ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠶᠢᠨ ᠲᠤᠬᠠᠢ ᠰᠠᠨᠠᠯ ᠬᠤᠷᠢᠶᠠᠵᠦ ᠪᠠᠶᠢᠨ᠎ᠠ︕
ᠨᠡᠶᠢᠲᠡᠯᠡᠭᠰᠡᠨ ᠴᠠᠭ᠄
2023/8/24
      ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠰᠡᠷᠭᠡᠶᠢᠯᠡᠨ ᠪᠠᠭᠠᠰᠬᠠᠬᠤ ᠶᠢᠨ ᠲᠤᠰᠠᠳᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︵ᠰᠠᠨᠠᠯ ᠬᠤᠷᠢᠶᠠᠬᠤ ᠨᠣᠣᠷᠠᠭ︶︾ ᠶᠢ ᠰᠤᠳᠤᠯᠤᠨ ᠲᠤᠭᠤᠷᠪᠢᠵᠤ᠂ ᠡᠳᠦᠭᠡ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠨ᠎ᠠ᠃      ᠲᠣᠰ ᠪᠠᠷᠢᠮᠵᠢᠶ᠎ᠠ ᠳᠤ ᠬᠡᠯᠡᠵᠦ ᠪᠠᠶᠢᠭ᠎ᠠ ᠬᠦᠨᠳᠦ ᠶᠡᠭᠡ ᠠᠳᠡᠯ ᠤᠨ ᠳᠠᠯᠳᠠ ᠬᠡᠮ ᠭᠡᠳᠡᠭ ᠨᠢ ᠰᠢᠲᠠᠮᠠᠬᠠᠢ ᠬᠡᠢ ᠶᠢᠨ ᠡᠵᠡᠩᠨᠡᠭᠴᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠬᠤᠣᠷ ᠬᠥᠨᠥᠭᠡᠯ ᠤᠨ ᠬᠡᠮᠵᠢᠶ᠎ᠡ ᠪᠠᠷ ᠨᠡᠯᠢᠶᠡᠳ ᠶᠡᠭᠡ ᠪᠠᠶᠢᠵᠤ᠂ ᠣᠯᠠᠨ ᠦᠬᠦᠵᠦ ᠰᠢᠷᠬᠠᠲᠤᠬᠤ ᠪᠤᠶᠤ ᠬᠦᠨᠳᠦ ᠶᠡᠭᠡ ᠠᠵᠤ ᠠᠬᠤᠢ ᠶᠢᠨ ᠬᠤᠬᠢᠷᠠᠯ ᠤᠴᠠᠷᠠᠭᠤᠯᠵᠤ ᠮᠡᠳᠡᠬᠦ ᠠᠳᠡᠯ ᠤᠨ ᠳᠠᠯᠳᠠ ᠬᠡᠮ ᠢ ᠵᠢᠭᠠᠵᠤ ᠪᠣᠶ᠃      ᠬᠤᠯᠪᠣᠭᠳᠠᠯ ᠪᠦᠬᠦᠢ ᠨᠢᠭᠡᠴᠢ ᠪᠤᠶᠤ ᠬᠤᠪᠢ ᠬᠥᠮᠥᠨ 2023 ᠣᠨ ᠤ 8 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ ᠳᠣᠣᠷᠠᠬᠢ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠬᠠᠷᠢᠭᠤ ᠲᠤᠰᠬᠠᠬᠤ ᠰᠠᠨᠠᠯ ᠢᠶᠠᠨ ᠳᠤᠷᠠᠳᠴᠤ ᠪᠣᠯᠣᠨ᠎ᠠ᠄      1᠂  ᠢᠮᠧᠯ᠄ zhangxul@mohurd.gov.cn      2᠂ ᠬᠠᠶ᠋ᠢᠭ᠄ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠰᠠᠨ ᠯᠢ ᠾᠧ ᠵᠠᠮ ᠤᠨ 9 ᠳ᠋ᠤᠭᠡᠷ ᠨᠣᠮᠧᠷᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ︵ᠵᠠᠬᠢᠳᠠᠯ ᠤᠨ ᠳᠤᠭᠲᠤᠢ ᠳᠤ ︽ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠬᠠᠷᠢᠭᠤ ᠲᠤᠰᠬᠠᠭᠰᠠᠨ ᠰᠠᠨᠠᠯ︾ ᠭᠡᠵᠦ ᠲᠣᠳᠣᠷᠬᠠᠶᠢᠯᠠᠭᠠᠷᠠᠢ︶      ᠰᠢᠤᠳᠠᠨ ᠳ᠋ᠤᠭᠠᠷ᠄ 100835
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1