15 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ 2023 | ᠣᠨ ᠤ 7 ᠳ᠋ᠤᠭᠠᠷ ᠰᠠᠷ᠎ᠠ ᠶᠢᠨ ᠤᠯᠤᠰ ᠠᠷᠠᠳ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠣᠨᠢᠨ ᠮᠡᠳᠡᠭᠡᠨ ᠤ | ᠥᠭᠦᠯᠡᠭᠴᠢ᠂ ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠵᠤᠷᠭᠠᠨ ᠤ | ᠳᠠᠷᠤᠭ᠎ᠠ ᠹᠦ᠋ ᠯᠢᠩ ᠬᠤᠶ ᠢᠯᠡᠷᠬᠡᠶᠢᠯᠡᠬᠦ ᠳᠡᠭᠡᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠳᠠᠭᠠᠯᠳᠤᠨ᠂ ᠭᠡᠷ ᠪᠠᠶᠢᠰᠢᠩ ᠭᠠᠵᠠᠷ | ᠬᠥᠷᠥᠩᠭᠡ ᠶᠢᠨ ᠠᠵᠤ ᠠᠬᠤᠶᠢᠯᠠᠯ ᠤᠨ ᠲᠦᠭᠰᠢᠭᠦᠷᠢ ᠶᠢ ᠢᠳᠡᠭ ᠢᠳᠡᠭ ᠢᠶᠠᠷ ᠠᠷᠢᠯᠭᠠᠵᠤ᠂ ᠰᠠᠭᠤᠭᠠᠯᠢ ᠠᠷᠠᠳ ᠤᠨ | ᠣᠷᠣᠨ ᠰᠠᠭᠤᠴᠠ ᠶᠢᠨ ᠬᠡᠷᠡᠭᠯᠡᠭᠡ ᠪᠤᠯᠤᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠡᠯᠡ | ᠤᠷᠤᠭᠤᠯᠤᠯᠳᠠ ᠠᠭᠠᠵᠢᠮ ᠢᠶᠠᠷ ᠰᠠᠶᠢᠵᠢᠷᠠᠬᠤ ᠬᠠᠨᠳᠤᠰᠢ ᠲᠠᠢ ᠪᠠᠶᠢᠨ᠎ᠠ ᠭᠡᠵᠡᠢ᠃ | ᠹᠦ᠋ ᠯᠢᠩ ᠬᠤᠶ ᠢᠯᠡᠷᠬᠡᠶᠢᠯᠡᠬᠦ ᠳᠡᠭᠡᠨ᠂ ᠣᠳᠣᠬᠠᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠶᠡᠷᠦᠩᠬᠡᠢ ᠳᠡᠭᠡᠨ ᠲᠣᠬᠢᠷᠠᠭᠤᠯᠤᠯᠲᠠ ᠶᠢᠨ ᠱᠠᠲᠤᠨ ᠳᠤ ᠣᠷᠣᠰᠢᠵᠤ᠂ ᠬᠡᠰᠡᠭ ᠭᠡᠷ ᠪᠠᠶᠢᠰᠢᠩ ᠭᠠᠵᠠᠷ | ᠬᠥᠷᠥᠩᠭᠡ ᠶᠢᠨ ᠠᠵᠤ ᠠᠬᠤᠶᠢᠯᠠᠯ ᠤᠨ ᠡᠵᠡᠩᠨᠡᠯᠲᠡ ᠳᠤ ᠵᠣᠬᠢᠬᠤ ᠬᠦᠴᠢᠷᠳᠡᠯ ᠲᠤᠯᠭᠠᠷᠠᠵᠤ ᠪᠠᠶᠢᠨ᠎ᠠ᠂ ᠢᠯᠠᠩᠭᠤᠶ᠎ᠠ | ᠵᠠᠷᠢᠮ ᠭᠡᠷ ᠪᠠᠶᠢᠰᠢᠩ ᠭᠠᠵᠠᠷ ᠬᠥᠷᠥᠩᠭᠡ ᠵᠢᠨᠬᠥ᠋ᠲᠥᠴᠢ ᠠᠵᠤ ᠠᠬᠤᠶᠢᠯᠠᠯ ᠤᠨ ᠥᠷᠢ ᠥᠭᠴᠡᠭᠡ ᠶᠢᠨ ᠲᠦᠭᠰᠢᠭᠦᠷᠢ | ᠡᠳᠦᠢ ᠲᠡᠳᠦᠢ ᠢᠯᠡᠷᠡᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠨᠥᠯᠥᠭᠡᠯᠡᠵᠦ ᠪᠠᠶᠢᠨ᠎ᠠ᠂ ᠭᠡᠪᠡᠴᠦ ᠡᠲᠡᠭᠡᠷ | ᠠᠰᠠᠭᠤᠳᠠᠯ ᠪᠣᠯ ᠱᠠᠲᠤ ᠦᠶ᠎ᠡ ᠶᠢᠨ ᠴᠢᠨᠠᠷᠲᠠᠢ ᠭᠡᠳᠡᠭ ᠢ ᠣᠯᠵᠤ ᠬᠠᠷᠠᠬᠤ ᠬᠡᠷᠡᠭᠲᠡᠢ᠂ ᠵᠠᠬ᠎ᠠ ᠳᠡᠯᠭᠡᠭᠦᠷ ᠤᠨ | ᠲᠣᠬᠢᠷᠠᠭᠤᠯᠤᠯᠲᠠ ᠶᠢᠨ ᠲᠣᠭᠲᠠᠴᠠ ᠶᠢᠨ ᠠᠯᠬᠤᠮ ᠠᠯᠬᠤᠮ ᠢᠶᠠᠷ ᠦᠢᠯᠡᠳᠦᠯ ᠢᠶᠠᠨ ᠪᠠᠳᠠᠷᠠᠭᠤᠯᠬᠤ ᠶᠢ ᠳᠠᠭᠠᠯᠳᠤᠨ᠂ | ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ | ᠰᠢᠯᠢᠳᠡᠭᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠲᠦᠭᠰᠢᠭᠦᠷᠢ ᠶᠢ ᠢᠳᠡᠭ | ᠢᠳᠡᠭ ᠢᠶᠠᠷ ᠠᠷᠢᠯᠭᠠᠨ᠎ᠠ ᠭᠡᠵᠡᠢ᠃ | ︽ᠣᠶᠢᠷ᠎ᠠ ᠶᠢᠨ ᠬᠤᠭᠤᠴᠠᠭᠠᠨ ᠳᠤ᠂ ᠪᠡᠭᠡᠵᠢᠩ ᠱᠠᠩᠬᠠᠢ ᠭᠤᠸᠠᠩᠵᠧᠦ ᠱᠧᠨᠵᠧᠨ ᠵᠡᠷᠭᠡ ᠲᠠᠷᠢᠭᠦᠨ ᠤ | ᠬᠤᠲᠠ ᠶᠢᠨ ᠬᠢᠨ ᠵᠠᠶᠢᠯᠠᠰᠢ ᠦᠭᠡᠢ᠂ ᠰᠠᠶᠢᠵᠢᠷᠠᠭᠤᠯᠤᠯᠲᠠ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ | ᠳᠡᠮᠵᠢᠵᠦ ᠨᠠᠩ ᠰᠠᠶᠢᠨ ᠬᠠᠩᠭᠠᠨ᠎ᠠ ᠭᠡᠵᠦ ᠤᠷᠢᠶᠠᠯᠠᠪᠠ᠃ ᠬᠤᠶᠠᠳᠤᠭᠠᠷ ᠭᠤᠷᠪᠠᠳᠤᠭᠠᠷ ᠳᠡᠰ ᠤᠨ ᠬᠡᠰᠡᠭ | ᠬᠤᠲᠠ ᠨᠤᠭᠤᠳ ᠪᠠᠰᠠ ᠭᠡᠷ ᠪᠠᠶᠢᠰᠢᠩ ᠭᠠᠵᠠᠷ ᠬᠥᠷᠥᠩᠭᠡ ᠶᠢ ᠲᠣᠬᠢᠷᠠᠭᠤᠯᠤᠨ ᠡᠵᠡᠮᠳᠡᠬᠦ ᠰᠢᠨ᠎ᠡ ᠲᠥᠷᠥ ᠶᠢᠨ | ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ ᠪᠠᠶᠢᠨ᠎ᠠ᠂ ᠡᠯ᠎ᠡ ᠭᠠᠵᠠᠷ ᠤᠨ ᠭᠡᠷ ᠪᠠᠶᠢᠰᠢᠩ ᠭᠠᠵᠠᠷ ᠬᠥᠷᠥᠩᠭᠡ ᠶᠢᠨ | ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠬᠦ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ | ᠰᠡᠷᠭᠦᠯᠲᠡ ᠰᠠᠶᠢᠵᠢᠷᠠᠬᠤ ᠶᠢ ᠳᠠᠭᠠᠯᠳᠤᠨ᠂ ᠰᠠᠭᠤᠭᠠᠯᠢ ᠠᠷᠠᠳ ᠤᠨ ᠣᠷᠣᠯᠭ᠎ᠠ ᠨᠡᠮᠡᠭᠳᠡᠵᠦ᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠢᠯᠡᠳᠲᠡ ᠦᠷ᠎ᠡ ᠪᠦᠲᠦᠮᠵᠢ ᠣᠯᠵᠤ᠂ | ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠡᠷᠡᠭᠯᠡᠭᠡ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ | ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠦᠰᠡᠯ ᠠᠯᠬᠤᠮ ᠠᠯᠬᠤᠮ ᠢᠶᠠᠷ ᠰᠠᠶᠢᠵᠢᠷᠠᠬᠤ ᠪᠣᠯᠣᠮᠵᠢ ᠲᠠᠢ ᠪᠠᠶᠢᠨ᠎ᠠ︾ | ᠭᠡᠵᠦ ᠹᠦ᠋ ᠯᠢᠩ ᠬᠤᠶ ᠬᠡᠯᠡᠵᠡᠢ᠃ | ᠢᠷᠡᠯᠲᠡ᠄ ᠠᠷᠠᠳ ᠤᠨ ᠰᠦᠯᠵᠢᠶ᠎ᠡ |