ ᠵᠥᠪᠰᠢᠶᠡᠷᠡᠯ ᠢ ᠳᠠᠮᠵᠢᠭᠰᠠᠨ ᠦᠭᠡᠢ ᠪᠤᠶᠤ | ᠵᠥᠪᠰᠢᠶᠡᠷᠡᠯ ᠤᠨ ᠶᠣᠰᠣᠭᠠᠷ ᠵᠣᠬᠢᠶᠠᠨ ᠪᠠᠶᠢᠭᠤᠯᠵᠤ ᠪᠦᠲᠦᠭᠡᠨ ᠪᠠᠶᠢᠭᠤᠯᠤᠭᠰᠠᠨ ᠦᠭᠡᠢ ᠥᠢᠯᠡ ᠠᠵᠢᠯᠯᠠᠭ᠎ᠠ᠂ | ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠡᠵᠡᠩᠨᠡᠭᠴᠢ ᠬᠠᠤᠯᠢ ᠠᠴᠠ ᠵᠥᠷᠢᠴᠡᠨ ᠲᠤᠰᠤ ᠣᠲᠤᠭ᠎ᠠ | ᠭᠠᠳᠠᠭᠰᠢᠯᠠᠭᠤᠯᠤᠭᠰᠠᠨ ᠥᠢᠯᠡ ᠠᠵᠢᠯᠯᠠᠭ᠎ᠠ ᠶᠢ ᠬᠠᠷᠢᠭᠤᠴᠠᠨ ᠪᠠᠶᠢᠴᠠᠭᠠᠨ ᠰᠢᠢᠳᠪᠦᠷᠢᠯᠡᠨ᠎ᠡ᠃ | ︵ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠤ ᠳᠣᠲᠣᠷᠠᠬᠢ ᠬᠠᠤᠯᠢ ᠠᠴᠠ ᠵᠥᠷᠢᠴᠡᠨ ᠡᠵᠡᠩᠨᠡᠬᠦ ᠥᠢᠯᠡ ᠠᠵᠢᠯᠯᠠᠭ᠎ᠠ ᠶᠢ | ᠬᠠᠷᠢᠭᠤᠴᠠᠨ ᠪᠠᠶᠢᠴᠠᠭᠠᠨ ᠰᠢᠢᠳᠪᠦᠷᠢᠯᠡᠵᠦ᠂ ᠴᠠᠬᠢᠯᠭᠠᠨ ᠱᠠᠲᠤ᠂ ᠭᠦᠸᠧᠯᠦᠵᠡᠷᠭᠡ ᠣᠨᠴᠠ ᠲᠥᠷᠥᠯ ᠤᠨ | ᠲᠥᠬᠦᠭᠡᠷᠦᠮᠵᠢ ᠪᠣᠯᠣᠨ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠤ ᠬᠢᠨᠠᠯᠲᠠ ᠲᠠᠯᠪᠢᠵᠤ | ᠪᠠᠶᠢᠴᠠᠭᠠᠨ᠂ ᠦᠨ᠎ᠡ ᠬᠠᠩᠰᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠥᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠠᠳᠠᠯ ᠠᠬᠤᠢ ᠶᠢᠨ | ᠦᠢᠯᠡᠴᠢᠯᠡᠭᠡᠨ ᠳᠤ ᠬᠡᠷᠡᠭᠯᠡᠬᠦ ᠭᠡᠷ ᠪᠠᠶᠢᠰᠢᠩ᠂ ᠥᠮᠴᠢᠲᠡᠨ ᠤ ᠵᠥᠪᠯᠡᠯ ᠤᠨ ᠬᠡᠷᠡᠭ ᠵᠥᠪᠯᠡᠬᠦ ᠠᠵᠢᠯᠯᠠᠭ᠎ᠠ ᠳᠤ | ᠬᠡᠷᠡᠭᠯᠡᠬᠦ ᠭᠡᠷ ᠪᠠᠶᠢᠰᠢᠩ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠵᠡᠷᠭᠡ ᠠᠳᠠᠯ ᠠᠬᠤᠢ ᠶᠢᠨ ᠬᠠᠮᠢᠶ᠎ᠠ | ᠪᠦᠬᠦᠢ ᠪᠡᠯᠡᠳᠬᠡᠮᠵᠢ ᠶᠢᠨ ᠲᠥᠯᠦᠪᠵᠢᠭᠦᠯᠭᠡ ᠶᠢ ᠬᠢᠨᠠᠨ ᠪᠠᠶᠢᠴᠠᠭᠠᠬᠤ᠂ ᠬᠢᠨᠠᠨ ᠬᠠᠷᠭᠤᠭᠤᠯᠬᠤ ᠶᠢ ᠬᠠᠷᠢᠭᠤᠴᠠᠨ᠎ᠠ︔ | ︵ᠲᠠᠪᠤ︶ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠠᠳᠠᠯ ᠠᠬᠤᠢ ᠶᠢᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠢᠮᠳᠠ ᠲᠦᠷᠢᠶᠡᠰᠦᠨ ᠣᠷᠣᠨ ᠰᠠᠭᠤᠴᠠ | ᠂ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠵᠡᠷᠭᠡ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠯᠲᠠ ᠶᠢᠨ ᠵᠠᠰᠠᠭ ᠤᠨ ᠣᠷᠳᠣᠨ ᠤ ᠵᠢᠯᠤᠭᠤᠳᠬᠤ | ᠦᠨ᠎ᠡ ᠶᠢ ᠲᠣᠭᠲᠠᠭᠠᠬᠤ ᠪᠠ ᠲᠣᠬᠢᠷᠠᠭᠤᠯᠤᠨ᠎ᠠ᠃ | ︵ᠵᠢᠷᠭᠤᠭ᠎ᠠ︶ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠤ ᠳᠣᠲᠣᠷᠠᠬᠢ ᠣᠷᠴᠢᠨ ᠲᠣᠭᠤᠷᠢᠨ ᠤ ᠬᠠᠮᠠᠭᠠᠯᠠᠯᠲᠠ ᠳᠤ ᠬᠢᠨᠠᠯᠲᠠ ᠲᠠᠯᠪᠢᠵᠤ | ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠲᠤᠯᠤᠭ᠎ᠠ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠠᠯ | ᠰᠡᠷᠭᠡᠶᠢᠯᠡᠨ ᠤᠨᠲᠠᠷᠠᠭᠠᠬᠤ ᠠᠵᠢᠯ ᠢ ᠬᠢᠨᠠᠵᠤ ᠬᠠᠮᠢᠶᠠᠷᠬᠤ ᠶᠢᠨ ᠬᠠᠮᠲᠤ ᠠᠷᠠᠳ ᠤᠨ ᠵᠠᠰᠠᠭ ᠤᠨ ᠣᠷᠳᠣᠨ ᠤ ᠭᠠᠯ | ᠰᠡᠷᠭᠡᠶᠢᠯᠡᠨ ᠤᠨᠲᠠᠷᠠᠭᠠᠬᠤ ᠶᠢᠨ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠬᠠᠷᠢᠭᠤᠴᠠᠨ ᠬᠡᠷᠡᠭᠵᠢᠭᠦᠯᠵᠦ᠂ ᠠᠳᠠᠯ | ᠠᠬᠤᠢ ᠶᠢᠨ ᠦᠢᠯᠡᠴᠢᠯᠡᠭᠴᠢ ᠶᠢᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠢ | ᠵᠢᠷᠤᠮᠯᠠᠨ ᠰᠠᠬᠢᠵᠤ᠂ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠢ ᠬᠠᠤᠯᠢ ᠶᠣᠰᠣᠭᠠᠷ ᠬᠢᠨᠠᠵᠤ ᠪᠠᠶᠢᠴᠠᠭᠠᠨ᠎ᠠ᠃ | ︵ᠨᠠᠢᠮᠠ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠤ ᠳᠣᠲᠣᠷᠠᠬᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠯᠣᠭᠤᠳᠤᠯᠭ᠎ᠠ᠂ | ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠲᠤ ᠬᠢᠨᠠᠯᠲᠠ ᠲᠠᠯᠪᠢᠬᠤ ᠶᠢ ᠬᠠᠷᠢᠭᠤᠴᠠᠨ᠎ᠠ︔ | ︵ᠶᠢᠰᠦ︶ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠢᠶᠠᠨ ᠶᠣᠰᠣᠭᠠᠷ ᠠᠳᠠᠯ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ | ᠰᠠᠶᠢᠲᠤᠷ ᠬᠢᠨ᠎ᠡ᠃ | ᠠᠷᠪᠠᠳᠤᠭᠠᠷ ᠵᠦᠢᠯ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠨᠢ ᠲᠤᠰ ᠬᠠᠷᠢᠶ᠎ᠠ ᠣᠷᠣᠨ ᠤ ᠪᠠᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ | ᠦᠮᠴᠢᠳᠠᠳ ᠤᠨ ᠶᠡᠭᠡ ᠬᠤᠷᠠᠯ ᠬᠤᠷᠠᠯᠳᠤᠭᠤᠯᠬᠤ ᠶᠢ ᠵᠢᠯᠣᠭᠤᠳᠤᠨ ᠵᠣᠬᠢᠴᠠᠭᠤᠯᠵᠤ᠂ ᠯᠠᠪᠳᠠᠭᠤᠨ ᠢᠶᠠᠷ ᠲᠦᠯᠬᠢᠨ | ᠠᠬᠢᠭᠤᠯᠵᠤ᠂ ᠦᠮᠴᠢᠳᠠᠳ ᠤᠨ ᠵᠥᠪᠯᠡᠯ ᠢ ᠰᠣᠩᠭᠤᠵᠤ᠂ ᠦᠮᠴᠢᠳᠠᠳ ᠤᠨ ᠶᠡᠭᠡ ᠬᠤᠷᠠᠯ᠂ ᠦᠮᠴᠢᠳᠠᠳ ᠤᠨ | ᠵᠥᠪᠯᠡᠯ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠪᠠᠳᠠᠬᠤ ᠬᠡᠷᠡᠭᠲᠡᠢ᠃ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠲᠣᠰ ᠬᠠᠷᠢᠶ᠎ᠠ ᠣᠷᠣᠨ ᠤ ᠪᠠᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢ ᠵᠢᠯᠤᠭᠤᠳᠬᠤ ᠳᠤ᠂ ᠠᠳᠠᠯ | ᠠᠬᠤᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠡᠯ᠎ᠡ ᠲᠠᠯ᠎ᠠ ᠶᠢᠨ ᠲᠥᠯᠥᠭᠡᠯᠡᠭᠴᠢᠳ ᠢ ᠴᠠᠭ ᠲᠤᠬᠠᠢ ᠳᠤᠨᠢ | ᠴᠤᠭᠯᠠᠭᠤᠯᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠬᠠᠷᠢᠶ᠎ᠠ ᠣᠷᠣᠨ ᠤ ᠪᠠᠨ ᠠᠳᠠᠯ ᠠᠬᠤᠢ ᠶᠢᠨ | ᠬᠠᠮᠢᠶᠠᠷᠤᠯᠲᠠ ᠶᠢᠨ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠨ᠎ᠡ᠃ | ᠠᠷᠪᠠᠨ ᠨᠢᠭᠡᠳᠦᠭᠡᠷ ᠵᠦᠢᠯ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠶᠣᠰᠣᠭᠠᠷ ᠠᠪᠤᠭᠰᠠᠨ ᠡᠯ᠎ᠡ ᠵᠦᠢᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ | ᠬᠡᠮᠵᠢᠶ᠎ᠡ ᠶᠢ ᠨᠠᠶᠢᠳᠠᠪᠦᠷᠢᠵᠢᠭᠤᠯᠬᠤ ᠳᠤ ᠬᠠᠷᠢᠭᠤᠴᠠᠨ᠂ ᠠᠳᠠᠯ ᠠᠬᠤᠢ ᠶᠢᠨ ᠦᠢᠯᠡᠴᠢᠯᠡᠭᠴᠢ ᠶᠢ ᠵᠢᠯᠣᠭᠤᠳᠤᠨ | ᠵᠣᠬᠢᠬᠤ ᠲᠠᠰ ᠤᠨ ᠠᠷᠭᠠᠴᠠᠬᠤ ᠠᠵᠢᠯ ᠢ ᠥᠷᠨᠢᠭᠦᠯᠬᠦ ᠶᠢᠨ ᠬᠠᠮᠲᠤ᠂ ᠡᠳ᠋ ᠪᠠᠷᠠᠭ᠎ᠠ ᠪᠠ ᠪᠡᠯᠡ ᠮᠥᠩᠭᠦ ᠶᠢᠨ | ᠳᠡᠮᠵᠢᠯᠭᠡ ᠣᠯᠭᠤᠨ᠎ᠠ᠃ | ᠭᠡᠨᠡᠳᠲᠡ ᠶᠢᠨ ᠬᠡᠷᠡᠭ ᠢ ᠠᠷᠭᠠᠴᠠᠬᠤ ᠬᠤᠭᠤᠴᠠᠭᠠᠨ ᠳᠤ᠂ ᠠᠳᠠᠯ ᠠᠬᠤᠢ ᠶᠢᠨ ᠦᠢᠯᠡᠴᠢᠯᠡᠭᠴᠢ ᠨᠢ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠵᠢᠯᠣᠭᠤᠳᠤᠯᠭ᠎ᠠ ᠳᠣᠣᠷ᠎ᠠ ᠰᠠᠭᠤᠭᠠᠯᠢ ᠠᠷᠠᠳ ᠤᠨ ᠵᠥᠪᠯᠡᠯ᠂ ᠭᠠᠴᠠᠭᠠᠨ ᠤ ᠠᠷᠠᠳ ᠤᠨ ᠵᠥᠪᠯᠡᠯ ᠤᠨ ᠠᠵᠢᠯ ᠢᠶᠠᠨ | ᠥᠷᠨᠢᠭᠦᠯᠬᠦ ᠳᠤ ᠢᠳᠡᠪᠬᠢᠲᠡᠢ ᠬᠠᠮᠵᠢᠯᠴᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠪᠠ ᠡᠯ᠎ᠡ | ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠃ | | ᠠᠷᠪᠠᠨ ᠬᠤᠶᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯ ᠠᠬᠤᠢ ᠶᠢᠨ ᠦᠢᠯᠡᠴᠢᠯᠡᠭᠡᠨ ᠤ ᠠᠵᠢᠯ | ᠲᠥᠷᠥᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠬᠠᠤᠯᠢ ᠶᠣᠰᠣᠭᠠᠷ ᠪᠠᠶᠢᠭᠤᠯᠵᠤ᠂ ᠵᠠᠭᠠᠯᠳᠤᠯᠭ᠎ᠠ ᠶᠢ | ᠰᠢᠢᠳᠪᠦᠷᠢᠯᠡᠭᠰᠡᠨ ᠪᠠᠶᠢᠳᠠᠯ᠂ ᠭᠡᠷ᠎ᠡ ᠶᠢ ᠭᠦᠢᠴᠡᠳᠬᠡᠭᠰᠡᠨ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠣᠭᠲᠠᠭᠠᠯ ᠢ ᠵᠢᠷᠤᠮᠯᠠᠭᠰᠠᠨ ᠪᠠᠶᠢᠳᠠᠯ ᠢ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠤᠨ᠎ᠠ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠢᠲᠡᠭᠡᠮᠵᠢ ᠲᠠᠢ ᠪᠠᠶᠢᠬᠤ ᠶᠢ | ᠬᠤᠯᠪᠤᠭᠠᠯᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠠᠯᠬᠤᠮ ᠠᠯᠬᠤᠮ ᠢᠶᠠᠷ ᠪᠠᠶᠢᠭᠤᠯᠬᠤ ᠶᠢᠨ ᠬᠠᠮᠲᠤ ᠠᠳᠠᠯ ᠠᠬᠤᠢ ᠶᠢᠨ ᠦᠢᠯᠡᠴᠢᠯᠡᠭᠴᠢ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠨᠡᠶᠢᠭᠡᠮ ᠳᠤ ᠨᠡᠶᠢᠲᠡᠯᠡᠵᠦ᠂ ᠠᠵᠢᠯ ᠲᠥᠷᠥᠯ ᠤᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯ ᠠᠬᠤᠢ ᠶᠢᠨ ᠦᠢᠯᠡᠴᠢᠯᠡᠭᠴᠢ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠣᠷᠣᠭᠤᠯᠬᠤ᠂ ᠬᠢᠨᠠᠨ ᠬᠠᠷᠭᠤᠭᠤᠯᠬᠤ ᠪᠠ ᠨᠤᠲᠠᠯᠠᠬᠤ ᠠᠵᠢᠯ ᠢ ᠬᠠᠷᠢᠭᠤᠴᠠᠨ᠎ᠠ᠃ | | ᠠᠷᠪᠠᠨ ᠭᠤᠷᠪᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠨᠡᠶᠢᠭᠡᠮᠯᠢᠭ ᠨᠢ | ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠠᠵᠢᠯ ᠲᠥᠷᠥᠯ ᠤᠨ | ᠦᠢᠯᠡᠴᠢᠯᠡᠭᠡᠨ ᠤ ᠵᠢᠷᠤᠮᠵᠢᠯ ᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠵᠤ᠂ ᠠᠵᠢᠯ ᠲᠥᠷᠥᠯ ᠤᠨ | ᠪᠣᠯᠪᠠᠰᠤᠷᠠᠭᠤᠯᠤᠯ ᠢ ᠥᠷᠨᠢᠭᠦᠯᠦᠨ᠂ ᠠᠵᠢᠯ ᠲᠥᠷᠥᠯ ᠤᠨ ᠬᠥᠭᠵᠢᠯᠲᠡ ᠶᠢᠨ ᠬᠥᠳᠡᠯᠦᠯ ᠪᠠᠶᠢᠳᠠᠯ᠂ ᠮᠡᠳᠡᠭᠡ | ᠵᠠᠩᠭᠢ ᠶᠢ ᠬᠠᠩᠭᠠᠵᠤ᠂ ᠦᠢᠯᠡᠴᠢᠯᠡᠭᠡ ᠶᠢ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠶᠢ ᠳᠤᠷᠠᠳᠤᠨ᠂ ᠠᠳᠠᠯ | ᠠᠬᠤᠢ ᠶᠢᠨ ᠦᠢᠯᠡᠴᠢᠯᠡᠭᠴᠢ ᠶᠢᠨ ᠬᠤᠭᠤᠷᠣᠨᠳᠣᠬᠢ ᠵᠢᠭᠤᠷᠠᠯᠳᠤᠭᠠᠨ ᠢ ᠡᠶᠡᠳᠡᠭᠦᠯᠦᠨ᠂ ᠠᠳᠠᠯ ᠠᠬᠤᠢ ᠶᠢᠨ | ᠦᠢᠯᠡᠴᠢᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠳᠠᠯ ᠠᠬᠤᠢ ᠶᠢᠨ ᠦᠢᠯᠡᠴᠢᠯᠡᠭᠡᠨ ᠤ | ᠠᠵᠢᠯ ᠲᠥᠷᠥᠯ ᠤᠨ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠭᠤᠷᠪᠠᠳᠤᠭᠠᠷ ᠪᠦᠯᠦᠭ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠳᠠ | ᠠᠷᠪᠠᠨ ᠳᠥᠷᠪᠡᠳᠦᠭᠡᠷ ᠵᠦᠢᠯ ᠥᠮᠴᠢᠲᠡᠨ᠂ ᠦᠮᠴᠢᠳᠡᠳ ᠤᠨ ᠶᠡᠭᠡ ᠬᠤᠷᠠᠯ ᠠᠴᠠ ᠠᠳᠠᠯ ᠠᠬᠤᠢ ᠶᠢᠨ | ᠦᠢᠯᠡᠴᠢᠯᠡᠭᠴᠢ ᠶᠢ ᠰᠣᠩᠭᠤᠨ ᠤᠷᠢᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠢ ᠨᠢ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠦᠨᠡᠬᠢ ᠬᠤᠭᠤᠴᠠᠭᠠᠨ ᠤ ᠠᠳᠠᠯ | ᠠᠬᠤᠢ ᠶᠢᠨ ᠦᠢᠯᠡᠴᠢᠯᠡᠭᠴᠢ ᠶᠢ ᠬᠠᠤᠯᠢ ᠶᠣᠰᠣᠭᠠᠷ ᠰᠣᠩᠭᠤᠨ ᠤᠷᠢᠵᠤ᠂ ᠡᠮᠦᠨᠡᠬᠢ ᠬᠤᠭᠤᠴᠠᠭᠠᠨ ᠤ ᠠᠳᠠᠯ | ᠠᠬᠤᠢ ᠶᠢᠨ ᠦᠢᠯᠡᠴᠢᠯᠡᠭᠡᠨ ᠤ ᠭᠡᠷ᠎ᠡ ᠶᠢ ᠪᠢᠴᠢᠭ ᠢᠶᠠᠷ ᠲᠣᠭᠲᠠᠭᠠᠬᠤ ᠬᠡᠷᠡᠭᠲᠡᠢ᠃ ᠳᠠᠭᠠᠭᠠᠴᠢᠯᠠᠯᠲᠠ ᠬᠦᠯᠢᠶᠡᠭᠴᠢ ᠨᠢ | ᠭᠤᠷᠪᠠ ᠠᠴᠠ ᠳᠤᠲᠠᠭᠤ ᠪᠤᠶᠤ ᠪᠦᠲᠦᠭᠡᠨ ᠪᠠᠶᠢᠭᠤᠯᠬᠤ ᠬᠡᠪᠴᠢᠶ᠎ᠡ ᠨᠢ ᠬᠤᠶᠠᠷ ᠲᠦᠮᠡᠨ ᠲᠡᠭᠰᠢ ᠳᠥᠷᠪᠡᠯᠵᠢᠨ | ᠮᠧᠲᠷ ᠠᠴᠠ ᠪᠠᠭ᠎ᠠ ᠪᠠᠶᠢᠪᠠᠯ᠂ ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠬᠡᠯᠡᠯᠴᠡᠭᠡᠷ ᠤᠨ ᠠᠷᠭ᠎ᠠ ᠮᠠᠶ᠋ᠢᠭ ᠢ ᠬᠡᠷᠡᠭᠯᠡᠨ ᠠᠳᠠᠯ | ᠠᠬᠤᠢ ᠶᠢᠨ ᠦᠢᠯᠡᠴᠢᠯᠡᠭᠴᠢ ᠶᠢ ᠰᠣᠩᠭᠤᠨ ᠤᠷᠢᠵᠤ ᠪᠣᠯᠣᠨ᠎ᠠ᠃ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ | ᠦᠢᠯᠡᠴᠢᠯᠡᠭᠡᠨ ᠤ ᠭᠡᠷ᠎ᠡ ᠳᠤ ᠡᠷᠬᠡ ᠲᠡᠭᠰᠢ ᠪᠠᠶᠢᠬᠤ ᠵᠠᠷᠴᠢᠮ ᠢ ᠵᠢᠷᠤᠮᠯᠠᠵᠤ᠂ ᠠᠳᠠᠯ ᠠᠬᠤᠢ ᠶᠢᠨ ᠦᠢᠯᠡᠴᠢᠯᠡᠭᠡᠨ ᠤ | ᠠᠭᠤᠯᠭ᠎ᠠ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠦᠢ ᠵᠣᠬᠢᠰᠲᠠᠢ ᠪᠣᠯᠵᠣᠨ ᠲᠤᠭᠳᠠᠭᠠᠬᠤ ᠶᠢᠨ ᠬᠠᠮᠲᠤ᠂ | ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠲᠤ | ᠮᠡᠳᠡᠭᠦᠯᠦᠨ ᠲᠠᠩᠰᠠᠯᠠᠭᠤᠯᠤᠨ᠎ᠠ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠳᠠᠯ | ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠢᠯᠣᠭᠤᠳᠤᠨ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠵᠢᠯ ᠢ ᠥᠷᠨᠢᠭᠦᠯᠵᠦ᠂ ᠥᠷᠢᠰᠦᠯᠳᠦᠭᠡᠨ ᠨᠢ ᠡᠮᠬᠢ | ᠵᠢᠷᠤᠮ ᠲᠠᠢ ᠠᠳᠠᠯ ᠠᠬᠤᠢ ᠶᠢᠨ ᠵᠠᠬ᠎ᠠ ᠲᠡᠯᠭᠡᠭᠦᠷ ᠢ ᠪᠦᠷᠢᠯᠳᠦᠭᠦᠯᠦᠨ᠎ᠡ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠳᠠᠭᠠᠭᠠᠴᠢᠯᠠᠯᠲᠠ ᠦᠨᠡᠯᠡᠬᠦ ᠲᠤᠰᠬᠠᠢ | ᠮᠡᠷᠭᠡᠵᠢᠯᠲᠡᠨ ᠤ ᠬᠥᠮᠥᠷᠭᠡ ᠪᠠᠶᠢᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠤᠯ ᠪᠠ | ᠰᠢᠯᠭᠠᠨ ᠬᠢᠨᠠᠬᠤ ᠶᠢ ᠵᠣᠬᠢᠶᠠᠨ ᠪᠠᠶᠢᠭᠤᠯᠵᠤ᠂ ᠬᠥᠳᠡᠯᠦᠩᠭᠦᠢ ᠬᠠᠮᠢᠶᠠᠷᠤᠯᠳᠠ ᠶᠢ ᠬᠡᠷᠡᠭᠵᠢᠭᠦᠯᠦᠨ᠎ᠡ᠃ | ᠬᠤᠭᠤᠴᠠᠭ᠎ᠠ ᠬᠤᠪᠢᠶᠠᠨ ᠨᠡᠭᠡᠭᠡᠨ ᠬᠥᠭᠵᠢᠭᠦᠯᠦᠭᠰᠡᠨ ᠠᠳᠠᠯᠢ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ | ᠣᠷᠣᠨ ᠪᠦᠰᠡ ᠳᠤ᠂ ᠪᠦᠲᠦᠭᠡᠨ ᠪᠠᠶᠢᠭᠤᠯᠬᠤ ᠨᠢᠭᠡᠴᠢ ᠬᠢᠭᠡᠳ ᠠᠳᠠᠯ ᠠᠬᠤᠢ᠂ ᠬᠤᠳᠠᠯᠳᠤᠨ ᠠᠪᠤᠭᠴᠢ ᠨᠢ | ᠠᠭᠤᠯᠭ᠎ᠠ ᠪᠠᠷ ᠨᠢᠭᠡᠳᠦᠯᠲᠡᠢ ᠲᠦᠷ ᠴᠠᠭ ᠤᠨ ᠬᠠᠮᠢᠶᠠᠷᠤᠯᠲᠠ ᠶᠢᠨ ᠲᠤᠬᠢᠷᠠᠯᠴᠠᠭ᠎ᠠ ᠲᠤᠭᠳᠠᠭᠠᠬᠤ ᠬᠡᠷᠡᠭᠲᠡᠢ᠃ ᠲᠦᠷ | ᠴᠠᠭ ᠤᠨ ᠬᠠᠮᠢᠶᠠᠷᠤᠯᠲᠠ ᠶᠢᠨ ᠲᠤᠬᠢᠷᠠᠯᠴᠠᠭ᠎ᠠ ᠶᠢ ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠲᠠᠩᠰᠠᠯᠠᠭᠤᠯᠤᠨ᠎ᠠ᠃ | ᠠᠷᠪᠠᠨ ᠲᠠᠪᠤᠳᠤᠭᠠᠷ ᠵᠦᠢᠯ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠨᠢᠭᠡᠴᠢ ᠨᠢ ᠤᠰᠤ᠂ ᠴᠠᠬᠢᠯᠭᠠᠨ᠂ ᠢᠯᠴᠢ᠂ ᠰᠠᠯᠬᠢ ᠨᠡᠪᠲᠡᠷᠡᠬᠦ᠂ ᠪᠠᠶᠢᠭᠠᠯᠢ ᠶᠢᠨ ᠬᠡᠷᠡᠯ | ᠲᠤᠰᠬᠠᠬᠤ ᠵᠡᠷᠭᠡ ᠦᠨᠳᠦᠰᠦᠨ ᠬᠡᠷᠡᠭᠯᠡᠬᠦ ᠴᠢᠳᠠᠮᠵᠢ ᠪᠠ ᠬᠡᠷᠡᠭᠯᠡᠬᠦ ᠨᠥᠬᠦᠴᠡᠯ ᠢ ᠪᠦᠷᠢᠯᠳᠦᠭᠦᠯᠦᠭᠰᠡᠨ ᠭᠡᠷ | ᠪᠠᠶᠢᠰᠢᠩ ᠢ ᠬᠠᠤᠯᠢ ᠶᠣᠰᠣᠭᠠᠷ ᠵᠢᠷᠤᠭᠯᠠᠨ ᠲᠥᠯᠥᠪᠯᠡᠵᠦ ᠲᠣᠬᠢᠷᠠᠭᠤᠯᠤᠨ ᠠᠳᠠᠯ ᠠᠬᠤᠢ ᠶᠢᠨ ᠦᠢᠯᠡᠴᠢᠯᠡᠭᠡᠨ ᠳᠤ | ᠬᠡᠷᠡᠭᠯᠡᠬᠦ ᠭᠡᠷ ᠪᠠᠶᠢᠰᠢᠩ ᠪᠠ ᠥᠮᠴᠢᠲᠡᠨ ᠤ ᠵᠥᠪᠯᠡᠯ ᠤᠨ ᠬᠡᠷᠡᠭ ᠵᠥᠪᠯᠡᠬᠦ ᠠᠵᠢᠯᠯᠠᠭ᠎ᠠ ᠳᠤ ᠬᠡᠷᠡᠭᠯᠡᠬᠦ ᠭᠡᠷ ᠪᠠᠶᠢᠰᠢᠩ | ᠪᠣᠯᠭᠠᠬᠤ ᠶᠢᠨ ᠬᠠᠮᠲᠤ ᠨᠡᠶᠢᠲᠡ ᠶᠢᠨ ᠲᠠᠯᠠᠪᠠᠶ ᠳᠤ ᠪᠤᠳᠤᠵᠤ ᠣᠷᠣᠭᠤᠯᠬᠤ ᠦᠭᠡᠢ᠃ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠵᠢᠴᠢ | ᠲᠡᠭᠦᠨ ᠤ ᠳᠠᠭᠠᠯᠳᠤᠭᠤᠯᠤᠭᠰᠠᠨ ᠵᠢᠷᠤᠭ ᠳᠡᠭᠡᠷ᠎ᠡ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ ᠠᠳᠠᠯ | ᠠᠬᠤᠢ ᠶᠢᠨ ᠦᠢᠯᠡᠴᠢᠯᠡᠭᠡ ᠳᠤ ᠬᠡᠷᠡᠭᠯᠡᠬᠦ ᠭᠡᠷ ᠪᠠᠶᠢᠰᠢᠩ ᠵᠢᠴᠢ ᠥᠮᠴᠢᠲᠡᠨ ᠤ ᠵᠥᠪᠯᠡᠯ ᠤᠨ ᠬᠡᠷᠡᠭ ᠵᠥᠪᠯᠡᠬᠦ | ᠠᠵᠢᠯᠯᠠᠭ᠎ᠠ ᠳᠤ ᠬᠡᠷᠡᠭᠯᠡᠬᠦ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ ᠪᠠ ᠣᠷᠣᠨ ᠪᠠᠶᠢᠷᠢ ᠶᠢ ᠲᠣᠳᠣᠷᠬᠠᠢ | ᠪᠢᠴᠢᠬᠦ ᠶᠢᠨ ᠬᠠᠮᠲᠤ ᠠᠳᠠᠯ ᠠᠬᠤᠢ ᠶᠢᠨ ᠦᠢᠯᠡᠴᠢᠯᠡᠭᠡ ᠳᠤ ᠬᠡᠷᠡᠭᠯᠡᠬᠦ ᠭᠡᠷ ᠪᠠᠶᠢᠰᠢᠩ ᠵᠢᠴᠢ ᠥᠮᠴᠢᠲᠡᠨ ᠤ | ᠵᠥᠪᠯᠡᠯ ᠤᠨ ᠬᠡᠷᠡᠭ ᠵᠥᠪᠯᠡᠬᠦ ᠠᠵᠢᠯᠯᠠᠭ᠎ᠠ ᠳᠤ ᠬᠡᠷᠡᠭᠯᠡᠬᠦ ᠭᠡᠷ ᠪᠠᠶᠢᠰᠢᠩ ᠳᠤ ᠲᠣᠳᠣᠷᠬᠠᠶᠢᠯᠠᠯᠲᠠ ᠬᠢᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ᠂ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠠᠳᠠᠯ ᠠᠬᠤᠢ ᠶᠢᠨ | ᠦᠢᠯᠡᠴᠢᠯᠡᠭᠡᠨ ᠳᠤ ᠬᠡᠷᠡᠭᠯᠡᠬᠦ ᠭᠡᠷ ᠪᠠᠶᠢᠰᠢᠩ ᠪᠠ ᠥᠮᠴᠢᠲᠡᠨ ᠤ ᠵᠥᠪᠯᠡᠯ ᠤᠨ ᠬᠡᠷᠡᠭ ᠵᠥᠪᠯᠡᠬᠦ ᠳᠤ ᠬᠡᠷᠡᠭᠯᠡᠬᠦ ᠭᠡᠷ | ᠪᠠᠶᠢᠰᠢᠩ ᠤᠨ ᠨᠥᠬᠦᠴᠡᠯ ᠳᠤ ᠨᠡᠶᠢᠴᠡᠬᠦ ᠡᠰᠡᠬᠦ ᠳᠤ ᠬᠢᠨᠠᠯᠳᠠ ᠲᠠᠯᠪᠢᠨ᠎ᠠ᠃ | ᠠᠷᠪᠠᠨ ᠵᠢᠷᠭᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠨᠢ ᠪᠦᠲᠦᠭᠡᠨ ᠪᠠᠶᠢᠭᠤᠯᠬᠤ ᠨᠢᠭᠡᠴᠢ | ᠯᠦᠭᠡ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠲᠥᠷᠥᠯ ᠵᠦᠢᠯ ᠢ ᠳᠠᠭᠠᠭᠠᠨ | ᠠᠪᠬᠤ ᠳᠠᠭᠠᠨ᠂ ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨᠠᠯᠲᠠ᠂ ᠵᠢᠯᠣᠭᠤᠳᠤᠯᠭ᠎ᠠ ᠳᠣᠣᠷ᠎ᠠ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠬᠠᠮᠲᠤ ᠪᠠᠷ | ᠥᠮᠴᠢᠯᠡᠬᠦ ᠬᠡᠰᠡᠭ ᠲᠤ ᠪᠠᠶᠢᠴᠠᠭᠠᠨ ᠰᠢᠯᠭᠠᠯᠲᠠ ᠬᠢᠵᠦ᠂ ᠪᠠᠶᠢᠴᠠᠭᠠᠨ ᠰᠢᠯᠭᠠᠬᠤ ᠳᠠᠭᠠᠨ ᠥᠮᠴᠢᠲᠡᠨ ᠤ | ᠲᠥᠯᠥᠭᠡᠯᠡᠭᠴᠢ ᠶᠢ ᠤᠷᠢᠨ ᠣᠷᠣᠯᠴᠠᠭᠤᠯᠬᠤ ᠬᠡᠷᠡᠭᠲᠡᠢ᠃ ᠪᠠᠶᠢᠴᠠᠭᠠᠨ ᠰᠢᠯᠭᠠᠬᠤ ᠶᠢ ᠬᠦᠯᠢᠶᠡᠵᠦ ᠠᠪᠤᠭᠰᠠᠨ | ᠪᠠᠶᠢᠴᠠᠭᠠᠨ ᠰᠢᠯᠭᠠᠭᠰᠠᠨ ᠲᠡᠮᠳᠡᠭᠯᠡᠯ ᠢ ᠠᠳᠠᠯ ᠠᠬᠤᠢ ᠶᠢᠨ ᠦᠢᠯᠡᠴᠢᠯᠡᠭᠴᠢ᠂ ᠪᠦᠲᠦᠭᠡᠨ ᠪᠠᠶᠢᠭᠤᠯᠬᠤ ᠨᠢᠭᠡᠴᠢ | ᠬᠤᠶᠠᠷ ᠲᠠᠯ᠎ᠠ ᠪᠠᠷ ᠢᠶᠠᠨ ᠭᠠᠷ ᠤᠨ ᠥᠰᠥᠭ ᠵᠢᠷᠤᠵᠤ ᠨᠤᠲᠠᠯᠠᠬᠤ ᠶᠢᠨ ᠬᠠᠮᠲᠤ ᠪᠠᠶᠢᠴᠠᠭᠠᠨ ᠰᠢᠯᠭᠠᠬᠤ ᠵᠥᠪᠯᠡᠯᠴᠡᠭᠡᠷ | ᠲᠣᠭᠲᠠᠵᠤ᠂ ᠲᠤᠰᠢᠶᠠᠬᠤ ᠪᠠ ᠭᠥᠯᠢᠶᠡᠨ ᠠᠪᠬᠤ ᠭᠠᠷᠳᠠᠮ ᠢ ᠭᠦᠢᠴᠡᠳᠬᠡᠨ᠎ᠡ᠃ ᠠᠳᠠᠯ ᠠᠬᠤᠢ ᠶᠢᠨ ᠦᠢᠯᠡᠴᠢᠯᠡᠭᠴᠢ | ᠨᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ | ᠳᠣᠲᠣᠷᠠᠬᠢ ᠢᠯᠡᠷᠬᠡᠢ ᠪᠠᠶᠢᠷᠢᠨ ᠳᠤ ᠢᠯᠡ ᠨᠡᠶᠢᠲᠡᠯᠡᠨ᠎ᠡ᠃ | ᠬᠤᠭᠤᠴᠠᠭ᠎ᠠ ᠬᠤᠪᠢᠶᠠᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠣᠷᠣᠨ ᠰᠠᠭᠤᠴᠠ ᠶᠢᠨ | ᠵᠢᠵᠢᠭ ᠲᠣᠭᠤᠷᠢᠭ ᠨᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠠᠬᠢᠴᠠ ᠶᠢ ᠦᠨᠳᠦᠰᠦᠯᠡᠨ᠂ | ᠲᠤᠰᠢᠶᠠᠨ ᠥᠭᠬᠦ ᠨᠥᠬᠦᠴᠡᠯ ᠳᠤ ᠨᠡᠶᠢᠴᠡᠬᠦ ᠣᠷᠣᠨ ᠰᠠᠭᠤᠴᠠ ᠶᠢᠨ ᠵᠢᠵᠢᠭ ᠲᠣᠭᠤᠷᠢᠭ ᠢ ᠬᠤᠭᠤᠴᠠᠭ᠎ᠠ ᠬᠤᠪᠢᠶᠠᠨ | ᠳᠠᠭᠠᠭᠠᠨ ᠠᠪᠴᠤ ᠪᠠᠶᠢᠴᠠᠭᠠᠨ ᠰᠢᠯᠭᠠᠵᠤ᠂ ᠬᠤᠭᠤᠴᠠᠭ᠎ᠠ ᠬᠤᠪᠢᠶᠠᠨ ᠲᠤᠰᠢᠶᠠᠵᠤ ᠭᠥᠯᠢᠶᠡᠨ ᠠᠪᠬᠤ ᠭᠠᠷᠳᠠᠮ ᠢ | ᠭᠦᠢᠴᠡᠳᠬᠡᠨ᠎ᠡ᠃ | ᠠᠷᠪᠠᠨ ᠳᠣᠯᠣᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠶᠢᠨ ᠳᠠᠭᠠᠭᠠᠨ ᠠᠪᠤᠭᠰᠠᠨ ᠡᠮᠦᠨᠡᠬᠢ | ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠵᠦᠢᠯᠡᠰ ᠨᠢ ᠳᠣᠣᠷ᠎ᠠ ᠵᠢᠭᠰᠠᠭᠠᠭᠰᠠᠨ ᠨᠥᠬᠦᠴᠡᠯ ᠤᠳ ᠢ | ᠪᠦᠷᠢᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ᠂ ᠭᠠᠯ | ᠰᠡᠷᠭᠡᠶᠢᠯᠡᠨ ᠤᠨᠲᠠᠷᠠᠭᠠᠬᠤ ᠶᠢ ᠰᠢᠯᠭᠠᠨ ᠠᠪᠬᠤ ᠵᠡᠷᠭᠡ ᠬᠢᠷᠢ ᠲᠡᠩᠴᠡᠭᠰᠡᠨ ᠢ ᠭᠡᠷᠡᠴᠢᠯᠡᠬᠦ ᠪᠢᠴᠢᠭ ᠮᠠᠲ᠋ᠧᠷᠢᠶᠠᠯ ᠢ | ᠣᠯᠣᠭᠰᠠᠨ︔ | ︵ᠬᠤᠶᠠᠷ︶ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ | ᠬᠡᠢ ᠬᠠᠩᠭᠠᠬᠤ᠂ ᠮᠡᠳᠡᠭᠡ ᠬᠤᠯᠪᠣᠭ᠎ᠠ᠂ ᠠᠮᠤᠷ ᠲᠦᠪᠰᠢᠨ ᠤ ᠰᠡᠷᠭᠡᠶᠢᠯᠡᠯᠲᠡ᠂ ᠤᠯᠠᠨ ᠨᠡᠶᠢᠲᠡ ᠶᠢᠨ ᠭᠡᠷᠡᠯᠲᠦᠭᠦᠯᠭᠡ | ᠵᠡᠷᠭᠡ ᠪᠡᠯᠡᠳᠬᠡᠮᠵᠢ ᠲᠥᠬᠦᠭᠡᠷᠦᠮᠵᠢ ᠶᠢ ᠨᠢᠭᠡᠨᠲᠡ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ | ᠶᠣᠰᠣᠭᠠᠷ ᠪᠠᠶᠢᠭᠤᠯᠵᠤ᠂ ᠲᠤᠰᠬᠠᠢ ᠪᠠᠶᠢᠭ᠎ᠠ ᠬᠡᠰᠡᠭ ᠪᠠ ᠬᠠᠮᠲᠤ ᠪᠠᠷ ᠥᠮᠴᠢᠯᠡᠬᠦ ᠬᠡᠰᠡᠭ ᠤᠨ ᠤᠰᠤ ᠬᠠᠩᠭᠠᠬᠤ᠂ | ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ ᠵᠡᠷᠭᠡ ᠪᠡᠯᠡᠳᠬᠡᠮᠵᠢ ᠲᠥᠬᠦᠭᠡᠷᠦᠮᠵᠢ ᠳᠤ ᠨᠢᠭᠡᠨᠲᠡ | ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠪᠡᠶ᠎ᠡ ᠪᠠᠨ ᠳᠠᠭᠠᠭᠠᠭᠰᠠᠨ ᠬᠡᠮᠵᠢᠯᠲᠡ ᠶᠢᠨ ᠪᠠᠭᠠᠵᠢ ᠬᠡᠷᠡᠭᠰᠡᠯ ᠢ | ᠤᠭᠰᠠᠷᠠᠭᠰᠠᠨ ᠪᠥᠭᠡᠳ ᠨᠢᠭᠡᠨᠲᠡ ᠬᠠᠤᠯᠢ ᠶᠣᠰᠣᠭᠠᠷ ᠭᠠᠷ ᠭᠦᠢᠴᠡᠳᠬᠡᠯ ᠬᠢᠭᠰᠡᠨ︔ | ︵ᠭᠤᠷᠪᠠ︶ ᠵᠠᠮ᠂ ᠵᠦᠯᠭᠡ ᠭᠠᠵᠠᠷ᠂ ᠠᠮᠤᠷ ᠲᠦᠪᠰᠢᠨ ᠤ ᠰᠡᠷᠭᠡᠶᠢᠯᠡᠯᠲᠡ ᠪᠠ ᠠᠳᠠᠯ ᠠᠬᠤᠢ ᠶᠢᠨ | ᠦᠢᠯᠡᠴᠢᠯᠡᠭᠡᠨ ᠳᠤ ᠬᠡᠷᠡᠭᠯᠡᠬᠦ ᠭᠡᠷ ᠪᠠᠶᠢᠰᠢᠩ ᠵᠡᠷᠭᠡ ᠣᠯᠠᠨ ᠨᠡᠶᠢᠲᠡ ᠶᠢᠨ ᠢᠵᠢ ᠪᠦᠷᠢᠳᠦᠭᠦᠯᠬᠦ ᠪᠡᠯᠡᠳᠬᠡᠮᠵᠢ ᠪᠠ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠵᠢᠴᠢ ᠬᠤᠷᠢᠶᠠᠨ ᠲᠡᠭᠡᠭᠡᠪᠦᠷᠢᠯᠡᠬᠦ ᠵᠡᠷᠭᠡ ᠣᠯᠠᠨ | ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠨᠢᠭᠡᠨᠲᠡ ᠲᠥᠯᠥᠪᠵᠢᠭᠦᠯᠦᠨ ᠵᠢᠷᠤᠭᠯᠠᠨ ᠲᠥᠯᠥᠪᠯᠡᠭᠰᠡᠨ | ᠱᠠᠭᠠᠷᠳᠠᠯᠭ᠎ᠠ ᠶᠣᠰᠣᠭᠠᠷ ᠪᠠᠶᠢᠭᠤᠯᠤᠭᠰᠠᠨ ᠪᠥᠭᠡᠳ ᠬᠡᠷᠡᠭᠯᠡᠬᠦ ᠴᠢᠳᠠᠮᠵᠢ ᠶᠢᠨ ᠱᠠᠭᠠᠷᠳᠠᠯᠭ᠎ᠠ ᠶᠢ ᠬᠠᠩᠭᠠᠭᠰᠠᠨ ᠪᠠᠶᠢᠬᠤ | ᠬᠡᠷᠡᠭᠲᠡᠢ︔ | ︵ᠳᠥᠷᠪᠡ︶ ᠴᠠᠬᠢᠯᠭᠠᠨ ᠱᠠᠲᠤ᠂ ᠬᠤᠶᠠᠳᠠᠭᠢ ᠤᠳᠠᠭ᠎ᠠ ᠤᠰᠤ ᠬᠠᠩᠭᠠᠬᠤ᠂ ᠥᠨᠳᠥᠷ ᠳᠠᠷᠤᠯᠲᠠᠲᠤ | ᠴᠠᠬᠢᠯᠭᠠᠨ ᠬᠠᠩᠭᠠᠬᠤ᠂ ᠭᠠᠯ ᠤᠨᠲᠠᠷᠠᠭᠠᠬᠤ ᠪᠡᠯᠡᠳᠬᠡᠮᠵᠢ᠂ ᠳᠠᠷᠤᠯᠲᠠᠲᠤ ᠰᠠᠪᠠ᠂ ᠡᠯᠧᠺᠲᠷᠣᠨ ᠢᠶᠠᠷ ᠬᠢᠨᠠᠨ | ᠡᠵᠡᠮᠳᠡᠬᠦ ᠰᠢᠰᠲ᠋ᠧᠮ ᠵᠡᠷᠭᠡ ᠪᠡᠯᠡᠳᠬᠡᠮᠵᠢ ᠲᠥᠬᠦᠭᠡᠷᠦᠮᠵᠢ ᠨᠢ ᠬᠡᠷᠡᠭᠯᠡᠭᠡᠨ ᠳᠤ ᠬᠢᠷᠢ ᠲᠡᠩᠴᠡᠭᠰᠡᠨ ᠦᠨᠡᠮᠯᠡᠯ | ᠣᠯᠣᠭᠰᠠᠨ᠃ | ︵ᠲᠠᠪᠤ︶ ᠠᠳᠠᠯ ᠠᠬᠤᠢ ᠶᠢᠨ ᠬᠡᠷᠡᠭᠯᠡᠯᠲᠡ᠂ ᠬᠠᠮᠠᠭᠠᠯᠠᠯᠲᠠ᠂ ᠬᠠᠮᠢᠶᠠᠷᠤᠯᠲᠠ ᠶᠢᠨ ᠬᠠᠮᠢᠶ᠎ᠠ ᠪᠦᠬᠦᠢ | ᠮᠡᠷᠭᠡᠵᠢᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ | ᠪᠤᠰᠤᠳ ᠨᠥᠬᠦᠴᠡᠯ ᠤᠳ᠃ | ᠠᠷᠪᠠᠨ ᠨᠠᠢᠮᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠨᠢ ᠡᠮᠦᠨᠡᠬᠢ ᠬᠤᠭᠤᠴᠠᠭᠠᠨ ᠤ ᠠᠳᠠᠯ | ᠠᠬᠤᠢ ᠶᠢᠨ ᠦᠢᠯᠡᠴᠢᠯᠡᠭᠡᠨ ᠤ ᠲᠥᠷᠥᠯ ᠵᠦᠢᠯ ᠢ ᠳᠠᠭᠠᠭᠠᠨ ᠠᠪᠤᠭᠰᠠᠨ ᠭᠤᠴᠢᠨ ᠡᠳᠦᠷ ᠤᠨ ᠳᠣᠲᠣᠷ᠎ᠠ᠂ ᠳᠣᠣᠷᠠᠬᠢ | ᠮᠠᠲ᠋ᠧᠷᠢᠶᠠᠯ ᠤᠳ ᠢ ᠠᠪᠴᠤ ᠠᠳᠠᠯ ᠠᠬᠤᠢ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠬᠤ ᠭᠠᠷᠳᠠᠮ ᠢ ᠭᠦᠢᠴᠡᠳᠬᠡᠬᠦ ᠬᠡᠷᠡᠭᠲᠡᠢ᠄ | ︵ᠨᠢᠭᠡ︶ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ︔ | ︵ᠬᠤᠶᠠᠷ︶ ᠲᠦᠷ ᠴᠠᠭ ᠤᠨ ᠬᠠᠮᠢᠶᠠᠷᠤᠯᠲᠠ ᠶᠢᠨ ᠲᠤᠬᠢᠷᠠᠯᠴᠠᠭ᠎ᠠ︔ | ︵ᠭᠤᠷᠪᠠ︶ ᠠᠳᠠᠯ ᠠᠬᠤᠢ ᠶᠢ ᠬᠦᠯᠢᠶᠡᠨ ᠠᠪᠴᠤ ᠪᠠᠶᠢᠴᠠᠭᠠᠨ ᠰᠢᠯᠭᠠᠬᠤ ᠬᠡᠯᠡᠯᠴᠡᠭᠡᠷ︔ | ︵ᠳᠥᠷᠪᠡ︶ ᠪᠦᠲᠦᠭᠡᠨ ᠪᠠᠶᠢᠭᠤᠯᠬᠤ ᠨᠢᠭᠡᠴᠢ ᠶᠢᠨ ᠰᠢᠯᠵᠢᠭᠦᠯᠦᠨ ᠲᠤᠰᠢᠶᠠᠭᠰᠠᠨ ᠮᠠᠲ᠋ᠧᠷᠢᠶᠠᠯ ᠤᠨ | ᠲᠣᠳᠣᠷᠬᠠᠢ ᠬᠠᠭᠤᠳᠠᠰᠤ︔ | ︵ᠲᠠᠪᠤ︶ ᠪᠠᠶᠢᠴᠠᠭᠠᠨ ᠰᠢᠯᠭᠠᠭᠰᠠᠨ ᠲᠡᠮᠳᠡᠭᠯᠡᠯ︔ | ︵ᠵᠢᠷᠭᠤᠭ᠎ᠠ︶ ᠲᠤᠰᠢᠶᠠᠬᠤ ᠪᠠ ᠭᠥᠯᠢᠶᠡᠨ ᠠᠪᠤᠭᠰᠠᠨ ᠲᠡᠮᠳᠡᠭᠯᠡᠯ︔ | ︵ᠲᠤᠯᠤᠭ᠎ᠠ︶ ᠬᠤᠯᠪᠣᠭᠳᠠᠯ ᠪᠦᠬᠦᠢ ᠪᠤᠰᠤᠳ ᠮᠠᠲ᠋ᠧᠷᠢᠶᠠᠯ ᠢ ᠬᠦᠯᠢᠶᠡᠨ ᠠᠪᠴᠤ ᠪᠠᠶᠢᠴᠠᠭᠠᠨ ᠰᠢᠯᠭᠠᠬᠤ᠃ | ᠠᠳᠠᠯ ᠠᠬᠤᠢ ᠶᠢᠨ ᠦᠢᠯᠡᠴᠢᠯᠡᠭᠴᠢ ᠳᠠᠩᠰᠠᠯᠠᠭᠤᠯᠤᠭᠰᠠᠨ ᠦᠷ᠎ᠡ ᠳ᠋ᠦᠩ ᠢ ᠥᠮᠴᠢᠲᠡᠨ ᠳᠤ ᠢᠯᠡ ᠨᠡᠶᠢᠳᠡᠯᠡᠬᠦ | ᠬᠡᠷᠡᠭᠲᠡᠢ᠃ | ᠳᠥᠷᠪᠡᠳᠦᠭᠡᠷ ᠪᠦᠯᠦᠭ ᠦᠮᠴᠢᠳᠡᠨ ᠤ ᠶᠡᠭᠡ ᠬᠤᠷᠠᠯ ᠪᠠ ᠦᠮᠴᠢᠳᠡᠨ ᠤ ᠵᠥᠪᠯᠡᠯ | ᠠᠷᠪᠠ ᠶᠢᠰᠦᠳᠦᠭᠡᠷ ᠵᠦᠢᠯ ᠦᠮᠴᠢᠳᠡᠨ ᠤ ᠶᠡᠭᠡ ᠬᠤᠷᠠᠯ ᠪᠠᠶᠢᠭᠤᠯᠬᠤ ᠨᠥᠬᠦᠴᠡᠯ ᠲᠤ ᠨᠡᠶᠢᠴᠡᠬᠦ ᠣᠷᠣᠨ | ᠰᠠᠭᠤᠴᠠ ᠶᠢᠨ ᠵᠢᠵᠢᠭ ᠲᠣᠭᠤᠷᠢᠭ ᠨᠢ ᠨᠠᠮ ᠤᠨ ᠪᠠᠶᠢᠭᠤᠯᠤᠯᠲᠠ ᠪᠠᠷ ᠬᠥᠲᠥᠯᠥᠨ ᠵᠢᠯᠤᠭᠤᠳᠬᠤ ᠶᠢ ᠪᠠᠷᠢᠮᠲᠠᠯᠠᠨ᠂ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠶᠢᠨ ᠳᠣᠣᠷ᠎ᠠ᠂ ᠠᠳᠠᠯ ᠠᠬᠤᠢ ᠶᠢᠨ ᠲᠥᠷᠥᠯ | ᠵᠦᠢᠯ ᠤᠨ ᠪᠠᠶᠢᠭ᠎ᠠ ᠭᠠᠵᠠᠷ ᠤᠨ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠵᠢᠴᠢ ᠰᠠᠭᠤᠭᠠᠯᠢ ᠠᠷᠠᠳ ᠤᠨ ᠵᠥᠪᠯᠡᠯ᠂ ᠲᠣᠰᠬᠤᠨ ᠤ ᠠᠷᠠᠳ ᠤᠨ ᠵᠥᠪᠯᠡᠯ ᠠᠴᠠ | ᠦᠮᠴᠢᠳᠡᠨ ᠤ ᠶᠡᠭᠡ ᠬᠤᠷᠠᠯ ᠤᠨ ᠪᠡᠯᠡᠳᠬᠡᠯ ᠳᠤᠭᠤᠶᠢᠯᠠᠩ ᠢ ᠵᠣᠬᠢᠶᠠᠨ ᠪᠠᠶᠢᠭᠤᠯᠤᠨ᠎ᠠ᠃ ᠪᠡᠯᠡᠳᠬᠡᠯ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠥᠯᠥᠭᠡᠯᠡᠭᠴᠢ ᠡᠭᠦᠷᠭᠡᠯᠡᠨ᠎ᠡ᠃ ᠪᠡᠯᠡᠳᠬᠡᠯ ᠳᠤᠭᠤᠶᠢᠯᠠᠩ ᠤᠨ | ᠥᠮᠴᠢᠲᠡᠨ ᠤ ᠲᠥᠯᠥᠭᠡᠯᠡᠭᠴᠢ ᠶᠢ ᠲᠠᠪᠤ ᠠᠴᠠ ᠳᠡᠭᠡᠭᠰᠢ ᠥᠮᠴᠢᠲᠡᠨ ᠨᠡᠷ᠎ᠡ ᠬᠤᠯᠪᠣᠨ ᠲᠠᠨᠢᠯᠴᠠᠭᠤᠯᠬᠤ ᠬᠡᠷᠡᠭᠲᠡᠢ᠂ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ | ᠰᠠᠭᠤᠭᠠᠯᠢ ᠠᠷᠠᠳ ᠤᠨ ᠵᠥᠪᠯᠡᠯ᠂ ᠭᠠᠴᠠᠭᠠᠨ ᠤ ᠠᠷᠠᠳ ᠤᠨ ᠵᠥᠪᠯᠡᠯ ᠠᠴᠠ ᠥᠮᠴᠢᠲᠡᠨ ᠢ ᠵᠣᠬᠢᠶᠠᠨ ᠪᠠᠶᠢᠭᠤᠯᠵᠤ | ᠨᠡᠷ᠎ᠡ ᠬᠤᠯᠪᠣᠨ ᠲᠠᠨᠢᠯᠴᠠᠭᠤᠯᠤᠭᠰᠠᠨ ᠴᠤ ᠪᠣᠯᠣᠨ᠎ᠠ︔ ᠥᠮᠴᠢᠲᠡᠨ ᠤ ᠲᠥᠯᠥᠭᠡᠯᠡᠭᠴᠢ ᠨᠢ ᠲᠠᠨᠢᠯᠴᠠᠭᠤᠯᠤᠭᠰᠠᠨ | ᠥᠮᠴᠢᠲᠡᠨ ᠤ ᠬᠥᠮᠥᠨ ᠤ ᠲᠤᠭ᠎ᠠ ᠪᠠᠷ ᠲᠡᠰ ᠳᠠᠷᠠᠭᠠᠯᠠᠯ ᠢ ᠲᠣᠭᠲᠠᠭᠠᠨ᠎ᠠ᠃ | ᠪᠡᠯᠡᠳᠬᠡᠯ ᠳᠤᠭᠤᠶᠢᠯᠠᠩ ᠤᠨ ᠪᠦᠷᠢᠯᠳᠦᠭᠦᠨ ᠤ ᠨᠡᠷᠡᠰ ᠢ ᠪᠡᠯᠡᠳᠬᠡᠯ ᠳᠤᠭᠤᠶᠢᠯᠠᠩ ᠪᠠᠶᠢᠭᠤᠯᠤᠭᠳᠠᠭᠰᠠᠨ | ᠡᠳᠦᠷ ᠠᠴᠠ ᠡᠬᠢᠯᠡᠨ ᠭᠤᠷᠪᠠᠨ ᠡᠳᠦᠷ ᠤᠨ ᠳᠣᠲᠣᠷ᠎ᠠ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ | ᠳᠣᠲᠣᠷᠠᠬᠢ ᠢᠯᠡᠷᠬᠡᠢ ᠣᠷᠣᠨ ᠪᠠᠶᠢᠷᠢ ᠳᠤ ᠲᠤᠯᠤᠭᠠᠨ ᠡᠳᠦᠷ ᠠᠴᠠ ᠳᠡᠭᠡᠭᠰᠢ ᠵᠠᠷᠯᠠᠨ ᠨᠡᠶᠢᠲᠡᠯᠡᠬᠦ ᠬᠡᠷᠡᠭᠲᠡᠢ᠃ | ᠥᠮᠴᠢᠲᠡᠨ ᠨᠢ ᠪᠡᠯᠡᠳᠬᠡᠯ ᠳᠤᠭᠤᠶᠢᠯᠠᠩ ᠤᠨ ᠪᠦᠷᠢᠯᠳᠦᠭᠦᠨ ᠳᠤ ᠣᠨᠳᠣᠣ ᠰᠠᠨᠠᠯ ᠲᠠᠢ ᠪᠠᠶᠢᠪᠠᠯ᠂ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ | ᠵᠣᠬᠢᠴᠠᠭᠤᠯᠤᠨ ᠰᠢᠢᠳᠪᠦᠷᠢᠯᠡᠨ᠎ᠡ᠃ | ᠪᠡᠯᠡᠳᠬᠡᠯ ᠳᠤᠭᠤᠶᠢᠯᠠᠩ ᠤᠨ ᠪᠦᠷᠢᠯᠳᠦᠭᠦᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠪᠠᠶᠢᠵᠤ ᠪᠣᠯᠬᠤ | ᠦᠭᠡᠢ᠄ | ︵ᠨᠢᠭᠡ︶ ᠲᠤᠰ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠴᠢ ᠶᠢᠨ | ᠳᠤᠮᠳᠠ ᠲᠤᠰᠢᠶᠠᠯ ᠡᠭᠦᠷᠭᠡᠯᠡᠬᠦ ᠪᠤᠶᠤ ᠲᠤᠰᠢᠶᠠᠯ ᠬᠠᠪᠰᠤᠷᠭᠠᠨ ᠬᠠᠷᠢᠭᠤᠴᠠᠬᠤ︔ | ︵ᠬᠤᠶᠠᠷ︶ ᠲᠤᠰ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠴᠢ | ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠬᠤ︔ | ︵ᠭᠤᠷᠪᠠ︶ ᠥᠮᠴᠢᠲᠡᠨ ᠤ ᠬᠠᠮᠲᠤ ᠶᠢᠨ ᠠᠰᠢᠭ ᠲᠤᠰᠠ ᠶᠢ ᠬᠤᠬᠢᠷᠠᠭᠤᠯᠵᠤ᠂ ᠲᠥᠪ ᠭᠤᠣᠯᠴᠢ ᠪᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠨᠥᠯᠥᠭᠡᠯᠡᠭᠰᠡᠨ ᠦᠢᠯᠡ ᠠᠵᠢᠯᠯᠠᠭ᠎ᠠ᠃ | ᠬᠤᠷᠢᠳᠤᠭᠠᠷ ᠵᠦᠢᠯ ᠦᠮᠴᠢᠳᠡᠨ ᠤ ᠶᠡᠭᠡ ᠬᠤᠷᠠᠯ ᠤᠨ ᠪᠡᠯᠡᠳᠬᠡᠯ ᠳᠤᠭᠤᠶᠢᠯᠠᠩ ᠨᠢ ᠳᠣᠣᠷᠠᠬᠢ | ᠠᠵᠢᠯ ᠤᠳ ᠢ ᠥᠷᠨᠢᠭᠦᠯᠬᠦ ᠶᠢᠨ ᠬᠠᠮᠲᠤ᠂ ᠲᠡᠭᠦᠨ ᠤ ᠲᠣᠭᠲᠠᠭᠠᠭᠰᠠᠨ ᠵᠦᠢᠯᠡᠰ ᠢ ᠠᠳᠠᠯ ᠠᠬᠤᠢ ᠶᠢᠨ | ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠢᠯᠡᠷᠬᠡᠢ ᠪᠠᠶᠢᠷᠢᠨ ᠳᠤ ᠢᠯᠡ ᠨᠡᠶᠢᠲᠡᠯᠡᠬᠦ ᠬᠡᠷᠡᠭᠲᠡᠢ᠄ | ︵ᠨᠢᠭᠡ︶ ᠥᠮᠴᠢᠲᠡᠨ ᠤ ᠪᠡᠶ᠎ᠡ ᠶᠢᠨ ᠬᠢᠷᠢ ᠬᠡᠮ᠂ ᠬᠥᠮᠥᠨ ᠤ ᠲᠤᠭ᠎ᠠ ᠵᠢᠴᠢ ᠲᠡᠭᠦᠨ ᠤ ᠡᠵᠡᠮᠰᠢᠵᠦ ᠪᠠᠶᠢᠭ᠎ᠠ | ᠲᠤᠰᠬᠠᠢ ᠥᠮᠴᠢᠯᠡᠬᠦ ᠬᠡᠰᠡᠭ ᠤᠨ ᠲᠠᠯᠠᠪᠠᠢ ᠶᠢ ᠨᠤᠲᠠᠯᠠᠨ ᠲᠣᠭᠲᠠᠭᠠᠬᠤ︔ | ︵ᠬᠤᠶᠠᠷ︶ ᠦᠮᠴᠢᠳᠡᠨ ᠤ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠢ | ᠬᠤᠷᠠᠯᠳᠤᠭᠤᠯᠬᠤ ᠲᠥᠰᠥᠯ ᠢ ᠲᠣᠭᠲᠠᠭᠠᠨ᠎ᠠ︔ | ︵ᠭᠤᠷᠪᠠ︶ ᠬᠠᠮᠢᠶᠠᠷᠤᠯᠲᠠ ᠶᠢᠨ ᠲᠤᠬᠢᠷᠠᠯᠴᠠᠭ᠎ᠠ ᠪᠠ ᠦᠮᠴᠢᠳᠡᠨ ᠤ ᠶᠡᠭᠡ ᠬᠤᠷᠠᠯ ᠤᠨ ᠬᠡᠷᠡᠭ ᠵᠥᠪᠯᠡᠬᠦ | ᠳᠦᠷᠢᠮ ᠤᠨ ᠲᠥᠰᠥᠯ ᠢ ᠲᠤᠭᠤᠷᠪᠢᠨ ᠲᠣᠭᠲᠠᠭᠠᠨ᠎ᠠ︔ | ︵ᠳᠥᠷᠪᠡ︶ ᠦᠮᠴᠢᠳᠡᠨ ᠤ ᠵᠥᠪᠯᠡᠯ ᠤᠨ ᠭᠡᠰᠢᠭᠦᠨ ᠤ ᠵᠢᠱᠢᠭᠳᠡᠭᠰᠡᠳ ᠢ ᠭᠠᠷᠭᠠᠬᠤ ᠠᠷᠭ᠎ᠠ ᠶᠢ ᠲᠣᠭᠲᠠᠭᠠᠵᠤ | ᠂ ᠦᠮᠴᠢᠳᠡᠨ ᠤ ᠵᠥᠪᠯᠡᠯ ᠤᠨ ᠭᠡᠰᠢᠭᠦᠨ ᠤ ᠵᠢᠱᠢᠭᠳᠡᠭᠰᠡᠳ ᠤᠨ ᠨᠡᠷᠡᠰ ᠢ ᠲᠣᠭᠲᠠᠭᠠᠨ᠎ᠠ︔ | ︵ᠲᠠᠪᠤ︶ ᠦᠮᠴᠢᠳᠡᠨ ᠤ ᠵᠥᠪᠯᠡᠯ ᠢ ᠰᠣᠩᠭᠤᠬᠤ ᠠᠷᠭ᠎ᠠ ᠶᠢ ᠲᠣᠭᠲᠠᠭᠠᠨ᠎ᠠ︔ | ︵ᠵᠢᠷᠭᠤᠭ᠎ᠠ︶ ᠦᠮᠴᠢᠳᠡᠨ ᠤ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠢ | ᠬᠤᠷᠠᠯᠳᠤᠭᠤᠯᠬᠤ ᠪᠤᠰᠤᠳ ᠪᠡᠯᠡᠳᠬᠡᠯ ᠠᠵᠢᠯ ᠢ ᠪᠡᠶᠡᠯᠡᠭᠦᠯᠦᠨ᠎ᠡ᠃ | ᠥᠮᠴᠢᠲᠡᠨ ᠨᠢ ᠵᠠᠷᠯᠠᠨ ᠨᠡᠶᠢᠲᠡᠯᠡᠬᠦ ᠠᠭᠤᠯᠭ᠎ᠠ ᠳᠤ ᠣᠨᠳᠣᠣ ᠰᠠᠨᠠᠯ ᠲᠠᠢ ᠪᠠᠶᠢᠪᠠᠯ᠂ ᠪᠡᠯᠡᠳᠬᠡᠯ ᠳᠤᠭᠤᠶᠢᠯᠠᠩ ᠤᠨ | ᠬᠢᠨ ᠰᠤᠳᠤᠯᠤᠨ ᠰᠢᠢᠳᠪᠦᠷᠢᠯᠡᠬᠦ ᠶᠢᠨ ᠬᠠᠮᠲᠤ ᠦᠮᠴᠢᠳᠡᠨ ᠤ ᠠᠩᠬᠠᠳᠤᠭᠠᠷ ᠤᠳᠠᠭᠠᠨ ᠤ ᠶᠡᠭᠡ ᠬᠤᠷᠠᠯ ᠤᠨ ᠬᠤᠷᠠᠯ | ᠬᠤᠷᠠᠯᠳᠤᠬᠤ ᠠᠴᠠ ᠡᠮᠦᠨ᠎ᠡ ᠬᠠᠷᠢᠭᠤᠯᠲᠠ ᠥᠭᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠦᠮᠴᠢᠳᠡᠨ ᠤ ᠶᠡᠭᠡ ᠬᠤᠷᠠᠯ ᠤᠨ ᠪᠡᠯᠡᠳᠬᠡᠯ ᠳᠤᠭᠤᠶᠢᠯᠠᠩ ᠨᠢ ᠦᠮᠴᠢᠳᠡᠨ ᠤ | ᠶᠡᠭᠡ ᠬᠤᠷᠠᠯ ᠢ ᠬᠤᠷᠠᠯᠳᠤᠭᠤᠯᠬᠤ ᠠᠩᠬᠠᠳᠤᠭᠠᠷ ᠤᠳᠠᠭᠠᠨ ᠤ ᠬᠤᠷᠠᠯ ᠤᠨ ᠴᠠᠭ᠂ ᠭᠠᠵᠠᠷ᠂ ᠠᠷᠭ᠎ᠠ ᠮᠠᠶ᠋ᠢᠭ ᠪᠠ | ᠵᠥᠪᠯᠡᠬᠦ ᠰᠡᠳᠦᠪ ᠢᠶᠠᠨ ᠬᠤᠷᠠᠯ ᠬᠤᠷᠠᠯᠳᠤᠭᠤᠯᠬᠤ ᠠᠴᠠ ᠠᠷᠪᠠᠨ ᠲᠠᠪᠤᠨ ᠡᠳᠦᠷ ᠤᠨ ᠡᠮᠦᠨ᠎ᠡ ᠪᠦᠬᠦ | ᠦᠮᠴᠢᠳᠠᠳ ᠲᠤ ᠮᠡᠳᠡᠭᠳᠡᠬᠦ ᠬᠡᠷᠡᠭᠲᠡᠢ᠃ | ᠦᠮᠴᠢᠳᠡᠨ ᠤ ᠶᠡᠭᠡ ᠬᠤᠷᠠᠯ ᠤᠨ ᠬᠤᠷᠠᠯᠳᠤᠭᠠᠨ ᠢ ᠬᠠᠮᠲᠤ ᠪᠠᠷ ᠶᠠᠷᠢᠯᠴᠠᠬᠤ᠂ ᠪᠢᠴᠢᠭ ᠢᠶᠠᠷ ᠰᠠᠨᠠᠯ | ᠬᠤᠷᠢᠶᠠᠬᠤ ᠪᠤᠶᠤ ᠢᠨᠲ᠋ᠧᠷ ᠰᠦᠯᠵᠢᠶ᠎ᠡ ᠵᠡᠷᠭᠡ ᠬᠡᠯᠪᠡᠷᠢ ᠪᠠᠷ ᠬᠤᠷᠠᠯᠳᠤᠭᠤᠯᠵᠤ ᠪᠣᠯᠣᠨ᠎ᠠ᠂ ᠢᠨᠲ᠋ᠧᠷ ᠰᠦᠯᠵᠢᠶ᠎ᠡ ᠶᠢᠨ | ᠠᠷᠭ᠎ᠠ ᠮᠠᠶ᠋ᠢᠭ ᠢᠶᠠᠷ ᠪᠠᠲᠤᠯᠠᠬᠤ ᠳᠤ ᠬᠦᠷᠪᠡᠯ᠂ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠶᠢᠭᠤᠯᠤᠭᠰᠠᠨ ᠡᠯᠧᠺᠲᠷᠣᠨ ᠫᠢᠶᠣᠣ ᠥᠭᠬᠦ | ᠰᠢᠰᠲ᠋ᠧᠮ ᠢᠶᠠᠷ ᠳᠠᠮᠵᠢᠭᠤᠯᠤᠨ ᠶᠠᠪᠤᠭᠳᠠᠭᠤᠯᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠦᠮᠴᠢᠳᠡᠨ ᠤ ᠶᠡᠭᠡ ᠬᠤᠷᠠᠯ ᠤᠨ ᠪᠡᠯᠡᠳᠬᠡᠯ ᠳᠤᠭᠤᠶᠢᠯᠠᠩ ᠤᠨ ᠠᠵᠢᠯ ᠤᠨ | ᠬᠤᠭᠤᠴᠠᠭᠠᠨ ᠳᠤ ᠴᠤᠭᠯᠠᠭᠤᠯᠤᠭᠰᠠᠨ ᠮᠡᠳᠡᠭᠡ ᠵᠠᠩᠭᠢ ᠪᠠ ᠪᠢᠴᠢᠭ ᠮᠠᠲ᠋ᠧᠷᠢᠶᠠᠯ ᠢ ᠲᠣᠬᠢᠲᠠᠢ ᠬᠠᠳᠠᠭᠠᠯᠠᠨ | ᠬᠠᠮᠢᠶᠠᠷᠬᠤ ᠶᠢᠨ ᠬᠠᠮᠲᠤ ᠦᠮᠴᠢᠳᠡᠨ ᠤ ᠵᠥᠪᠯᠡᠯ ᠢ ᠰᠣᠩᠭᠤᠵᠤ ᠭᠠᠷᠭᠠᠭᠰᠠᠨ ᠤ ᠲᠠᠷᠠᠭ᠎ᠠ ᠲᠠᠪᠤᠨ ᠡᠳᠦᠷ ᠤᠨ | ᠳᠣᠲᠣᠷ᠎ᠠ ᠦᠮᠴᠢᠳᠡᠨ ᠤ ᠵᠥᠪᠯᠡᠯ ᠳᠤ ᠰᠢᠯᠵᠢᠭᠦᠯᠦᠨ ᠲᠤᠰᠢᠶᠠᠬᠤ ᠬᠡᠷᠡᠭᠲᠡᠢ᠃ | ᠦᠮᠴᠢᠳᠠᠳ ᠤᠨ ᠠᠩᠬᠠᠳᠤᠭᠠᠷ ᠤᠳᠠᠭᠠᠨ ᠤ ᠶᠡᠭᠡ ᠬᠤᠷᠠᠯ ᠢ ᠬᠤᠷᠠᠯᠳᠤᠭᠤᠯᠵᠤ ᠳᠡᠶᠢᠯᠦᠭᠰᠡᠨ ᠦᠭᠡᠢ ᠪᠤᠶᠤ | ᠦᠮᠴᠢᠳᠡᠨ ᠤ ᠵᠥᠪᠯᠡᠯ ᠢ ᠰᠣᠩᠭᠤᠨ ᠭᠠᠷᠭᠠᠵᠤ ᠳᠡᠶᠢᠯᠦᠭᠰᠡᠨ ᠦᠭᠡᠢ ᠪᠠᠶᠢᠪᠠᠯ᠂ ᠪᠡᠯᠡᠳᠬᠡᠯ ᠳᠤᠭᠤᠶᠢᠯᠠᠩ ᠨᠢ | ᠲᠠᠷᠬᠠᠭᠠᠬᠤ ᠠᠴᠠ ᠭᠤᠷᠪᠠᠨ ᠡᠳᠦᠷ ᠤᠨ ᠳᠣᠲᠣᠷ᠎ᠠ ᠬᠤᠯᠪᠣᠭᠳᠠᠯ ᠪᠦᠬᠦᠢ ᠮᠡᠳᠡᠭᠡ ᠵᠠᠩᠭᠢ ᠪᠠ ᠪᠢᠴᠢᠭ ᠮᠠᠲ᠋ᠧᠷᠢᠶᠠᠯ ᠢ | ᠠᠳᠠᠯ ᠠᠬᠤᠢ ᠶᠢᠨ ᠵᠦᠢᠯᠡᠰ ᠤᠨ ᠪᠠᠶᠢᠭ᠎ᠠ ᠭᠠᠵᠠᠷ ᠤᠨ ᠰᠠᠭᠤᠭᠠᠯᠢ ᠠᠷᠠᠳ ᠤᠨ ᠵᠥᠪᠯᠡᠯ᠂ ᠭᠠᠴᠠᠭᠠᠨ ᠤ ᠠᠷᠠᠳ ᠤᠨ | ᠵᠥᠪᠯᠡᠯ ᠳᠤ ᠰᠢᠯᠵᠢᠭᠦᠯᠦᠨ ᠲᠤᠰᠢᠶᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠦᠮᠴᠢᠳᠡᠨ ᠤ ᠵᠥᠪᠯᠡᠯ ᠤᠨ ᠵᠢᠱᠢᠭᠳᠡᠭᠰᠡᠳ ᠢ ᠥᠮᠴᠢᠲᠡᠨ ᠥᠪᠡᠷ ᠢᠶᠠᠨ | ᠲᠠᠨᠢᠯᠴᠠᠭᠤᠯᠵᠤ ᠪᠣᠯᠣᠨ᠎ᠠ᠂ ᠲᠤᠰ ᠬᠥᠮᠥᠨ ᠤ ᠵᠥᠪᠰᠢᠶᠡᠷᠡᠯ ᠢ ᠣᠯᠣᠭᠰᠠᠨ ᠤ ᠲᠠᠷᠠᠭ᠎ᠠ᠂ ᠠᠰᠠᠷ ᠤᠨ ᠳᠠᠪᠬᠤᠷᠭ᠎ᠠ᠂ | ᠨᠢᠭᠡᠴᠢ ᠪᠤᠶᠤ ᠳᠠᠪᠬᠤᠷᠭ᠎ᠠ ᠪᠠᠷ ᠨᠢᠭᠡᠴᠢ ᠪᠣᠯᠭᠠᠨ ᠲᠠᠨᠢᠯᠴᠠᠭᠤᠯᠤᠭᠰᠠᠨ ᠴᠤ ᠪᠣᠯᠣᠨ᠎ᠠ᠃ | ᠥᠮᠴᠢᠲᠡᠨ ᠤ ᠳᠣᠲᠣᠷᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ | ᠵᠣᠬᠢᠴᠠᠩᠭᠤᠢ ᠬᠠᠮᠢᠶᠠᠷᠤᠯᠲᠠ ᠶᠢᠨ ᠲᠤᠷᠰᠢᠯᠭ᠎ᠠ ᠲᠠᠢ ᠬᠥᠮᠥᠰ ᠢ ᠥᠮᠴᠢᠲᠡᠨ ᠤ ᠵᠥᠪᠯᠡᠯ ᠤᠨ ᠭᠡᠰᠢᠭᠦᠨ ᠤ | ᠵᠢᠱᠢᠭᠳᠡᠭᠴᠢ ᠪᠣᠯᠭᠠᠬᠤ ᠪᠠᠷ ᠲᠠᠨᠢᠯᠴᠠᠭᠤᠯᠬᠤ ᠶᠢ ᠵᠣᠷᠢᠭᠵᠢᠭᠤᠯᠤᠨ ᠳᠡᠮᠵᠢᠨ᠎ᠡ᠃ | ᠬᠤᠷᠢᠨ ᠳᠥᠷᠪᠡᠳᠦᠭᠡᠷ ᠵᠦᠢᠯ ᠦᠮᠴᠢᠳᠡᠨ ᠤ ᠵᠥᠪᠯᠡᠯ ᠨᠢ ᠰᠣᠩᠭᠤᠵᠤ ᠭᠠᠷᠭᠠᠭᠰᠠᠨ ᠡᠳᠦᠷ ᠠᠴᠠ ᠡᠬᠢᠯᠡᠨ | ᠲᠤᠯᠤᠭᠠᠨ ᠡᠳᠦᠷ ᠤᠨ ᠳᠣᠲᠣᠷ᠎ᠠ ᠠᠩᠬᠠᠳᠤᠭᠠᠷ ᠬᠤᠷᠠᠯᠳᠤᠭᠠᠨ ᠢ ᠬᠤᠷᠠᠯᠳᠤᠭᠤᠯᠵᠤ᠂ ᠦᠮᠴᠢᠳᠡᠨ ᠤ ᠵᠥᠪᠯᠡᠯ ᠤᠨ | ᠡᠷᠬᠢᠯᠡᠭᠴᠢ ᠪᠠ ᠳᠡᠳ᠋ ᠡᠷᠬᠢᠯᠡᠭᠴᠢ ᠶᠢ ᠰᠣᠩᠭᠤᠨ ᠭᠠᠷᠭᠠᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠦᠮᠴᠢᠳᠡᠨ ᠤ ᠵᠥᠪᠯᠡᠯ ᠳᠤ ᠣᠷᠣᠯᠠᠭᠴᠢ ᠭᠡᠰᠢᠭᠦᠨ ᠤ ᠳᠦᠷᠢᠮ ᠢ ᠪᠠᠶᠢᠭᠤᠯᠵᠤ | ᠪᠣᠯᠣᠨ᠎ᠠ᠃ ᠣᠷᠣᠯᠠᠭᠴᠢ ᠭᠡᠰᠢᠭᠦᠨ ᠤ ᠲᠤᠭ᠎ᠠ ᠨᠢ ᠥᠮᠴᠢᠲᠡᠨ ᠤ ᠵᠥᠪᠯᠡᠯ ᠤᠨ ᠵᠢᠩᠬᠢᠨᠢ ᠭᠡᠰᠢᠭᠦᠨ ᠤ ᠲᠣᠭᠠᠨ ᠤ | ᠵᠠᠭᠤᠨ ᠤ ᠲᠠᠪᠢ ᠠᠴᠠ ᠬᠡᠲᠦᠷᠡᠵᠦ ᠪᠣᠯᠬᠤ ᠦᠭᠡᠢ᠃ ᠣᠷᠣᠯᠠᠭᠴᠢ ᠭᠡᠰᠢᠭᠦᠨ ᠪᠠ ᠵᠢᠩᠬᠢᠨᠢ ᠭᠡᠰᠢᠭᠦᠨ ᠢ ᠬᠠᠮᠲᠤ | ᠳᠤᠨᠢ ᠦᠮᠴᠢᠳᠡᠨ ᠤ ᠶᠡᠭᠡ ᠬᠤᠷᠠᠯ ᠢᠶᠠᠷ ᠰᠣᠩᠭᠤᠵᠤ ᠭᠠᠷᠭᠠᠨ᠎ᠠ᠂ ᠲᠡᠭᠦᠨ ᠤ ᠰᠣᠩᠭᠤᠵᠤ ᠭᠠᠷᠭᠠᠬᠤ ᠳᠦᠷᠢᠮ᠂ | ᠲᠤᠰᠢᠶᠠᠯ ᠡᠭᠦᠷᠭᠡᠯᠡᠬᠦ ᠬᠢᠷᠢ ᠬᠡᠮ ᠪᠠ ᠬᠢᠷᠢ ᠬᠡᠮ ᠢ ᠳᠠᠭᠤᠰᠬᠠᠬᠤ ᠳᠦᠷᠢᠮ ᠨᠢ ᠵᠢᠩᠬᠢᠨᠢ ᠭᠡᠰᠢᠭᠦᠨ ᠤ ᠬᠢ ᠲᠠᠢ | ᠠᠳᠠᠯᠢ᠃ | ᠥᠮᠴᠢᠲᠡᠨ ᠤ ᠵᠥᠪᠯᠡᠯ ᠤᠨ ᠭᠡᠰᠢᠭᠦᠨ ᠤ ᠬᠢᠷᠢ ᠬᠡᠮ ᠨᠢ ᠳᠠᠭᠤᠰᠤᠭᠰᠠᠨ᠂ ᠲᠤᠰᠢᠶᠠᠯ ᠠᠴᠠ ᠪᠠᠨ ᠪᠠᠭᠤᠭᠰᠠᠨ | ᠵᠡᠷᠭᠡ ᠰᠢᠯᠲᠠᠭᠠᠨ ᠠᠴᠠ ᠪᠣᠯᠵᠤ ᠣᠷᠣᠨ ᠲᠤᠭ᠎ᠠ ᠨᠢ ᠳᠤᠲᠠᠭᠳᠠᠭᠰᠠᠨ ᠪᠥᠭᠡᠳ ᠣᠷᠣᠨ ᠲᠤᠭ᠎ᠠ ᠨᠢ ᠵᠢᠩᠬᠢᠨᠢ | ᠭᠡᠰᠢᠭᠦᠨ ᠤ ᠪᠦᠬᠦ ᠬᠥᠮᠥᠨ ᠤ ᠲᠣᠭᠠᠨ ᠤ ᠵᠠᠭᠤᠨ ᠤ ᠲᠠᠪᠢ ᠠᠴᠠ ᠬᠡᠲᠦᠷᠡᠭᠰᠡᠨ ᠦᠭᠡᠢ ᠪᠠᠶᠢᠪᠠᠯ᠂ ᠣᠷᠣᠯᠠᠭᠴᠢ | ᠭᠡᠰᠢᠭᠦᠨ ᠣᠯᠣᠭᠰᠠᠨ ᠫᠢᠶᠣᠣ ᠶᠢᠨ ᠤᠯᠠᠨ ᠴᠥᠭᠡᠨ ᠤ ᠲᠡᠰ ᠳᠠᠷᠠᠭᠠᠯᠠᠯ ᠢᠶᠠᠷ ᠳᠠᠷᠠᠭᠠᠯᠠᠨ ᠨᠥᠬᠦᠪᠦᠷᠢᠯᠡᠬᠦ ᠶᠢᠨ | ᠬᠠᠮᠲᠤ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠢᠯᠡᠷᠬᠡᠢ ᠭᠠᠵᠠᠷ ᠲᠤ ᠵᠠᠷᠯᠠᠨ ᠨᠡᠶᠢᠲᠡᠯᠡᠨ᠎ᠡ᠃ | ᠥᠮᠴᠢᠲᠡᠨ ᠤ ᠵᠥᠪᠯᠡᠯ ᠤᠨ ᠭᠡᠰᠢᠭᠦᠨ ᠤ ᠳᠤᠲᠠᠭᠳᠠᠵᠤ ᠪᠠᠶᠢᠭ᠎ᠠ ᠬᠥᠮᠥᠨ ᠤ ᠲᠤᠭ᠎ᠠ ᠨᠢ ᠵᠢᠩᠬᠢᠨᠢ ᠭᠡᠰᠢᠭᠦᠨ ᠤ | ᠪᠦᠬᠦ ᠬᠥᠮᠥᠨ ᠤ ᠲᠣᠭᠠᠨ ᠤ ᠵᠠᠭᠤᠨ ᠤ ᠲᠠᠪᠢ ᠠᠴᠠ ᠬᠡᠲᠦᠷᠡᠭᠰᠡᠨ᠂ ᠡᠰᠡᠬᠦᠯ᠎ᠡ ᠣᠷᠣᠯᠠᠭᠴᠢ ᠭᠡᠰᠢᠭᠦᠨ ᠳᠤᠲᠠᠭᠳᠠᠵᠤ | ᠪᠠᠶᠢᠭ᠎ᠠ ᠬᠥᠮᠥᠨ ᠤ ᠲᠤᠭ᠎ᠠ ᠶᠢ ᠭᠦᠢᠴᠡᠳ ᠨᠥᠬᠦᠪᠦᠷᠢᠯᠡᠵᠦ ᠳᠡᠶᠢᠯᠬᠦ ᠦᠭᠡᠢ ᠪᠠᠶᠢᠪᠠᠯ᠂ ᠥᠮᠴᠢᠲᠡᠨ ᠤ ᠵᠥᠪᠯᠡᠯ ᠢ | ᠳᠠᠬᠢᠵᠤ ᠰᠣᠩᠭᠤᠬᠤ ᠬᠡᠷᠡᠭᠲᠡᠢ᠃ ᠣᠷᠣᠯᠠᠭᠴᠢ ᠭᠡᠰᠢᠭᠦᠨ ᠤ ᠪᠣᠳᠠᠲᠠᠢ ᠳᠠᠷᠠᠭᠠᠯᠠᠨ ᠨᠥᠬᠦᠪᠦᠷᠢᠯᠡᠬᠦ ᠳᠦᠷᠢᠮ᠂ ᠲᠠᠬᠢᠨ | ᠰᠣᠩᠭᠤᠬᠤ ᠵᠢᠷᠤᠮ ᠵᠡᠷᠭᠡ ᠠᠭᠤᠯᠭ᠎ᠠ ᠶᠢ ᠦᠮᠴᠢᠳᠡᠳ ᠤᠨ ᠶᠡᠭᠡ ᠬᠤᠷᠠᠯ ᠤᠨ ᠬᠡᠷᠡᠭ ᠵᠥᠪᠯᠡᠬᠦ ᠳᠦᠷᠢᠮ ᠳᠤ | ᠲᠣᠳᠣᠷᠬᠠᠶᠢᠯᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠦᠮᠴᠢᠳᠡᠨ ᠤ ᠵᠥᠪᠯᠡᠯ ᠨᠢ ᠦᠮᠴᠢᠳᠡᠳ ᠤᠨ ᠬᠠᠤᠯᠢ ᠶᠣᠰᠣᠨ ᠤ ᠡᠷᠬᠡ | ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠪᠣᠳᠣᠯᠭ᠎ᠠ ᠶᠢᠨ | ᠲᠣᠭᠲᠠᠭᠠᠯ ᠳᠤ ᠨᠡᠶᠢᠴᠡᠬᠦ ᠦᠭᠡᠢ ᠭᠤᠮᠣᠳᠠᠯ ᠱᠠᠭᠠᠷᠳᠠᠯᠭ᠎ᠠ ᠳᠤ ᠤᠬᠠᠭᠤᠯᠭ᠎ᠠ ᠬᠥᠮᠦᠵᠢᠯ ᠬᠢᠬᠦ᠂ ᠬᠥᠲᠥᠯᠥᠨ | ᠵᠢᠯᠤᠭᠤᠳᠴᠤ ᠢᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠦᠮᠴᠢᠳᠡᠨ ᠤ ᠵᠥᠪᠯᠡᠯ ᠨᠢ ᠳᠠᠩᠰᠠ ᠡᠪᠬᠡᠮᠡᠯ ᠪᠠ ᠲᠠᠮᠠᠭ᠎ᠠ ᠶᠢ ᠬᠠᠮᠢᠶᠠᠷᠬᠤ | ᠵᠡᠷᠭᠡ ᠠᠵᠢᠯ ᠤᠨ ᠳᠦᠷᠢᠮ ᠢ ᠲᠣᠭᠲᠠᠭᠠᠵᠤ᠂ ᠬᠤᠷᠠᠯ ᠤᠨ ᠲᠡᠮᠳᠡᠭᠯᠡᠯ ᠢ ᠵᠣᠬᠢᠶᠠᠬᠤ ᠪᠠ ᠬᠠᠳᠠᠭᠠᠯᠠᠨ ᠬᠠᠮᠢᠶᠠᠷᠴᠤ᠂ | ᠡᠳ᠋ ᠬᠥᠷᠥᠩᠭᠡ ᠶᠢᠨ ᠮᠠᠲ᠋ᠧᠷᠢᠶᠠᠯ᠂ ᠨᠢᠭᠲᠠᠯᠠᠨ ᠪᠤᠳᠤᠬᠤ ᠭᠡᠷᠡᠴᠢ ᠪᠠᠷᠢᠮᠲᠠ᠂ ᠨᠢᠭᠲᠠᠯᠠᠨ ᠪᠤᠳᠤᠬᠤ ᠳᠠᠩᠰᠠ ᠬᠠᠷ᠎ᠠ᠂ | ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠵᠢᠴᠢ | ᠲᠠᠮᠠᠭ᠎ᠠ ᠶᠢ ᠬᠠᠮᠲᠤ ᠪᠠᠷ ᠥᠮᠴᠢᠯᠡᠬᠦ ᠶᠢᠨ ᠬᠠᠮᠲᠤ ᠬᠤᠯᠪᠣᠭᠳᠠᠯ ᠪᠦᠬᠦᠢ ᠳᠠᠩᠰᠠ ᠡᠪᠬᠡᠮᠡᠯ ᠢ ᠪᠠᠶᠢᠭᠤᠯᠬᠤ ᠬᠡᠷᠡᠭᠲᠡᠢ᠃ | ᠥᠮᠴᠢᠲᠡᠨ ᠨᠢ ᠪᠠᠶᠢᠴᠠᠭᠠᠨ ᠦᠵᠡᠵᠦ᠂ ᠪᠠᠭᠤᠯᠭᠠᠨ ᠠᠪᠴᠤ ᠪᠣᠯᠣᠨ᠎ᠠ᠃ | ᠬᠤᠷᠢᠨ ᠨᠠᠢᠮᠠᠳᠤᠭᠠᠷ ᠵᠦᠢᠯ ᠦᠮᠴᠢᠳᠡᠨ ᠤ ᠶᠡᠭᠡ ᠬᠤᠷᠠᠯ ᠢ ᠬᠤᠷᠠᠯᠳᠤᠭᠤᠯᠬᠤ ᠠᠵᠢᠯ ᠤᠨ ᠵᠠᠷᠤᠳᠠᠯ ᠵᠢᠴᠢ | ᠦᠮᠴᠢᠳᠡᠨ ᠤ ᠵᠥᠪᠯᠡᠯ ᠤᠨ ᠡᠳᠦᠷ ᠲᠤᠳᠤᠮ ᠤᠨ ᠠᠵᠢᠯ ᠤᠨ ᠵᠠᠷᠤᠳᠠᠯ᠂ ᠦᠮᠴᠢᠳᠡᠨ ᠤ ᠵᠥᠪᠯᠡᠯ ᠤᠨ ᠭᠡᠰᠢᠭᠦᠨ ᠤ | ᠠᠵᠢᠯ ᠤᠨ ᠨᠥᠬᠦᠪᠦᠷᠢ ᠶᠢ ᠴᠤᠭᠯᠠᠭᠤᠯᠬᠤ᠂ ᠬᠠᠮᠢᠶᠠᠷᠬᠤ ᠪᠠ ᠬᠡᠷᠡᠭᠯᠡᠬᠦ ᠶᠢ ᠦᠮᠴᠢᠳᠡᠨ ᠤ ᠶᠡᠭᠡ ᠬᠤᠷᠠᠯ ᠠᠴᠠ | ᠲᠣᠭᠲᠠᠭᠠᠬᠤ ᠪᠤᠶᠤ ᠬᠠᠮᠢᠶᠠᠷᠤᠯᠲᠠ ᠶᠢᠨ ᠲᠤᠬᠢᠷᠠᠯᠴᠠᠭ᠎ᠠ ᠳᠤ ᠪᠣᠯᠵᠣᠨ ᠲᠣᠭᠲᠠᠭᠠᠵᠤ᠂ ᠪᠦᠬᠦ ᠥᠮᠴᠢᠲᠡᠨ ᠠᠴᠠ | ᠡᠭᠦᠷᠭᠡᠯᠡᠵᠦ᠂ ᠥᠮᠴᠢᠲᠡᠨ ᠤ ᠬᠠᠮᠲᠤ ᠶᠢᠨ ᠥᠮᠴᠢᠯᠡᠯ ᠤᠨ ᠬᠡᠰᠡᠭ ᠡᠵᠡᠩᠨᠡᠯᠲᠡ ᠶᠢᠨ ᠠᠰᠢᠭ ᠣᠷᠣᠯᠭ᠎ᠠ ᠶᠢᠨ | ᠳᠣᠲᠣᠷ᠎ᠠ ᠠᠴᠠ ᠤᠷᠢᠳᠠᠪᠠᠷ ᠭᠠᠷᠭᠠᠨ᠎ᠠ᠃ | ᠥᠮᠴᠢᠲᠡᠨ ᠤ ᠵᠥᠪᠯᠡᠯ ᠨᠢ ᠨᠠᠭᠠᠲᠤ ᠵᠠᠬ᠎ᠠ ᠳᠠᠭᠠᠨ ᠬᠠᠭᠠᠰ ᠵᠢᠯ ᠪᠦᠷᠢ ᠠᠵᠢᠯ ᠤᠨ ᠵᠠᠷᠤᠳᠠᠯ᠂ ᠠᠵᠢᠯ ᠤᠨ | ᠨᠥᠬᠦᠪᠦᠷᠢ ᠵᠡᠷᠭᠡ ᠪᠣᠳᠠᠲᠠᠢ ᠵᠠᠷᠤᠯᠭ᠎ᠠ ᠶᠢᠨ ᠲᠥᠷᠥᠯ ᠵᠦᠢᠯ ᠪᠠ ᠵᠠᠷᠤᠳᠠᠯ ᠤᠨ ᠵᠠᠷᠤᠯᠭ᠎ᠠ ᠶᠢᠨ ᠪᠠᠶᠢᠳᠠᠯ ᠢ ᠠᠳᠠᠯ | ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠢᠯᠡᠷᠬᠡᠢ ᠣᠷᠣᠨ ᠪᠠᠶᠢᠷᠢ ᠪᠤᠶᠤ ᠰᠦᠯᠵᠢᠶᠡᠨ | ᠳᠡᠭᠡᠷ᠎ᠡ ᠠᠷᠪᠠᠨ ᠲᠠᠪᠤᠨ ᠡᠳᠦᠷ ᠵᠠᠷᠯᠠᠨ ᠨᠡᠶᠢᠲᠡᠯᠡᠵᠦ᠂ ᠥᠮᠴᠢᠲᠡᠨ ᠤ ᠬᠢᠨᠠᠯᠲᠠ ᠶᠢ ᠬᠦᠯᠢᠶᠡᠬᠦ ᠬᠡᠷᠡᠭᠲᠡᠢ᠃ | ᠦᠮᠴᠢᠳᠡᠨ ᠤ ᠶᠡᠭᠡ ᠬᠤᠷᠠᠯ ᠨᠢ ᠬᠠᠤᠯᠢ ᠶᠣᠰᠣᠭᠠᠷ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠳᠤ | ᠨᠠᠶᠢᠳᠠᠵᠤ ᠥᠮᠴᠢᠲᠡᠨ ᠤ ᠬᠠᠮᠲᠤ ᠪᠠᠷ ᠦᠮᠴᠢᠯᠡᠯᠡᠳᠦ ᠬᠡᠰᠡᠭ ᠡᠵᠡᠩᠨᠡᠯᠲᠡ ᠶᠢᠨ ᠠᠰᠢᠭ ᠣᠷᠣᠯᠭ᠎ᠠ ᠶᠢ ᠬᠡᠷᠡᠭᠯᠡᠭᠰᠡᠨ | ᠪᠠᠶᠢᠳᠠᠯ ᠵᠢᠴᠢ ᠦᠮᠴᠢᠳᠡᠨ ᠤ ᠵᠥᠪᠯᠡᠯ ᠤᠨ ᠠᠵᠢᠯ ᠤᠨ ᠵᠠᠷᠤᠳᠠᠯ᠂ ᠠᠵᠢᠯ ᠤᠨ ᠨᠥᠬᠦᠪᠦᠷᠢ ᠳᠤ ᠡᠳ᠋ ᠤᠨ | ᠶᠠᠪᠤᠳᠠᠯ ᠤᠨ ᠬᠢᠨᠠᠨ ᠪᠣᠳᠣᠯᠲᠠ ᠬᠢᠯᠭᠡᠵᠦ ᠪᠣᠯᠣᠨ᠎ᠠ᠃ | ᠬᠤᠷᠢ ᠶᠢᠰᠦᠳᠦᠭᠡᠷ ᠵᠦᠢᠯ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠪᠣᠯ ᠦᠮᠴᠢᠳᠡᠨ ᠤ ᠶᠡᠭᠡ | ᠬᠤᠷᠠᠯ᠂ ᠦᠮᠴᠢᠳᠡᠨ ᠤ ᠵᠥᠪᠯᠡᠯ ᠪᠠᠶᠢᠭᠤᠯᠤᠭᠳᠠᠬᠤ ᠠᠴᠠ ᠡᠮᠦᠨᠡᠬᠢ ᠰᠢᠯᠵᠢᠯᠲᠡ ᠶᠢᠨ ᠴᠢᠨᠠᠷᠲᠠᠢ ᠲᠦᠷ ᠴᠠᠭ ᠤᠨ | ᠪᠠᠶᠢᠭᠤᠯᠤᠮᠵᠢ ᠪᠠᠶᠢᠵᠤ᠂ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠠᠴᠠ ᠬᠠᠷᠢᠭᠤᠴᠠᠨ ᠵᠣᠬᠢᠶᠠᠨ ᠪᠠᠶᠢᠭᠤᠯᠤᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ | ᠨᠢ ᠥᠮᠴᠢᠲᠡᠨ ᠢ ᠵᠣᠬᠢᠶᠠᠨ ᠪᠠᠶᠢᠭᠤᠯᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠣᠲᠣᠷᠠᠬᠢ ᠠᠳᠠᠯ | ᠠᠬᠤᠢ ᠶᠢᠨ ᠦᠢᠯᠡᠴᠢᠯᠡᠭᠡᠨ ᠤ ᠵᠦᠢᠯᠡᠰ ᠢ ᠬᠠᠮᠲᠤᠪᠠᠷ ᠲᠣᠭᠲᠠᠭᠠᠬᠤ ᠶᠢᠨ ᠬᠠᠮᠲᠤ᠂ ᠨᠥᠬᠦᠴᠡᠯ ᠳᠤ ᠨᠡᠶᠢᠴᠡᠬᠦ | ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠥᠮᠴᠢᠲᠡᠨ ᠤ ᠶᠡᠭᠡ ᠬᠤᠷᠠᠯ ᠪᠠᠶᠢᠭᠤᠯᠬᠤ ᠶᠢ ᠠᠬᠢᠭᠤᠯᠵᠤ᠂ | ᠥᠮᠴᠢᠲᠡᠨ ᠤ ᠵᠥᠪᠯᠡᠯ ᠢ ᠰᠣᠩᠭᠤᠨ ᠭᠠᠷᠭᠠᠨ᠎ᠠ᠃ | ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠵᠢᠯᠣᠭᠤᠳᠤᠯᠭ᠎ᠠ ᠪᠠ ᠬᠢᠨᠠᠯᠲᠠ ᠶᠢ ᠬᠦᠯᠢᠶᠡᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠦᠢᠯᠡᠰ ᠢ ᠶᠠᠷᠢᠯᠴᠠᠨ | ᠲᠣᠭᠲᠠᠭᠠᠬᠤ ᠳᠠᠭᠠᠨ ᠥᠮᠴᠢᠲᠡᠨ ᠤ ᠰᠠᠨᠠᠯ ᠪᠠ ᠰᠠᠨᠠᠭᠤᠯᠭ᠎ᠠ ᠶᠢ ᠰᠣᠨᠣᠰᠬᠤ ᠶᠢᠨ ᠬᠠᠮᠲᠤ ᠥᠮᠴᠢᠲᠡᠨ ᠳᠤ ᠠᠳᠠᠯ | ᠠᠬᠤᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠳᠡᠯᠡᠨ᠎ᠡ᠃ ᠠᠳᠠᠯ | ᠠᠬᠤᠢ ᠶᠢᠨ ᠬᠠᠮᠢᠶᠠᠷᠤᠯᠲᠠ ᠶᠢᠨ ᠺᠣᠮᠢᠰ ᠤᠨ ᠭᠠᠷᠭᠠᠭᠰᠠᠨ ᠲᠣᠭᠲᠠᠭᠠᠯ ᠨᠢ ᠣᠯᠠᠨ ᠨᠡᠶᠢᠲᠡ ᠶᠢᠨ ᠠᠰᠢᠭ ᠲᠤᠰᠠ | ᠪᠤᠶᠤ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ᠂ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠪᠤᠶᠤ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃ | ᠲᠠᠪᠤᠳᠤᠭᠠᠷ ᠪᠦᠯᠦᠭ ᠠᠳᠠᠯ ᠠᠬᠤᠢ ᠶᠢᠨ ᠦᠢᠯᠡᠴᠢᠯᠡᠭᠡ | ᠭᠤᠴᠢᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠨᠢ ᠠᠳᠠᠯ ᠠᠬᠤᠢ ᠶᠢᠨ ᠦᠢᠯᠡᠴᠢᠯᠡᠭᠡᠨ ᠤ | ᠭᠡᠷ᠎ᠡ ᠶᠢ ᠭᠦᠢᠴᠡᠳᠬᠡᠵᠦ᠂ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ | ᠴᠠᠯᠢᠩ ᠬᠥᠯᠥᠰᠦ ᠶᠢᠨ ᠳᠦᠷᠢᠮ ᠪᠠ ᠠᠵᠢᠯᠲᠠᠨ ᠠᠵᠢᠯᠴᠢᠨ ᠢ ᠤᠷᠮᠠᠰᠢᠭᠤᠯᠤᠨ ᠵᠣᠷᠢᠭᠵᠢᠭᠤᠯᠬᠤ ᠳᠦᠷᠢᠮ ᠢ | ᠲᠡᠭᠦᠯᠳᠡᠷᠵᠢᠭᠦᠯᠵᠦ᠂ ᠠᠵᠢᠯᠯᠠᠵᠤ ᠪᠠᠶᠢᠭ᠎ᠠ ᠬᠥᠮᠥᠰ ᠤᠨ ᠪᠦᠬᠦᠯᠢ ᠴᠣᠭᠴᠠ ᠶᠢᠨ ᠬᠡᠪ ᠴᠢᠨᠠᠷ ᠪᠠ ᠤᠷ᠎ᠠ | ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ︔ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ | ᠲᠦᠷᠭᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠠᠳᠠᠯ ᠠᠬᠤᠢ ᠶᠢᠨ ᠵᠢᠭᠤᠷᠠᠯᠳᠤᠭᠠᠨ ᠢ ᠴᠠᠭ ᠲᠤᠬᠠᠢ ᠳᠤᠨᠢ | ᠰᠢᠢᠳᠪᠦᠷᠢᠯᠡᠵᠦ᠂ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠭᠤᠴᠢᠨ ᠨᠢᠭᠡᠳᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠴᠢ ᠶᠢᠨ ᠣᠶᠤᠨᠴᠢ ᠠᠳᠠᠯ ᠠᠬᠤᠢ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠵᠣᠷᠢᠭᠵᠢᠭᠤᠯᠵᠤ᠂ ᠰᠢᠨ᠎ᠡ ᠮᠡᠷᠭᠡᠵᠢᠯ᠂ ᠰᠢᠨ᠎ᠡ | ᠠᠷᠭ᠎ᠠ ᠶᠢ ᠬᠡᠷᠡᠭᠯᠡᠨ᠂ ᠴᠠᠬᠢᠯᠭᠠᠨ ᠱᠠᠲᠤ᠂ ᠭᠠᠯ ᠤᠨᠲᠠᠷᠠᠭᠠᠬᠤ᠂ ᠤᠰᠤ ᠬᠠᠩᠭᠠᠬᠤ ᠤᠰᠤ ᠭᠠᠳᠠᠭᠰᠢᠯᠠᠭᠤᠯᠬᠤ | ᠵᠡᠷᠭᠡ ᠴᠢᠬᠤᠯᠠ ᠪᠡᠯᠡᠳᠬᠡᠮᠵᠢ ᠳᠤ ᠨᠦᠯᠦᠭᠡᠯᠡᠬᠦᠷ ᠪᠠᠶᠢᠷᠢᠯᠠᠭᠤᠯᠵᠤ᠂ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ | ᠬᠢᠭᠡᠳ ᠠᠳᠠᠯ ᠠᠬᠤᠢ ᠶᠢᠨ ᠬᠠᠮᠢᠶᠠᠷᠤᠯᠲᠠ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠂ ᠠᠳᠠᠯ ᠠᠬᠤᠢ ᠶᠢᠨ | ᠦᠢᠯᠡᠴᠢᠯᠡᠭᠡᠨ ᠤ ᠣᠶᠤᠨᠴᠢ᠂ ᠪᠣᠬᠢᠷᠲᠤᠯ ᠦᠭᠡᠢ ᠴᠢᠭᠯᠡᠯ ᠳᠠᠰᠢ ᠬᠥᠭᠵᠢᠬᠦ ᠶᠢ ᠠᠬᠢᠭᠤᠯᠵᠤ᠂ ᠠᠳᠠᠯ ᠠᠬᠤᠢ ᠶᠢᠨ | ᠣᠶᠤᠨᠴᠢ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠭᠤᠴᠢᠨ ᠬᠤᠶᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠶᠢᠨ ︽ᠠᠳᠠᠯ ᠠᠬᠤᠢ ᠶᠢᠨ | ᠦᠢᠯᠡᠴᠢᠯᠡᠭᠡ + ᠠᠮᠢᠳᠤᠷᠠᠯ ᠤᠨ ᠦᠢᠯᠡᠴᠢᠯᠡᠭᠡ︾ ᠶᠢᠨ ᠵᠠᠭᠪᠤᠷ ᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠷ | ᠳᠠᠮᠵᠢᠭᠤᠯᠤᠨ᠂ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ᠂ ᠭᠡᠷ ᠤᠨ ᠶᠠᠪᠤᠳᠠᠯ᠂ ᠰᠣᠶᠣᠯ᠂ ᠡᠷᠡᠭᠦᠯ | ᠮᠡᠨᠳᠦ᠂ ᠭᠡᠷ ᠪᠠᠶᠢᠰᠢᠩ ᠤᠨ ᠵᠠᠭᠤᠴᠢᠯᠠᠬᠤ᠂ ᠲᠦᠷᠭᠡᠨ ᠬᠦᠷᠭᠡᠯᠲᠡ ᠶᠢᠨ ᠬᠤᠷᠢᠶᠠᠵᠤ ᠲᠠᠷᠬᠠᠭᠠᠬᠤ ᠵᠡᠷᠭᠡ ᠬᠦᠷᠢᠶ᠎ᠡ | ᠴᠠᠷᠠᠭ᠎ᠠ ᠳᠠᠰᠢ ᠥᠷᠭᠡᠳᠬᠡᠵᠦ᠂ ᠰᠠᠭᠤᠭᠠᠯᠢ ᠠᠷᠠᠳ ᠤᠨ ᠣᠯᠠᠨ ᠶᠠᠩᠵᠤ ᠶᠢᠨ ᠣᠯᠠᠨ ᠲᠠᠰ ᠳᠠᠪᠬᠤᠷᠭ᠎ᠠ ᠶᠢᠨ | ᠣᠷᠣᠰᠢᠨ ᠰᠠᠭᠤᠬᠤ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠭᠤᠴᠢᠨ ᠭᠤᠷᠪᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯ ᠠᠬᠤᠢ ᠶᠢᠨ ᠦᠢᠯᠡᠴᠢᠯᠡᠭᠡᠨ ᠤ ᠲᠣᠳᠣᠷᠬᠠᠢ | ᠬᠠᠭᠤᠳᠠᠰᠤ ᠶᠢ ᠲᠣᠭᠲᠠᠭᠠᠬᠤ ᠶᠢᠨ ᠬᠠᠮᠲᠤ ᠨᠡᠶᠢᠲᠡᠯᠡᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠭᠤᠯᠭ᠎ᠠ ᠪᠠ | ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠢ᠃ | ᠠᠳᠠᠯ ᠠᠬᠤᠢ ᠶᠢᠨ ᠠᠵᠢᠯ ᠲᠥᠷᠥᠯ ᠤᠨ ᠨᠡᠶᠢᠭᠡᠮᠯᠢᠭ ᠨᠢ ᠠᠳᠠᠯ ᠠᠬᠤᠢ ᠶᠢᠨ ᠦᠢᠯᠡᠴᠢᠯᠡᠭᠡᠨ ᠤ ᠥᠪᠡᠷ ᠤᠨ | ᠥᠷᠲᠡᠭ ᠤᠨ ᠮᠡᠳᠡᠭᠡ ᠵᠠᠩᠭᠢ ᠪᠠ ᠦᠨ᠎ᠡ ᠪᠤᠳᠤᠬᠤ ᠳᠦᠷᠢᠮ ᠢ ᠬᠢᠨᠠᠨ ᠬᠡᠮᠵᠢᠬᠦ ᠶᠢᠨ ᠬᠠᠮᠲᠤ ᠵᠢᠯ ᠪᠦᠷᠢ ᠨᠡᠶᠢᠲᠡᠯᠡᠵᠦ | ᠂ ᠥᠮᠴᠢᠲᠡᠨ ᠪᠠ ᠠᠳᠠᠯ ᠠᠬᠤᠢ ᠶᠢᠨ ᠦᠢᠯᠡᠴᠢᠯᠡᠭᠴᠢ ᠶᠢᠨ ᠠᠳᠠᠯ ᠠᠬᠤᠢ ᠶᠢᠨ ᠦᠢᠯᠡᠴᠢᠯᠡᠭᠡᠨ ᠤ ᠵᠠᠷᠤᠳᠠᠯ ᠢ | ᠵᠥᠪᠳᠡᠯᠴᠡᠬᠦ ᠳᠤ ᠯᠠᠪᠯᠠᠯᠲᠠ ᠪᠣᠯᠭᠠᠬᠤ ᠬᠡᠷᠡᠭᠲᠡᠢ᠃ | ᠦᠮᠴᠢᠳᠡᠨ ᠤᠨ ᠶᠡᠭᠡ ᠬᠤᠷᠠᠯ ᠪᠤᠶᠤ ᠦᠮᠴᠢᠳᠡᠨ ᠤᠨ ᠵᠥᠪᠯᠡᠯ ᠨᠢ ᠭᠤᠷᠪᠠᠳᠠᠭᠢ ᠡᠲᠡᠭᠡᠳ ᠤᠨ ᠦᠨᠡᠯᠡᠨ | ᠵᠢᠱᠢᠬᠦ ᠪᠠᠶᠢᠭᠤᠯᠤᠮᠵᠢ ᠳᠤ ᠨᠠᠶᠢᠳᠠᠵᠤ᠂ ᠠᠳᠠᠯ ᠠᠬᠤᠢ ᠶᠢᠨ ᠦᠢᠯᠡᠴᠢᠯᠡᠭᠴᠢ ᠶᠢᠨ ᠠᠳᠠᠯ ᠠᠬᠤᠢ ᠶᠢᠨ | ᠦᠢᠯᠡᠴᠢᠯᠡᠭᠡᠨ ᠤ ᠪᠠᠷᠢᠮᠵᠢᠶ᠎ᠠ᠂ ᠵᠠᠷᠤᠳᠠᠯ ᠢ ᠲᠥᠰᠥᠭᠡᠯᠡᠨ ᠪᠤᠳᠤᠬᠤ᠂ ᠠᠳᠠᠯ ᠠᠬᠤᠢ ᠶᠢᠨ ᠦᠢᠯᠡᠴᠢᠯᠡᠭᠡᠨ ᠤ ᠶᠠᠰᠤ | ᠴᠢᠨᠠᠷ᠂ ᠠᠳᠠᠯ ᠠᠬᠤᠢ ᠶᠢᠨ ᠦᠢᠯᠡᠴᠢᠯᠡᠭᠡᠨ ᠤ ᠵᠠᠷᠤᠳᠠᠯ ᠤᠨ ᠣᠷᠣᠯᠭ᠎ᠠ ᠵᠠᠷᠤᠯᠭ᠎ᠠ ᠵᠡᠷᠭᠡ ᠪᠠᠶᠢᠳᠠᠯ ᠳᠤ ᠦᠨᠡᠯᠡᠨ | ᠵᠢᠱᠢᠯᠲᠡ ᠬᠢᠬᠦ ᠶᠢᠨ ᠬᠠᠮᠲᠤ ᠦᠨᠡᠯᠡᠨ ᠵᠢᠱᠢᠭᠰᠡᠨ ᠮᠡᠳᠡᠭᠦᠯᠦᠯᠲᠡ ᠬᠢᠵᠦ ᠪᠣᠯᠣᠨ᠎ᠠ᠂ ᠦᠨᠡᠯᠡᠨ ᠵᠢᠱᠢᠭᠰᠡᠨ ᠵᠠᠷᠤᠳᠠᠯ ᠢ | ᠦᠮᠴᠢᠳᠠᠳ ᠤᠨ ᠬᠠᠮᠲᠤ ᠶᠢᠨ ᠥᠮᠴᠢᠯᠡᠯ ᠤᠨ ᠬᠡᠰᠡᠭ ᠤᠨ ᠡᠵᠡᠩᠨᠡᠵᠦ ᠣᠯᠣᠭᠰᠠᠨ ᠠᠰᠢᠭ ᠣᠯᠵᠠᠪᠤᠷᠢ ᠶᠢᠨ | ᠳᠣᠲᠣᠷ᠎ᠠ ᠠᠴᠠ ᠭᠠᠷᠭᠠᠵᠤ᠂ ᠬᠦᠷᠦᠯᠴᠡᠬᠦ ᠦᠭᠡᠢ ᠬᠡᠰᠡᠭ ᠢ ᠪᠥᠬᠦ ᠦᠮᠴᠢᠳᠠᠳ ᠬᠠᠮᠲᠤᠪᠠᠷ ᠡᠭᠦᠷᠭᠡᠯᠡᠨ᠎ᠡ᠃ | ᠭᠤᠴᠢᠨ ᠳᠥᠷᠪᠡᠳᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠴᠢ ᠨᠢ ᠥᠮᠴᠢᠲᠡᠨ ᠲᠠᠢ ᠠᠳᠠᠯ ᠠᠬᠤᠢ ᠶᠢᠨ | ᠦᠢᠯᠡᠴᠢᠯᠡᠭᠡᠨ ᠤ ᠭᠡᠷ᠎ᠡ ᠲᠣᠭᠲᠠᠭᠠᠬᠤ ᠬᠡᠷᠡᠭᠲᠡᠢ᠂ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠶᠡᠷᠦ ᠳᠡᠭᠡᠨ | ᠦᠢᠯᠡᠴᠢᠯᠡᠭᠡᠨ ᠤ ᠵᠦᠢᠯᠡᠰ᠂ ᠦᠢᠯᠡᠴᠢᠯᠡᠭᠡᠨ ᠤ ᠶᠠᠰᠤ ᠴᠢᠨᠠᠷ᠂ ᠦᠢᠯᠡᠴᠢᠯᠡᠭᠡᠨ ᠤ ᠵᠠᠷᠤᠳᠠᠯ ᠤᠨ ᠪᠠᠷᠢᠮᠵᠢᠶ᠎ᠠ ᠪᠠ | ᠬᠤᠷᠢᠶᠠᠨ ᠠᠪᠬᠤ ᠠᠷᠭ᠎ᠠ᠂ ᠰᠡᠯᠪᠢᠨ ᠵᠠᠰᠠᠬᠤ ᠪᠡᠯᠡ ᠮᠥᠩᠭᠦ ᠶᠢᠨ ᠬᠡᠷᠡᠭᠯᠡᠯᠲᠡ᠂ ᠦᠢᠯᠡᠴᠢᠯᠡᠭᠡᠨ ᠳᠤ ᠬᠡᠷᠡᠭᠯᠡᠬᠦ ᠭᠡᠷ | ᠪᠠᠶᠢᠰᠢᠩ ᠤᠨ ᠬᠠᠮᠢᠶᠠᠷᠤᠯᠲᠠ ᠪᠠ ᠬᠡᠷᠡᠭᠯᠡᠯᠲᠡ᠂ ᠦᠢᠯᠡᠴᠢᠯᠡᠭᠡᠨ ᠤ ᠬᠤᠭᠤᠴᠠᠭ᠎ᠠ᠂ ᠦᠢᠯᠡᠴᠢᠯᠡᠭᠡ ᠶᠢ ᠲᠤᠰᠢᠶᠠᠬᠤ | ᠪᠠ ᠬᠦᠯᠢᠶᠡᠨ ᠠᠪᠬᠤ ᠵᠡᠷᠭᠡ ᠵᠦᠢᠯ ᠵᠤᠷᠪᠤᠰ ᠢ ᠪᠠᠭᠲᠠᠭᠠᠨ᠎ᠠ᠃ | ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠳᠤ ᠲᠥᠪ ᠭᠤᠥᠯᠴᠢ᠂ ᠵᠦᠢ ᠵᠣᠬᠢᠰᠲᠠᠢ | ᠪᠠᠶᠢᠬᠤ ᠵᠢᠴᠢ ᠰᠦᠢᠳᠬᠡᠯ ᠬᠢᠭᠡᠳ ᠦᠢᠯᠡᠴᠢᠯᠡᠭᠡᠨ ᠤ ᠵᠦᠢᠯᠡᠰ ᠢ ᠬᠠᠷᠢᠯᠴᠠᠨ ᠵᠣᠬᠢᠴᠠᠭᠤᠯᠬᠤ ᠵᠠᠷᠴᠢᠮ ᠢ ᠵᠢᠷᠤᠮᠯᠠᠵᠤ | ᠂ ᠠᠳᠠᠯ ᠠᠬᠤᠢ ᠶᠢᠨ ᠰᠢᠨᠵᠢ ᠴᠢᠨᠠᠷ ᠪᠠ ᠣᠨᠴᠠᠯᠢᠭ ᠢ ᠦᠨᠳᠦᠰᠦᠯᠡᠨ ᠲᠣᠭᠲᠠᠭᠠᠬᠤ ᠬᠡᠷᠡᠭᠲᠡᠢ᠃ | ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠳᠤ ᠠᠳᠠᠯ ᠠᠬᠤᠢ ᠶᠢᠨ ᠪᠣᠳᠠᠲᠠᠢ ᠪᠠᠶᠢᠳᠠᠯ ᠪᠠ ᠵᠠᠬ᠎ᠠ | ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ᠂ ᠠᠳᠠᠯ ᠠᠬᠤᠢ ᠶᠢᠨ ᠦᠢᠯᠡᠴᠢᠯᠡᠭᠡᠨ ᠤ ᠠᠭᠤᠯᠭ᠎ᠠ ᠪᠠ | ᠦᠢᠯᠡᠴᠢᠯᠡᠭᠡᠨ ᠤ ᠪᠠᠷᠢᠮᠵᠢᠶ᠎ᠠ ᠶᠢ ᠦᠨᠳᠦᠰᠦᠯᠡᠨ ᠲᠣᠬᠢᠷᠠᠭᠤᠯᠤᠯᠲᠠ ᠬᠢᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠨᠢ ᠠᠳᠠᠯ ᠠᠬᠤᠢ ᠶᠢᠨ ᠦᠢᠯᠡᠴᠢᠯᠡᠭᠡᠨ ᠤ | ᠭᠡᠷ᠎ᠡ ᠳᠤ ᠪᠣᠯᠵᠣᠨ ᠲᠣᠭᠲᠠᠭᠠᠭᠰᠠᠨ ᠦᠢᠯᠡᠴᠢᠯᠡᠭᠡᠨ ᠤ ᠠᠭᠤᠯᠭ᠎ᠠ ᠪᠠ ᠪᠠᠷᠢᠮᠵᠢᠶ᠎ᠠ ᠶᠣᠰᠣᠭᠠᠷ ᠠᠳᠠᠯ ᠠᠬᠤᠢ ᠶᠢᠨ | ᠦᠢᠯᠡᠴᠢᠯᠡᠭᠡᠨ ᠤ ᠲᠥᠰᠥᠯ ᠢ ᠲᠣᠭᠲᠠᠭᠠᠵᠤ᠂ ᠥᠮᠴᠢᠲᠡᠨ᠂ ᠥᠮᠴᠢᠲᠡᠨ ᠤ ᠵᠥᠪᠯᠡᠯ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ ᠭᠦᠢᠴᠡᠳᠬᠡᠭᠰᠡᠨ ᠪᠠᠶᠢᠳᠠᠯ ᠢ | ᠨᠠᠭᠠᠲᠤ ᠵᠠᠬ᠎ᠠ ᠳᠠᠭᠠᠨ ᠬᠠᠭᠠᠰ ᠵᠢᠯ ᠳᠤ ᠨᠢᠭᠡ ᠤᠳᠠᠭ᠎ᠠ ᠵᠠᠷᠯᠠᠨ ᠨᠡᠶᠢᠲᠡᠯᠡᠬᠦ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠨᠢ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠠᠵᠢᠯ ᠢ ᠬᠠᠮᠵᠢᠯᠴᠠᠨ ᠰᠠᠶᠢᠲᠤᠷ ᠬᠢᠵᠦ᠂ ᠲᠣᠭᠲᠠᠭᠠᠯ ᠶᠣᠰᠣᠭᠠᠷ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠰᠠᠪᠠ ᠶᠢ ᠲᠣᠬᠢᠷᠠᠭᠤᠯᠤᠨ᠂ ᠠᠳᠠᠯ ᠠᠬᠤᠢ ᠶᠢᠨ ᠬᠠᠮᠢᠶᠠᠷᠤᠯᠲᠠ ᠶᠢᠨ | ᠣᠷᠣᠨ ᠤ ᠳᠣᠲᠣᠷᠠᠬᠢ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠪᠡᠯᠡᠳᠬᠡᠮᠵᠢ ᠶᠢ ᠬᠠᠮᠠᠭᠠᠯᠠᠬᠤ | ᠪᠠ ᠠᠷᠢᠭᠤᠨ ᠴᠡᠪᠡᠷ ᠪᠠᠶᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠭᠤᠴᠢᠨ ᠳᠣᠯᠣᠳᠤᠭᠠᠷ ᠵᠦᠢᠯ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠤᠬᠠᠭᠤᠯᠭ᠎ᠠ ᠥᠷᠨᠢᠭᠦᠯᠬᠦ ᠶᠢ ᠵᠣᠷᠢᠭᠵᠢᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ | ᠦᠵᠡᠯᠲᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠪᠣᠯᠪᠠᠰᠤᠨ ᠬᠤᠲᠠ ᠶᠢ ᠪᠦᠲᠦᠭᠡᠨ ᠪᠠᠶᠢᠭᠤᠯᠬᠤ᠂ ᠬᠠᠤᠯᠢ ᠪᠠᠷ | ᠵᠠᠰᠠᠬᠤ ᠤᠬᠠᠭᠤᠯᠭ᠎ᠠ᠂ ᠭᠠᠯ ᠤᠨᠲᠠᠷᠠᠭᠠᠬᠤ ᠠᠮᠤᠷ ᠲᠦᠪᠰᠢᠨ᠂ ᠬᠤᠭ ᠨᠣᠪᠰᠢ ᠶᠢ ᠲᠥᠷᠥᠯ ᠬᠤᠪᠢᠶᠠᠬᠤ ᠶᠢ | ᠬᠡᠷᠡᠭᠵᠢᠭᠦᠯᠬᠦ ᠵᠡᠷᠭᠡ ᠶᠢ ᠤᠬᠠᠭᠤᠯᠭ᠎ᠠ ᠶᠢᠨ ᠠᠭᠤᠯᠭ᠎ᠠ ᠳᠤ ᠣᠷᠣᠭᠤᠯᠤᠨ᠎ᠠ᠃ | ᠭᠤᠴᠢᠨ ᠨᠠᠢᠮᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠳᠣᠣᠷ᠎ᠠ ᠵᠢᠭᠰᠠᠭᠠᠭᠰᠠᠨ ᠳᠠᠩᠰᠠ ᠡᠪᠬᠡᠮᠡᠯ | ᠪᠠ ᠮᠠᠲ᠋ᠧᠷᠢᠶᠠᠯ ᠢ ᠪᠠᠶᠢᠭᠤᠯᠤᠨ ᠬᠠᠳᠠᠭᠠᠯᠠᠬᠤ ᠬᠡᠷᠡᠭᠲᠡᠢ᠄ | ︵ᠨᠢᠭᠡ︶ ᠥᠮᠴᠢᠲᠡᠨ ᠤ ᠨᠡᠷᠡᠰ ᠤᠨ ᠳᠡᠪᠲᠡᠷ︔ | ︵ᠬᠤᠶᠠᠷ︶ ᠵᠢᠵᠢᠭ ᠲᠣᠭᠤᠷᠢᠭ ᠤᠨ ᠬᠢᠨᠠᠨ ᠡᠵᠡᠮᠳᠡᠬᠦ ᠰᠢᠰᠲ᠋ᠧᠮ᠂ ᠴᠠᠬᠢᠯᠭᠠᠨ ᠱᠠᠲᠤ᠂ ᠭᠠᠯ ᠤᠨᠲᠠᠷᠠᠭᠠᠬᠤ | ᠂ ᠬᠢᠵᠠᠭᠠᠷ ᠲᠠᠢ ᠣᠷᠣᠨ ᠵᠠᠢ ᠵᠡᠷᠭᠡ ᠬᠠᠮᠲᠤ ᠪᠠᠷ ᠥᠮᠴᠢᠯᠡᠬᠦ ᠬᠡᠰᠡᠭ ᠲᠠᠩᠰᠠ ᠡᠪᠬᠡᠮᠡᠯ ᠵᠢᠴᠢ ᠬᠠᠮᠢᠶᠠᠷᠤᠯᠲᠠ᠂ | ᠠᠵᠢᠯᠯᠠᠭᠠᠨ᠂ ᠰᠡᠯᠪᠢᠨ ᠵᠠᠰᠠᠯᠲᠠ᠂ ᠠᠷᠠᠴᠢᠯᠠᠨ ᠬᠠᠮᠠᠭᠠᠯᠠᠯᠲᠠ ᠶᠢᠨ ᠲᠡᠮᠳᠡᠭᠯᠡᠯ︔ | ︵ᠭᠤᠷᠪᠠ︶ ᠣᠷᠣᠨ ᠰᠠᠭᠤᠴᠠ ᠶᠢᠨ ᠵᠠᠰᠠᠯ ᠴᠢᠮᠡᠭᠯᠡᠯ ᠤᠨ ᠬᠠᠮᠢᠶᠠᠷᠤᠯᠲᠠ ᠶᠢᠨ ᠮᠠᠲ᠋ᠧᠷᠢᠶᠠᠯ︔ | ︵ᠳᠥᠷᠪᠡ︶ ᠵᠢᠵᠢᠭ ᠲᠣᠭᠤᠷᠢᠭ ᠤᠨ ᠬᠠᠮᠲᠤ ᠶᠢᠨ ᠥᠮᠴᠢᠯᠡᠯ ᠤᠨ ᠬᠡᠰᠡᠭ ᠡᠵᠡᠩᠨᠡᠯᠲᠡ ᠬᠠᠮᠢᠶᠠᠷᠤᠯᠲᠠ ᠶᠢᠨ | ᠲᠠᠩᠰᠠ ᠡᠪᠬᠡᠮᠡᠯ︔ | ︵ᠲᠠᠪᠤ︶ ᠪᠠᠶᠢᠴᠠᠭᠠᠨ ᠰᠢᠯᠭᠠᠭᠰᠠᠨ ᠮᠠᠲ᠋ᠧᠷᠢᠶᠠᠯ ᠢ ᠬᠦᠯᠢᠶᠡᠨ ᠠᠪᠬᠤ︔ | ︵ᠵᠢᠷᠭᠤᠭ᠎ᠠ︶ ᠠᠳᠠᠯ ᠠᠬᠤᠢ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠳᠤᠮᠳᠠ ᠪᠤᠢ ᠪᠣᠯᠤᠭᠰᠠᠨ | ᠥᠮᠴᠢᠲᠡᠨ ᠤ ᠠᠰᠢᠭ ᠲᠤᠰᠠ ᠲᠠᠢ ᠬᠤᠯᠪᠣᠭᠳᠠᠬᠤ ᠪᠤᠰᠤᠳ ᠮᠠᠲ᠋ᠧᠷᠢᠶᠠᠯ᠃ | ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠯᠠᠭ᠎ᠠ ᠨᠢ ᠥᠮᠴᠢᠲᠡᠨ ᠤ ᠬᠤᠪᠢ ᠬᠥᠮᠥᠨ ᠤ ᠮᠡᠳᠡᠭᠡ | ᠵᠠᠩᠭᠢ ᠶᠢ ᠴᠤᠭᠯᠠᠭᠤᠯᠬᠤ ᠳᠤ ᠵᠥᠪᠬᠡᠨ ᠠᠳᠠᠯ ᠠᠬᠤᠢ ᠶᠢᠨ ᠦᠢᠯᠡᠴᠢᠯᠡᠭᠡᠨ ᠳᠤ ᠬᠢᠵᠠᠷᠭᠠᠷᠯᠠᠨᠠ᠃ ᠥᠮᠴᠢᠲᠡᠨ ᠤ | ᠮᠡᠳᠡᠭᠡ ᠵᠠᠩᠭᠢ ᠶᠢ ᠬᠤᠯᠪᠣᠭᠳᠠᠯ ᠪᠦᠬᠦᠢ ᠲᠦᠷᠦ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠰᠢᠯᠵᠢᠭᠦᠯᠦᠨ | ᠠᠪᠬᠤ ᠶᠢ ᠭᠠᠷᠭᠠᠪᠠᠯ᠂ ᠲᠤᠰ ᠬᠥᠮᠥᠨ ᠤ ᠵᠥᠪᠰᠢᠶᠡᠷᠡᠯ ᠦᠭᠡᠢ ᠪᠠᠷ ᠪᠤᠰᠤᠳ ᠲᠤ ᠬᠠᠩᠭᠠᠵᠤ ᠪᠣᠯᠬᠤ ᠦᠭᠡᠢ᠃ | ᠭᠤᠴᠢ ᠶᠢᠰᠦᠳᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠠᠭᠤᠰᠬᠠᠵᠤ᠂ ᠦᠮᠴᠢᠳᠡᠨ ᠤ | ᠶᠡᠭᠡ ᠬᠤᠷᠠᠯ ᠠᠴᠠ ᠠᠳᠠᠯ ᠠᠬᠤᠢ ᠶᠢᠨ ᠰᠢᠨ᠎ᠡ ᠦᠢᠯᠡᠴᠢᠯᠡᠭᠴᠢ ᠶᠢ ᠬᠠᠤᠯᠢ ᠶᠣᠰᠣᠭᠠᠷ ᠰᠣᠩᠭᠤᠨ ᠤᠷᠢᠬᠤ ᠶᠢᠨ | ᠬᠠᠮᠲᠤ ᠠᠳᠠᠯ ᠠᠬᠤᠢ ᠶᠢᠨ ᠦᠢᠯᠡᠴᠢᠯᠡᠭᠡᠨ ᠤ ᠰᠢᠨ᠎ᠡ ᠭᠡᠷ᠎ᠡ ᠲᠣᠭᠲᠠᠭᠠᠭᠰᠠᠨ ᠪᠠᠶᠢᠪᠠᠯ᠂ ᠤᠤᠯ ᠤᠨ ᠠᠳᠠᠯ | ᠠᠬᠤᠢ ᠶᠢᠨ ᠦᠢᠯᠡᠴᠢᠯᠡᠭᠴᠢ ᠨᠢ ᠲᠣᠭᠲᠠᠭᠠᠯ ᠪᠠ ᠭᠡᠷ᠎ᠡ ᠶᠢᠨ ᠪᠣᠯᠵᠣᠯ ᠶᠣᠰᠣᠭᠠᠷ ᠰᠢᠯᠵᠢᠭᠦᠯᠦᠨ ᠲᠤᠰᠢᠶᠠᠬᠤ ᠭᠠᠷ | ᠭᠦᠢᠴᠡᠳᠬᠡᠯ ᠬᠢᠵᠦ᠂ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ ᠳᠠᠭᠤᠰᠬᠠᠭᠰᠠᠨ ᠡᠳᠦᠷ ᠠᠴᠠ ᠡᠬᠢᠯᠡᠨ | ᠠᠷᠪᠠᠨ ᠲᠠᠪᠤᠨ ᠡᠳᠦᠷ ᠤᠨ ᠳᠣᠲᠣᠷ᠎ᠠ ᠣᠷᠣᠨ ᠰᠠᠭᠤᠴᠠ ᠶᠢᠨ ᠵᠢᠵᠢᠭ ᠲᠣᠭᠤᠷᠢᠭ ᠠᠴᠠ ᠭᠠᠷᠬᠤ ᠬᠡᠷᠡᠭᠲᠡᠢ᠃ | ᠳᠥᠴᠢᠳᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠵᠢᠭᠤᠷᠠᠯᠳᠤᠭᠠᠨ ᠢ ᠵᠥᠪᠳᠡᠯᠴᠡᠬᠦ᠂ | ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ ᠪᠤᠶᠤ ᠵᠠᠷᠭᠤᠯᠳᠤᠬᠤ ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠵᠦ | ᠪᠣᠯᠣᠨ᠎ᠠ᠃ ᠮᠠᠷᠭᠤᠯᠳᠤᠭᠠᠨ ᠢ ᠰᠢᠢᠳᠪᠦᠷᠢᠯᠡᠬᠦ ᠬᠤᠭᠤᠴᠠᠭᠠᠨ ᠳᠤ᠂ ᠠᠳᠠᠯ ᠠᠬᠤᠢ ᠶᠢᠨ ᠦᠢᠯᠡᠴᠢᠯᠡᠭᠴᠢ ᠠᠴᠠ | ᠠᠳᠠᠯ ᠠᠬᠤᠢ ᠶᠢᠨ ᠦᠢᠯᠡᠴᠢᠯᠡᠭᠡ ᠬᠠᠩᠭᠠᠬᠤ ᠪᠠᠨ ᠵᠣᠭᠰᠣᠵᠤ ᠪᠣᠯᠬᠤ ᠦᠭᠡᠢ᠂ ᠠᠳᠠᠯ ᠠᠬᠤᠢ ᠶᠢᠨ | ᠦᠢᠯᠡᠴᠢᠯᠡᠭᠡᠨ ᠤ ᠪᠠᠷᠢᠮᠵᠢᠶ᠎ᠠ ᠶᠢ ᠪᠠᠭᠤᠷᠠᠭᠤᠯᠵᠤ ᠪᠣᠯᠬᠤ ᠦᠭᠡᠢ᠃ | ᠠᠳᠠᠯ ᠠᠬᠤᠢ ᠶᠢᠨ ᠦᠢᠯᠡᠴᠢᠯᠡᠭᠴᠢ ᠵᠦᠢ ᠪᠤᠰᠤ ᠥᠷᠢᠰᠦᠯᠳᠦᠭᠡᠨ ᠤ ᠠᠷᠭ᠎ᠠ ᠪᠠᠷᠢᠯ ᠢᠶᠠᠷ ᠠᠵᠢᠯ | ᠲᠦᠷᠦᠯ ᠤᠨ ᠡᠮᠬᠢ ᠵᠢᠷᠤᠮ ᠢ ᠰᠠᠮᠠᠭᠤᠷᠠᠭᠤᠯᠵᠤ᠂ ᠥᠮᠴᠢᠲᠡᠨ ᠤ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ | ᠃ | ᠥᠮᠴᠢᠲᠡᠨ ᠤ ᠵᠥᠪᠯᠡᠯ ᠨᠢ ᠠᠳᠠᠯ ᠠᠬᠤᠢ ᠶᠢᠨ ᠦᠢᠯᠡᠴᠢᠯᠡᠭᠴᠢ ᠶᠢ ᠰᠢᠨ᠎ᠡ ᠪᠠᠷ ᠰᠣᠩᠭᠤᠨ ᠤᠷᠢᠬᠤ | ᠰᠢᠯᠲᠠᠭ ᠢᠶᠠᠷ ᠥᠮᠴᠢᠲᠡᠨ ᠤ ᠤᠤᠯ ᠤᠨ ᠠᠳᠠᠯ ᠠᠬᠤᠢ ᠶᠢᠨ ᠦᠢᠯᠡᠴᠢᠯᠡᠭᠴᠢ ᠳᠤ ᠠᠳᠠᠯ ᠠᠬᠤᠢ ᠶᠢᠨ | ᠦᠢᠯᠡᠴᠢᠯᠡᠭᠡᠨ ᠤ ᠰᠦᠢᠳᠬᠡᠯ ᠲᠤᠰᠢᠶᠠᠬᠤ ᠶᠢ ᠬᠠᠷᠰᠢᠯᠠᠵᠤ ᠪᠣᠯᠬᠤ ᠦᠭᠡᠢ᠃ | ᠳᠥᠴᠢᠨ ᠨᠢᠭᠡᠳᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠴᠢ ᠳᠤ ᠳᠣᠣᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄ | ︵ᠨᠢᠭᠡ︶ ᠥᠮᠴᠢᠲᠡᠨ᠂ ᠠᠳᠠᠯ ᠠᠬᠤᠢ ᠶᠢᠨ ᠬᠡᠷᠡᠭᠯᠡᠭᠴᠢ ᠳᠤ ᠵᠠᠰᠠᠯ ᠴᠢᠮᠡᠭᠯᠡᠯ ᠤᠨ ᠠᠵᠤ ᠠᠬᠤᠶᠢᠯᠠᠯ ᠢ | ᠵᠢᠭᠠᠨ ᠲᠣᠮᠢᠯᠠᠬᠤ ᠪᠤᠶᠤ ᠵᠠᠰᠠᠯ ᠴᠢᠮᠡᠭᠯᠡᠯ ᠤᠨ ᠮᠠᠲ᠋ᠧᠷᠢᠶᠠᠯ ᠢ ᠠᠯᠪᠠᠳᠠᠯᠭ᠎ᠠ ᠪᠠᠷ ᠪᠣᠷᠣᠯᠠᠭᠤᠯᠬᠤ︔ | ︵ᠬᠤᠶᠠᠷ︶ ᠥᠮᠴᠢᠲᠡᠨ ᠤ ᠮᠡᠳᠡᠭᠡ ᠵᠠᠩᠭᠢ ᠶᠢ ᠵᠠᠳᠠᠷᠠᠭᠤᠯᠬᠤ︔ | ︵ᠭᠤᠷᠪᠠ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠪᠣᠯᠵᠣᠯ ᠢ ᠵᠥᠷᠢᠴᠡᠵᠦ᠂ ᠳᠤᠷ᠎ᠠ ᠪᠠᠷ ᠢᠶᠠᠨ | ᠰᠦᠢᠳᠬᠡᠯ ᠬᠤᠷᠢᠶᠠᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠳᠡᠭᠡᠭᠰᠢᠯᠡᠭᠦᠯᠬᠦ ᠪᠤᠶᠤ ᠳᠠᠪᠬᠤᠷᠳᠠᠭᠤᠯᠤᠨ ᠰᠦᠢᠳᠬᠡᠯ ᠬᠤᠷᠢᠶᠠᠬᠤ︔ | ︵ᠳᠥᠷᠪᠡ︶ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ ᠶᠢ | ᠵᠣᠭᠰᠤᠭᠠᠬᠤ ᠪᠤᠶᠤ ᠬᠢᠵᠠᠭᠠᠷᠯᠠᠬᠤ ᠵᠢᠴᠢ ᠥᠮᠴᠢᠲᠡᠨ ᠤ ᠵᠢᠵᠢᠭ ᠲᠣᠭᠤᠷᠢᠭ ᠲᠤ ᠣᠷᠣᠬᠤ᠂ ᠡᠷᠦᠭᠡ ᠳᠤ ᠣᠷᠣᠬᠤ᠂ | ᠴᠠᠬᠢᠯᠭᠠᠨ ᠱᠠᠲᠤ ᠬᠡᠷᠡᠭᠯᠡᠬᠦ᠂ ᠲᠡᠷᠭᠡ ᠬᠥᠰᠬᠡ ᠶᠢᠨ ᠲᠡᠷᠭᠡᠨ ᠵᠣᠭᠰᠣᠭᠠᠯ ᠢᠶᠠᠷ ᠣᠷᠣᠵᠤ ᠭᠠᠷᠬᠤ ᠶᠢ ᠬᠢᠵᠠᠭᠠᠷᠯᠠᠬᠤ | ᠵᠡᠷᠭᠡ ᠠᠷᠭ᠎ᠠ ᠮᠠᠶ᠋ᠢᠭ ᠢᠶᠠᠷ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠢ ᠰᠢᠪᠠᠳᠠᠨ ᠲᠤᠰᠢᠶᠠᠯᠭᠠᠬᠤ ᠪᠤᠶᠤ | ᠬᠡᠯᠪᠡᠷᠢ ᠶᠢ ᠨᠢ ᠥᠭᠡᠷᠡᠲᠦᠭᠦᠯᠦᠨ ᠰᠢᠪᠠᠳᠠᠨ ᠲᠤᠰᠢᠶᠠᠯᠭᠠᠬᠤ︔ | ︵ᠲᠠᠪᠤ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠬᠤᠭᠤᠴᠠᠭ᠎ᠠ ᠳᠦᠭᠦᠷᠦᠭᠰᠡᠨ ᠪᠤᠶᠤ ᠬᠠᠤᠯᠢ | ᠶᠣᠰᠣᠭᠠᠷ ᠳᠠᠭᠤᠰᠤᠭᠰᠠᠨ ᠤ ᠳᠠᠷᠠᠭ᠎ᠠ᠂ ᠥᠮᠴᠢᠲᠡᠨ ᠨᠢ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠪᠤᠶᠤ | ᠰᠠᠭᠤᠷᠢ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠵᠡᠷᠭᠡ ᠰᠦᠢᠳᠬᠡᠯ ᠢ ᠲᠤᠰᠢᠶᠠᠭᠠᠳᠤᠢ ᠭᠡᠳᠡᠭ ᠢᠶᠠᠷ ᠰᠢᠯᠲᠠᠭ | ᠪᠣᠯᠭᠠᠵᠤ ᠲᠣᠰ ᠵᠢᠵᠢᠭ ᠲᠣᠭᠤᠷᠢᠭ ᠠᠴᠠ ᠭᠠᠷᠬᠤ ᠶᠢ ᠲᠡᠪᠴᠢᠬᠦ︔ | ︵ᠵᠢᠷᠭᠤᠭ᠎ᠠ︶ ᠣᠷᠣᠨ ᠰᠠᠭᠤᠴᠠ ᠶᠢᠨ ᠵᠢᠵᠢᠭ ᠲᠣᠭᠤᠷᠢᠭ ᠠᠴᠠ ᠭᠠᠷᠬᠤ ᠦᠶ᠎ᠡ ᠳᠤ ᠨᠡᠶᠢᠲᠡ ᠶᠢᠨ | ᠬᠡᠷᠡᠭᠯᠡᠭᠡᠨ ᠤ ᠪᠡᠯᠡᠳᠬᠡᠮᠵᠢ ᠲᠥᠬᠦᠭᠡᠷᠦᠮᠵᠢ ᠶᠢ ᠨᠤᠷᠠᠭᠠᠬᠤ᠂ ᠡᠪᠳᠡᠬᠦ ᠪᠤᠶᠤ ᠠᠳᠠᠯ ᠠᠬᠤᠢ ᠶᠢᠨ ᠬᠠᠮᠢᠶᠠᠷᠤᠯᠲᠠ ᠶᠢᠨ | ᠲᠠᠩᠰᠠ ᠡᠪᠬᠡᠮᠡᠯ ᠤᠨ ᠮᠠᠲ᠋ᠧᠷᠢᠶᠠᠯ ᠢ ᠭᠡᠭᠡᠬᠦ᠂ ᠡᠪᠳᠡᠨ ᠰᠦᠢᠳᠭᠡᠬᠦ᠃ | ᠵᠢᠷᠭᠤᠳᠤᠭᠠᠷ ᠪᠦᠯᠦᠭ ᠠᠳᠠᠯ ᠠᠬᠤᠢ ᠶᠢᠨ ᠬᠡᠷᠡᠭᠯᠡᠯᠳᠡ ᠪᠠ ᠬᠠᠮᠠᠭᠠᠯᠠᠯᠳᠠ | ᠳᠥᠴᠢᠨ ᠬᠤᠶᠠᠳᠤᠭᠠᠷ ᠵᠦᠢᠯ ᠪᠦᠲᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠳᠠᠭᠤᠰᠴᠤ ᠰᠢᠯᠭᠠᠨ | ᠠᠪᠬᠤ ᠠᠴᠠ ᠡᠮᠦᠨ᠎ᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ | ᠪᠡᠯᠡ ᠮᠥᠩᠭᠦ ᠶᠢ ᠳᠠᠩᠰᠠᠯᠠᠭᠤᠯᠬᠤ ᠬᠡᠷᠡᠭᠲᠡᠢ᠃ ᠳᠠᠩᠰᠠᠯᠠᠭᠤᠯᠬᠤ ᠦᠶ᠎ᠡ ᠳᠤ ᠳᠣᠣᠷᠠᠬᠢ ᠮᠠᠲ᠋ᠧᠷᠢᠶᠠᠯ ᠤᠳ ᠢ | ᠬᠠᠩᠭᠠᠬᠤ ᠬᠡᠷᠡᠭᠲᠡᠢ᠄ | ︵ᠨᠢᠭᠡ︶ ᠲᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠥᠩᠭᠦ ᠳᠠᠩᠰᠠᠯᠠᠭᠤᠯᠬᠤ ᠭᠤᠶᠤᠴᠢᠯᠠᠯ ᠤᠨ | ᠬᠦᠰᠦᠨᠦᠭᠲᠦ︔ | ︵ᠬᠤᠶᠠᠷ︶ ᠬᠡᠮᠵᠢᠨ ᠵᠢᠷᠤᠭᠰᠠᠨ ᠮᠡᠳᠡᠭᠦᠯᠦᠯᠲᠡ ︵ᠪᠣᠳᠠᠲᠠᠢ ᠬᠡᠮᠵᠢᠭᠰᠡᠨ ᠮᠡᠳᠡᠭᠦᠯᠦᠯᠲᠡ︶︔ | ︵ᠭᠤᠷᠪᠠ︶ ᠬᠠᠩᠭᠠᠬᠤ ᠶᠣᠰᠣᠲᠠᠢ ᠪᠤᠰᠤᠳ ᠮᠠᠲ᠋ᠧᠷᠢᠶᠠᠯ᠃ | ᠳᠥᠴᠢᠨ ᠭᠤᠷᠪᠠᠳᠤᠭᠠᠷ ᠵᠦᠢᠯ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠠᠩᠬᠠᠨ ᠤ | ᠬᠤᠭᠤᠴᠠᠭᠠᠨ ᠤ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢ ᠭᠡᠷ ᠪᠠᠶᠢᠰᠢᠩ ᠳᠤ ᠣᠷᠣᠵᠤ ᠰᠠᠭᠤᠬᠤ ᠭᠠᠷ | ᠭᠦᠢᠴᠡᠳᠬᠡᠯ ᠬᠢᠬᠦ ᠠᠴᠠ ᠡᠮᠦᠨ᠎ᠡ᠂ ᠥᠮᠴᠢᠲᠡᠨ ᠠᠴᠠ ᠥᠮᠴᠢᠯᠡᠵᠦ ᠪᠠᠶᠢᠭ᠎ᠠ ᠪᠠᠷᠢᠯᠭ᠎ᠠ ᠶᠢᠨ ᠲᠠᠯᠠᠪᠠᠢ ᠪᠠᠷ ᠢᠶᠠᠨ | ᠲᠤᠰᠢᠶᠠᠨ ᠬᠠᠳᠠᠭᠠᠯᠠᠭᠤᠯᠤᠨ᠎ᠠ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ | ᠬᠡᠷᠡᠭᠯᠡᠬᠦ ᠴᠤᠪᠤᠷᠠᠯ ᠢ ᠰᠢᠯᠢᠳᠡᠭᠵᠢᠭᠦᠯᠵᠦ᠂ ᠭᠤᠶᠤᠴᠢᠯᠠᠬᠤ ᠮᠠᠲ᠋ᠧᠷᠢᠶᠠᠯ ᠢ ᠳᠥᠭᠦᠮᠴᠢᠯᠡᠨ᠂ ᠬᠢᠨᠠᠨ ᠬᠠᠷᠭᠤᠭᠤᠯᠬᠤ | ᠴᠠᠭ ᠤᠨ ᠬᠢᠵᠠᠭᠠᠷ ᠢ ᠪᠣᠭᠤᠨᠢᠰᠬᠠᠬᠤ ᠬᠡᠷᠡᠭᠲᠡᠢ᠃ | ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠬᠡᠷᠡᠭᠯᠡᠯᠲᠡ ᠪᠠ | ᠬᠠᠮᠢᠶᠠᠷᠤᠯᠲᠠ ᠶᠢᠨ ᠪᠣᠳᠠᠲᠠᠢ ᠠᠷᠭ᠎ᠠ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠣᠭᠲᠠᠭᠠᠨ᠎ᠠ᠃ | ᠳᠥᠴᠢᠨ ᠳᠥᠷᠪᠡᠳᠦᠭᠡᠷ ᠵᠦᠢᠯ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠣᠲᠣᠷᠠᠬᠢ ᠮᠠᠰᠢᠨᠲᠤ | ᠲᠡᠷᠭᠡ ᠵᠣᠭᠰᠤᠭᠠᠬᠤ ᠳᠤ ᠬᠡᠷᠡᠭᠯᠡᠬᠦ ᠪᠠᠷ ᠲᠥᠯᠥᠪᠵᠢᠭᠦᠯᠦᠭᠰᠡᠨ ᠲᠡᠷᠭᠡᠨ ᠵᠣᠭᠰᠣᠭᠠᠯ᠂ ᠲᠡᠷᠭᠡᠨ ᠬᠥᠮᠥᠷᠭᠡ ᠶᠢ ᠲᠤᠰ | ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠣᠲᠣᠷᠠᠬᠢ ᠥᠮᠴᠢᠲᠡᠨ ᠪᠤᠶᠤ ᠠᠳᠠᠯ ᠠᠬᠤᠢ ᠶᠢᠨ ᠬᠡᠷᠡᠭᠯᠡᠭᠴᠢ ᠶᠢᠨ | ᠬᠡᠷᠡᠭᠯᠡᠬᠦ ᠶᠢ ᠤᠷᠢᠳ ᠢᠶᠠᠷ ᠪᠠᠲᠤᠯᠠᠬᠤ ᠬᠡᠷᠡᠭᠲᠡᠢ᠃ | ᠥᠮᠴᠢᠲᠡᠨ ᠤ ᠬᠠᠮᠲᠤ ᠶᠢᠨ ᠥᠮᠴᠢᠯᠡᠯ ᠤᠨ ᠵᠠᠮ ᠪᠤᠶᠤ ᠪᠤᠰᠤᠳ ᠲᠠᠯᠠᠪᠤᠷ ᠢ ᠠᠰᠢᠭᠯᠠᠨ ᠮᠠᠰᠢᠨᠲᠤ ᠲᠡᠷᠭᠡᠨ ᠤ | ᠵᠣᠭᠰᠣᠭᠠᠯ᠂ ᠲᠡᠷᠭᠡᠨ ᠵᠣᠭᠰᠣᠭᠠᠯ ᠪᠠᠶᠢᠭᠤᠯᠬᠤ ᠳᠤ ᠦᠮᠴᠢᠳᠡᠨ ᠤ ᠶᠡᠭᠡ ᠬᠤᠷᠠᠯ ᠢᠶᠠᠷ ᠵᠥᠪᠰᠢᠶᠡᠷᠡᠭᠦᠯᠦᠭᠡᠳ᠂ ᠭᠠᠯ | ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠪᠠ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠭᠦᠯᠬᠦ ᠬᠡᠷᠡᠭᠲᠡᠢ | ᠂ ᠲᠠᠷᠬᠠᠭᠠᠨ ᠶᠠᠪᠤᠭᠤᠯᠬᠤ ᠵᠠᠮ᠂ ᠠᠶᠤᠯᠭᠦᠢ ᠭᠠᠷᠤᠴᠠ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ᠂ ᠭᠠᠯ | ᠤᠨᠲᠠᠷᠠᠭᠠᠬᠤ ᠲᠡᠷᠭᠡᠨ ᠤ ᠥᠨᠳᠥᠷ ᠲᠤ ᠠᠪᠠᠷᠢᠨ ᠠᠵᠢᠯᠯᠠᠬᠤ ᠲᠠᠯᠠᠪᠤᠷ ᠢ ᠡᠵᠡᠯᠡᠨ ᠬᠡᠷᠡᠭᠯᠡᠵᠦ᠂ ᠪᠥᠭᠯᠡᠵᠦ᠂ | ᠪᠢᠲᠡᠭᠦᠮᠵᠢᠯᠡᠵᠦ ᠪᠣᠯᠬᠤ ᠦᠭᠡᠢ᠃ ᠲᠡᠷᠭᠡᠨ ᠵᠣᠭᠰᠣᠭᠠᠯ᠂ ᠲᠡᠷᠭᠡᠨ ᠵᠣᠭᠰᠣᠭᠠᠯ ᠤᠨ ᠲᠠᠯᠠᠪᠤᠷ ᠢ ᠬᠡᠷᠡᠭᠯᠡᠬᠦ ᠰᠦᠢᠳᠬᠡᠯ | ᠂ ᠰᠦᠢᠳᠬᠡᠯ ᠬᠤᠷᠢᠶᠠᠬᠤ ᠪᠠᠷᠢᠮᠵᠢᠶ᠎ᠠ᠂ ᠬᠠᠮᠢᠶᠠᠷᠤᠯᠲᠠ ᠵᠡᠷᠭᠡ ᠵᠦᠢᠯᠡᠰ ᠢ ᠥᠮᠴᠢᠲᠡᠨ ᠠᠴᠠ ᠬᠠᠮᠲᠤ ᠪᠠᠷ | ᠲᠣᠭᠲᠠᠭᠠᠨ᠎ᠠ᠃ ᠲᠡᠷᠭᠡᠨ ᠵᠣᠭᠰᠣᠭᠠᠯ᠂ ᠲᠡᠷᠭᠡᠨ ᠵᠣᠭᠰᠣᠭᠠᠯ ᠤᠨ ᠲᠠᠯᠠᠪᠤᠷ ᠭᠠᠵᠠᠷ ᠢ ᠬᠡᠷᠡᠭᠯᠡᠬᠦ ᠰᠦᠢᠳᠬᠡᠯ ᠠᠴᠠ | ᠴᠢᠬᠤᠯᠠ ᠪᠦᠬᠦᠢ ᠬᠠᠮᠢᠶᠠᠷᠤᠯᠲᠠ ᠶᠢᠨ ᠰᠦᠢᠳᠬᠡᠯ ᠢ ᠬᠠᠰᠤᠭᠰᠠᠨ ᠤ ᠳᠠᠷᠠᠭ᠎ᠠ᠂ ᠠᠰᠢᠭ ᠣᠷᠣᠯᠭ᠎ᠠ ᠨᠢ ᠪᠦᠬᠦ | ᠥᠮᠴᠢᠲᠡᠨ ᠤ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠨ᠎ᠠ᠃ | ᠥᠮᠴᠢᠲᠡᠨ ᠪᠤᠶᠤ ᠠᠳᠠᠯ ᠠᠬᠤᠢ ᠶᠢᠨ ᠬᠡᠷᠡᠭᠯᠡᠭᠴᠢ ᠨᠢ ᠮᠠᠰᠢᠨᠲᠤ ᠲᠡᠷᠭᠡ ᠶᠢ ᠬᠠᠳᠠᠭᠠᠯᠠᠨ ᠬᠠᠮᠢᠶᠠᠷᠬᠤ | ᠱᠠᠭᠠᠷᠳᠠᠯᠭ᠎ᠠ ᠲᠠᠢ ᠪᠠᠶᠢᠪᠠᠯ᠂ ᠠᠳᠠᠯ ᠠᠬᠤᠢ ᠶᠢᠨ ᠦᠢᠯᠡᠴᠢᠯᠡᠭᠴᠢ ᠲᠠᠢ ᠠᠰᠲᠠᠭᠠᠨ ᠪᠣᠯᠵᠣᠨ ᠲᠣᠭᠲᠠᠵᠤ ᠪᠣᠯᠣᠨ᠎ᠠ᠃ | ᠳᠥᠴᠢᠨ ᠲᠠᠪᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠴᠢ ᠨᠢ ᠠᠳᠠᠯ ᠠᠬᠤᠢ ᠶᠢᠨ ᠦᠢᠯᠡᠴᠢᠯᠡᠭᠡᠨ ᠤ | ᠭᠡᠷ᠎ᠡ ᠶᠢᠨ ᠶᠣᠰᠣᠭᠠᠷ ᠴᠠᠬᠢᠯᠭᠠᠨ ᠱᠠᠲᠤ ᠵᠡᠷᠭᠡ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠴᠠᠭ ᠲᠤᠬᠠᠢ | ᠳᠤᠨᠢ ᠬᠠᠮᠠᠭᠠᠯᠠᠵᠤ᠂ ᠰᠡᠯᠪᠢᠨ ᠵᠠᠰᠠᠵᠤ᠂ ᠲᠡᠭᠦᠨ ᠤ ᠬᠡᠪ ᠤᠨ ᠬᠡᠷᠡᠭᠯᠡᠯᠲᠡ ᠶᠢ ᠪᠠᠲᠤᠯᠠᠬᠤ ᠬᠡᠷᠡᠭᠲᠡᠢ᠃ ᠴᠠᠬᠢᠯᠭᠠᠨ | ᠱᠠᠲᠤ ᠶᠢ ᠬᠡᠷᠡᠭᠯᠡᠨ ᠵᠠᠰᠠᠯ ᠴᠢᠮᠡᠭᠯᠡᠯ ᠤᠨ ᠮᠠᠲ᠋ᠧᠷᠢᠶᠠᠯ ᠵᠡᠷᠭᠡ ᠡᠳ᠋ ᠪᠣᠳᠠᠰ ᠢ ᠲᠡᠭᠡᠭᠡᠪᠦᠷᠢᠯᠡᠨ ᠬᠦᠷᠭᠡᠬᠦ ᠳᠡᠭᠡᠨ | ᠠᠶᠤᠯᠭᠦᠢ ᠶᠢᠨ ᠰᠡᠷᠭᠡᠶᠢᠯᠡᠨ ᠬᠠᠮᠠᠭᠠᠯᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠴᠠᠬᠢᠯᠭᠠᠨ ᠱᠠᠲᠤ ᠶᠢ ᠬᠢᠨᠠᠨ | ᠲᠣᠭᠲᠠᠭᠠᠭᠰᠠᠨ ᠳᠠᠭᠠᠭᠠᠴᠠ ᠶᠢᠨ ᠲᠣᠭᠲᠠᠭᠠᠯ ᠳᠤ ᠨᠡᠶᠢᠴᠡᠭᠦᠯᠬᠦ ᠬᠡᠷᠡᠭᠲᠡᠢ᠂ ᠴᠠᠬᠢᠯᠭᠠᠨ ᠱᠠᠲᠤ ᠶᠢᠨ ᠠᠶᠤᠯᠭᠦᠢ ᠶᠢᠨ | ᠴᠢᠳᠠᠪᠬᠢ ᠶᠢ ᠨᠥᠯᠥᠭᠡᠯᠡᠵᠦ ᠪᠣᠯᠬᠤ ᠦᠭᠡᠢ᠃ | ᠳᠥᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠨᠤᠭᠤᠳ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ | ᠥᠭᠡᠷᠡᠴᠢᠯᠡᠯᠲᠡ ᠶᠢ ᠴᠢᠩᠭᠠᠳᠬᠠᠨ᠂ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ ᠤᠨ ᠬᠡᠪᠴᠢᠶ᠎ᠡ᠂ | ᠣᠷᠣᠨ ᠪᠠᠶᠢᠷᠢ ᠲᠠᠢ ᠤᠶᠠᠯᠳᠤᠭᠤᠯᠤᠨ ᠬᠡᠷᠡᠮ ᠨᠤᠷᠠᠭᠠᠵᠤ ᠬᠦᠷᠢᠶ᠎ᠡ ᠨᠡᠶᠢᠯᠡᠭᠦᠯᠬᠦ ᠶᠢ ᠬᠡᠷᠡᠭᠵᠢᠭᠦᠯᠵᠦ᠂ ᠠᠳᠠᠯ | ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢ ᠰᠢᠨ᠎ᠡ ᠪᠠᠷ ᠬᠤᠪᠢᠶᠠᠷᠢᠯᠠᠨ ᠡᠮᠬᠢᠯᠡᠨ ᠨᠡᠶᠢᠯᠡᠭᠦᠯᠬᠦ ᠶᠢᠨ ᠬᠠᠮᠲᠤ | ᠵᠣᠬᠢᠴᠠᠩᠭᠤᠢ ᠣᠷᠣᠨ ᠪᠦᠰᠡ ᠶᠢᠨ ᠳᠣᠲᠣᠷᠠᠬᠢ ᠢᠯᠡᠷᠬᠡᠢ ᠣᠷᠣᠨ ᠪᠠᠶᠢᠷᠢ ᠲᠤ ᠠᠯᠪᠠᠨ ᠵᠠᠷ ᠨᠡᠶᠢᠲᠡᠯᠡᠬᠦ ᠬᠡᠷᠡᠭᠲᠡᠢ᠃ | ᠠᠳᠠᠯ ᠠᠬᠤᠢ ᠶᠢᠨ ᠦᠢᠯᠡᠴᠢᠯᠡᠭᠡᠨ ᠦᠭᠡᠢ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ | ᠵᠢᠵᠢᠭ ᠲᠣᠭᠤᠷᠢᠭ ᠲᠤ᠂ ᠥᠪᠡᠰᠦᠪᠡᠨ ᠬᠠᠮᠢᠶᠠᠷᠬᠤ ᠪᠠ ᠨᠠᠶᠢᠳᠠᠨ ᠬᠠᠮᠢᠶᠠᠷᠤᠭᠤᠯᠬᠤ ᠶᠢ ᠬᠠᠷᠢᠯᠴᠠᠨ ᠤᠶᠠᠯᠳᠤᠭᠤᠯᠬᠤ | ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠠᠴᠠ ᠪᠠᠲᠤᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠣᠷᠣᠨ | ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠢ ᠪᠦᠬᠦᠨ ᠢ ᠬᠠᠮᠤᠷᠬᠤ ᠶᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ᠃ | ᠳᠥᠴᠢᠨ ᠳᠣᠯᠣᠳᠤᠭᠠᠷ ᠵᠦᠢᠯ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠲᠤ ᠣᠯᠠᠨ | ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠳᠡᠮᠵᠢᠨ᠎ᠡ᠃ ᠣᠯᠠᠨ | ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠳᠤ ᠥᠮᠴᠢᠲᠡᠨ ᠨᠢ ᠰᠠᠶᠢᠨ ᠳᠤᠷ᠎ᠠ | ᠠᠴᠠ ᠪᠠᠨ ᠪᠠᠶᠢᠬᠤ᠂ ᠨᠡᠶᠢᠭᠡᠮ ᠲᠣᠭᠤᠷᠢᠭ ᠠᠴᠠ ᠬᠥᠲᠥᠯᠥᠨ ᠵᠢᠯᠤᠭᠤᠳᠬᠤ᠂ ᠲᠥᠪ ᠭᠤᠥᠯᠴᠢ ᠵᠦᠢ ᠵᠣᠬᠢᠰᠲᠠᠢ | ᠪᠠᠶᠢᠬᠤ᠂ ᠭᠦᠢᠴᠡᠳ ᠵᠥᠪᠳᠡᠯᠴᠡᠬᠦ᠂ ᠠᠮᠤᠷ ᠲᠦᠪᠰᠢᠨ ᠢ ᠪᠠᠲᠤᠯᠠᠬᠤ᠂ ᠬᠠᠤᠯᠢ ᠶᠣᠰᠣᠭᠠᠷ ᠬᠢᠨᠠᠨ ᠬᠠᠮᠢᠶᠠᠷᠬᠤ | ᠵᠠᠷᠴᠢᠮ ᠢ ᠪᠠᠷᠢᠮᠲᠠᠯᠠᠬᠤ ᠬᠡᠷᠡᠭᠲᠡᠢ᠃ | ᠣᠯᠠᠨ ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠳᠤ ᠪᠠᠶᠢᠭ᠎ᠠ ᠨᠢᠭᠡᠴᠢ ᠶᠢᠨ | ᠪᠥᠬᠦ ᠥᠮᠴᠢᠲᠡᠨ ᠤ ᠰᠠᠨᠠᠯ ᠢ ᠬᠤᠷᠢᠶᠠᠬᠤ ᠬᠡᠷᠡᠭᠲᠡᠢ᠃ ᠥᠮᠴᠢᠲᠡᠨ ᠨᠢ ᠴᠠᠬᠢᠯᠭᠠᠨ ᠱᠠᠲᠤ ᠶᠢ ᠨᠡᠮᠡᠵᠦ ᠤᠭᠰᠠᠷᠠᠬᠤ | ᠲᠠᠯ᠎ᠠ ᠪᠠᠷ ᠰᠠᠨᠠᠯ ᠨᠢᠭᠡᠳᠴᠦ ᠳᠡᠶᠢᠯᠬᠦ ᠦᠭᠡᠢ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠲᠠᠭᠠᠯ ᠶᠣᠰᠣᠭᠠᠷ ᠪᠠᠲᠤᠯᠠᠯᠲᠠ ᠬᠢᠵᠦ ᠪᠣᠯᠣᠨ᠎ᠠ᠃ ᠲᠣᠰ ᠨᠢᠭᠡᠴᠢ ᠶᠢᠨ ᠪᠠᠷᠢᠯᠭ᠎ᠠ ᠶᠢᠨ | ᠲᠤᠰᠬᠠᠢ ᠪᠦᠬᠦᠢ ᠬᠡᠰᠡᠭ ᠤᠨ ᠲᠠᠯᠠᠪᠠᠶ ᠶᠢᠨ ᠭᠤᠷᠪᠠᠨ ᠤ ᠬᠤᠶᠠᠷ ᠠᠴᠠ ᠳᠡᠭᠡᠭᠰᠢᠬᠢ ᠶᠢ ᠡᠵᠡᠯᠡᠬᠦ ᠥᠮᠴᠢᠲᠡᠨ | ᠮᠥᠷᠲᠡᠭᠡᠨ ᠬᠥᠮᠥᠨ ᠤ ᠲᠤᠭ᠎ᠠ ᠶᠢᠨ ᠭᠤᠷᠪᠠᠨ ᠤ ᠬᠤᠶᠠᠷ ᠠᠴᠠ ᠳᠡᠭᠡᠭᠰᠢᠬᠢ ᠶᠢ ᠡᠵᠡᠯᠡᠬᠦ ᠥᠮᠴᠢᠲᠡᠨ | ᠪᠠᠲᠤᠯᠠᠯᠲᠠ ᠳᠤ ᠣᠷᠣᠯᠴᠠᠬᠤ ᠶᠢᠨ ᠬᠠᠮᠲᠤ ᠪᠠᠲᠤᠯᠠᠯᠲᠠ ᠳᠤ ᠣᠷᠣᠯᠴᠠᠬᠤ ᠲᠤᠰᠬᠠᠢ ᠪᠦᠬᠦᠢ ᠬᠡᠰᠡᠭ ᠤᠨ ᠲᠠᠯᠠᠪᠠᠶ | ᠶᠢᠨ ᠳᠥᠷᠪᠡᠨ ᠤ ᠭᠤᠷᠪᠠ ᠠᠴᠠ ᠳᠡᠭᠡᠭᠰᠢᠬᠢ ᠶᠢ ᠡᠵᠡᠯᠡᠬᠦ ᠥᠮᠴᠢᠲᠡᠨ ᠮᠥᠷᠲᠡᠭᠡᠨ ᠪᠠᠲᠤᠯᠠᠯᠲᠠ ᠳᠤ ᠣᠷᠣᠯᠴᠠᠭᠰᠠᠨ | ᠬᠥᠮᠥᠨ ᠤ ᠲᠤᠭ᠎ᠠ ᠶᠢᠨ ᠳᠥᠷᠪᠡᠨ ᠤ ᠭᠤᠷᠪᠠ ᠠᠴᠠ ᠳᠡᠭᠡᠭᠰᠢᠬᠢ ᠶᠢ ᠡᠵᠡᠯᠡᠬᠦ ᠥᠮᠴᠢᠲᠡᠨ ᠢᠶᠠᠷ ᠵᠥᠪᠰᠢᠶᠡᠷᠡᠭᠦᠯᠪᠡᠯ | ᠰᠠᠶ᠋ᠢ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠬᠡᠷᠡᠭᠵᠢᠭᠦᠯᠵᠦ ᠪᠣᠯᠣᠨ᠎ᠠ᠃ | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠳᠥᠴᠢᠨ ᠨᠠᠢᠮᠠᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠲᠤ ᠨᠢᠭᠡᠨᠲᠡ ᠪᠣᠳᠠᠲᠠᠢ ᠰᠢᠳᠬᠡᠨ ᠲᠣᠷᠭᠠᠬᠤ | ᠲᠣᠭᠲᠠᠭᠠᠯ ᠭᠠᠷᠭᠠᠭᠰᠠᠨ ᠪᠣᠯ ᠲᠡᠷᠡ ᠲᠣᠭᠲᠠᠭᠠᠯ ᠢ ᠵᠢᠷᠤᠮᠯᠠᠨ᠎ᠠ᠃ | ᠳᠥᠴᠢ ᠶᠢᠰᠦᠳᠦᠭᠡᠷ ᠵᠦᠢᠯ ᠲᠣᠰ ᠳᠦᠷᠢᠮ ᠤᠨ ᠠᠷᠪᠠᠨ ᠵᠢᠷᠭᠤᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ | ᠠᠳᠠᠯ ᠠᠬᠤᠢ ᠶᠢᠨ ᠦᠢᠯᠡᠴᠢᠯᠡᠭᠴᠢ ᠨᠢ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠣᠲᠣᠷᠠᠬᠢ ᠢᠯᠡᠷᠬᠡᠢ | ᠭᠠᠵᠠᠷ ᠲᠤ ᠬᠠᠮᠢᠶ᠎ᠠ ᠪᠦᠬᠦᠢ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠵᠠᠷᠯᠠᠨ ᠨᠡᠶᠢᠲᠡᠯᠡᠭᠰᠡᠨ ᠦᠭᠡᠢ ᠪᠠᠶᠢᠪᠠᠯ᠂ | ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ | ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ | 1000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠳᠬᠡᠨ᠎ᠡ᠃ | ᠲᠠᠪᠢᠳᠤᠭᠠᠷ ᠵᠦᠢᠯ ᠲᠤᠰ ᠳᠦᠷᠢᠮ ᠤᠨ ᠳᠥᠴᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ | ᠲᠣᠭᠲᠠᠭᠠᠯ ᠢ ᠵᠥᠷᠢᠴᠡᠵᠦ᠂ ᠠᠳᠠᠯ ᠠᠬᠤᠢ ᠶᠢᠨ ᠦᠢᠯᠡᠴᠢᠯᠡᠭᠴᠢ ᠠᠴᠠ ᠥᠮᠴᠢᠲᠡᠨ᠂ ᠠᠳᠠᠯ ᠠᠬᠤᠢ ᠶᠢᠨ | ᠬᠡᠷᠡᠭᠯᠡᠭᠴᠢ ᠳᠤ ᠵᠠᠰᠠᠯ ᠴᠢᠮᠡᠭᠯᠡᠯ ᠤᠨ ᠠᠵᠤ ᠠᠬᠤᠶᠢᠯᠠᠯ ᠢ ᠵᠢᠭᠠᠨ ᠲᠣᠮᠢᠯᠠᠬᠤ ᠪᠤᠶᠤ ᠵᠠᠰᠠᠯ ᠴᠢᠮᠡᠭᠯᠡᠯ ᠤᠨ | ᠮᠠᠲ᠋ᠧᠷᠢᠶᠠᠯ ᠢ ᠠᠯᠪᠠᠳᠠᠯᠭ᠎ᠠ ᠪᠠᠷ ᠪᠣᠷᠣᠯᠠᠭᠤᠯᠤᠭᠰᠠᠨ ᠪᠠᠶᠢᠪᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ︔ ᠬᠤᠭᠤᠴᠠᠭ᠎ᠠ | ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ | ᠲᠠᠪᠢᠨ ᠨᠢᠭᠡᠳᠦᠭᠡᠷ ᠵᠦᠢᠯ ᠲᠤᠰ ᠳᠦᠷᠢᠮ ᠤᠨ ᠳᠥᠴᠢᠨ ᠨᠢᠭᠡᠳᠦᠭᠡᠷ ᠵᠦᠢᠯ ᠤᠨ ᠳᠥᠷᠪᠡᠳᠦᠭᠡᠷ | ᠵᠤᠷᠪᠤᠰ ᠤᠨ ᠲᠣᠭᠲᠠᠭᠠᠯ ᠢ ᠵᠥᠷᠢᠴᠡᠵᠦ᠂ ᠠᠳᠠᠯ ᠠᠬᠤᠢ ᠶᠢᠨ ᠦᠢᠯᠡᠴᠢᠯᠡᠭᠴᠢ ᠠᠴᠠ ᠤᠰᠤ ᠬᠠᠩᠭᠠᠬᠤ᠂ ᠴᠠᠬᠢᠯᠭᠠᠨ | ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ ᠶᠢ ᠵᠣᠭᠰᠤᠭᠠᠬᠤ ᠪᠤᠶᠤ ᠬᠢᠵᠠᠭᠠᠷᠯᠠᠬᠤ ᠵᠢᠴᠢ ᠥᠮᠴᠢᠲᠡᠨ ᠤ | ᠵᠢᠵᠢᠭ ᠲᠣᠭᠤᠷᠢᠭ ᠲᠤ ᠣᠷᠣᠬᠤ᠂ ᠡᠷᠦᠬᠡ ᠳᠤ ᠣᠷᠣᠬᠤ᠂ ᠴᠠᠬᠢᠯᠭᠠᠨ ᠱᠠᠲᠤ ᠬᠡᠷᠡᠭᠯᠡᠬᠦ᠂ ᠲᠡᠷᠭᠡ ᠬᠥᠰᠬᠡ ᠶᠢᠨ | ᠲᠡᠷᠭᠡᠨ ᠵᠣᠭᠰᠣᠭᠠᠯ ᠢᠶᠠᠷ ᠣᠷᠣᠵᠤ ᠭᠠᠷᠬᠤ ᠶᠢ ᠬᠢᠵᠠᠭᠠᠷᠯᠠᠬᠤ ᠵᠡᠷᠭᠡ ᠠᠷᠭ᠎ᠠ ᠮᠠᠶ᠋ᠢᠭ ᠢᠶᠠᠷ ᠠᠳᠠᠯ ᠠᠬᠤᠢ ᠶᠢᠨ | ᠦᠢᠯᠡᠴᠢᠯᠡᠭᠡᠨ ᠤ ᠰᠦᠢᠳᠬᠡᠯ ᠢ ᠰᠢᠪᠠᠳᠠᠨ ᠲᠤᠰᠢᠶᠠᠯᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠰᠢᠪᠠᠳᠠᠨ | ᠲᠤᠰᠢᠶᠠᠯᠭᠠᠭᠰᠠᠨ ᠪᠠᠶᠢᠪᠠᠯ᠂ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ︔ ᠬᠤᠭᠤᠴᠠᠭ᠎ᠠ | ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ | ᠲᠠᠪᠢᠨ ᠬᠤᠶᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ | ᠡᠭᠦᠷᠭᠡ ᠲᠤᠰᠢᠶᠠᠯ ᠳᠠᠭᠠᠨ ᠣᠰᠣᠯᠳᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ | ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ | ᠠᠵᠢᠯᠲᠠᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠳᠬᠡᠯ ᠥᠭᠭᠦᠨ᠎ᠡ︔ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ︔ | ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠳᠦᠷᠢᠮ | ᠲᠠᠪᠢᠨ ᠭᠤᠷᠪᠠᠳᠤᠭᠠᠷ ᠵᠦᠢᠯ ᠲᠤᠰ ᠳᠦᠷᠢᠮ ᠢ 2023 ᠣᠨ ᠤ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |