﹇ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠥᠪᠯᠡᠯᠭᠡ ᠦᠢᠯᠡᠴᠢᠯᠡᠭᠡ﹈ ᠪᠠᠶᠢᠩᠭᠤ ᠲᠣᠬᠢᠶᠠᠯᠳᠤᠳᠠᠭ ᠠᠰᠠᠭᠤᠳᠠᠯ ᠤᠨ ᠬᠠᠷᠢᠭᠤᠯᠲᠠ ︵2023 ᠣᠨ ᠤ ᠠᠷᠪᠠᠨ ᠨᠢᠭᠡᠳᠦᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2023/8/24
      ᠠᠵᠢᠯᠲᠠᠨ ᠤ ᠬᠢᠷᠢ ᠬᠡᠮ ᠤᠨ ᠲᠥᠷᠥᠯ ᠤᠨ ᠬᠢᠨᠠᠨ ᠵᠥᠪᠰᠢᠶᠡᠷᠡᠬᠦ ᠵᠦᠢᠯᠡᠰ ᠤᠨ ᠬᠠᠯᠠᠭᠤᠷᠠᠯ ᠠᠰᠠᠬᠤᠳᠠᠯ ᠤᠨ ᠲᠤᠬᠠᠢ ᠬᠠᠷᠦᠭᠤᠯᠳᠠ       ᠮᠠᠨ ᠤ ᠣᠷᠣᠨ ᠤ ᠠᠶᠦᠯᠬᠦᠢ ᠶᠢᠨ ᠬᠠᠮᠢᠶᠠᠷᠤᠯᠲᠠ ᠶᠢᠨ ᠠᠵᠢᠯᠲᠠᠨ᠂ ᠣᠨᠴᠠ ᠲᠥᠷᠥᠯ ᠤᠨ ᠠᠵᠢᠯ ᠬᠢᠭᠰᠡᠳ᠂ ᠳᠠᠩᠰᠠᠯᠠᠭᠤᠯᠤᠭᠰᠠᠳ ᠤᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠵᠢᠴᠢ ᠣᠯᠠᠨ ᠲᠦᠮᠡᠨ ᠢ ᠬᠠᠪᠰᠤᠷᠤᠨ ᠠᠵᠢᠯᠲᠠᠨ ᠤ ᠬᠢᠷᠢ ᠬᠡᠮ ᠤᠨ ᠲᠥᠷᠥᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠴᠤᠪᠤᠷᠠᠯ ᠢ ᠡᠵᠡᠮᠰᠢᠭᠦᠯᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠣᠶᠢᠷ᠎ᠠ ᠶᠢᠨ ᠬᠤᠭᠤᠴᠠᠭᠠᠨ ᠤ ᠯᠠᠪᠯᠠᠭ᠎ᠠ ᠶᠢᠨ ᠬᠠᠯᠠᠮᠰᠢᠯ ᠠᠰᠠᠭᠤᠳᠠᠯ ᠢ ᠡᠮᠬᠢᠯᠡᠨ ᠳᠢᠭᠯᠡᠵᠦ᠂ ᠡᠳᠦᠭᠡ ᠬᠠᠮᠢᠶ᠎ᠠ ᠪᠦᠬᠦᠢ ᠠᠰᠠᠭᠤᠳᠠᠯ ᠤᠨ ᠬᠠᠷᠢᠭᠤᠯᠲᠠ ᠵᠢᠴᠢ ᠭᠦᠢᠴᠡᠳᠬᠡᠬᠦ ᠵᠦᠭᠯᠡᠭᠦᠷ ᠢ ᠳᠣᠣᠷᠠᠬᠢ ᠮᠡᠲᠦ ᠨᠡᠶᠢᠲᠡᠯᠡᠶ᠎ᠡ᠄       ᠨᠢᠭᠡ᠂ ᠬᠢᠨᠠᠨ ᠬᠠᠮᠢᠶᠠᠷᠤᠯᠳᠠ ᠶᠢᠨ ᠢᠨᠵᠧᠨᠧᠷ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ       1᠂ ᠬᠡᠷᠬᠢᠨ ᠲᠡᠮᠳᠡᠭᠯᠡᠨ ᠭᠦᠢᠴᠡᠳᠭᠡᠬᠦ ᠪᠣᠶ︖       ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠶᠢ ᠬᠠᠶᠢᠵᠦ᠂ ᠳᠠᠩᠰᠠᠯᠠᠬᠤ ᠶᠢᠨ ᠬᠠᠮᠲᠤ ᠲᠡᠮᠳᠡᠭᠯᠡᠨ᠎ᠡ᠃ ᠯᠠᠪᠯᠠᠬᠤ ᠤᠲᠠᠰᠤ᠄ 010-58934213/010-58934446᠃      2᠂ ᠠᠵᠤ ᠠᠬᠤᠶᠢᠯᠠᠯ ᠤᠨ ᠦᠨᠡᠨ ᠨᠡᠷ᠎ᠡ ᠶᠢᠨ ᠨᠤᠳᠠᠯᠠᠯᠳᠠ ᠶᠢ ᠬᠡᠷᠬᠢᠨ ᠭᠦᠢᠴᠡᠳᠬᠡᠬᠦ ᠪᠣᠶ︖      ᠠᠵᠤ ᠠᠬᠤᠶᠢᠯᠠᠯ ᠤᠳ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠵᠢᠯ ᠡᠷᠭᠢᠯᠡᠬᠦ ᠬᠢᠷᠢ ᠬᠡᠮ ᠤᠨ ᠳᠠᠩᠰᠠᠯᠠᠯᠲᠠ ᠶᠢᠨ ᠲᠥᠪ ︵https://www.pqrc.org.cn︾ ᠤᠨ ᠠᠯᠪᠠᠨ ᠤ ᠰᠦᠯᠵᠢᠶ᠎ᠡ ᠳᠤ ︽ᠳᠡᠩᠰᠡᠯᠡᠵᠦ ᠬᠢᠨᠠᠨ ᠬᠠᠮᠢᠶᠠᠷᠤᠯᠳᠠ ᠶᠢᠨ ᠢᠨᠵᠧᠨᠧᠷ ᠤᠨ ᠬᠠᠮᠢᠶᠠᠷᠤᠯᠲᠠ ᠶᠢᠨ ᠰᠢᠰᠲ᠋ᠧᠮ︾ ᠢ ᠲᠣᠪᠴᠢᠳᠠᠨ᠂ ᠮᠡᠳᠡᠭᠡ ᠵᠠᠩᠭᠢ ᠪᠠᠨ ᠲᠠᠭᠯᠠᠨ ᠲᠤᠰᠢᠶᠠᠭᠰᠠᠨ ᠤ ᠳᠠᠷᠠᠭ᠎ᠠ᠂ ᠮᠤᠵᠢ ᠶᠢᠨ ᠱᠠᠲᠤᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠳᠠᠷᠤᠢ ᠭᠦᠢᠴᠡᠳᠬᠡᠵᠦ ᠪᠣᠯᠣᠨ᠎ᠠ᠃ᠯᠠᠪᠯᠠᠬᠤ ᠤᠲᠠᠰᠤ᠄ 0471-6945002᠃       3᠂ ︽ᠠᠵᠤ ᠠᠬᠤᠶᠢᠯᠠᠯ ᠤᠨ ᠦᠯᠡᠳᠡᠭᠡᠭᠰᠡᠨ ᠭᠠᠷ ᠤᠲᠠᠰᠤᠨ ᠤ ᠨᠣᠮᠧᠷ ᠢ ᠥᠭᠡᠷᠡᠴᠢᠯᠡᠬᠦ︾ ᠭᠠᠷ ᠭᠦᠢᠴᠡᠳᠬᠡᠯ ᠢ ᠬᠡᠷᠬᠢᠨ ᠭᠦᠢᠴᠡᠳᠬᠡᠬᠦ ᠪᠣᠶ︖      ᠡᠵᠡᠩᠨᠡᠯᠲᠡ ᠶᠢᠨ ᠦᠨᠡᠮᠯᠡᠯ᠂ ᠪᠠᠶᠢᠳᠠᠯ ᠤᠨ ᠲᠣᠳᠣᠷᠬᠠᠶᠢᠯᠠᠯᠲᠠ ᠶᠢ ᠠᠪᠴᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠲᠠᠪᠬᠤᠷᠯᠢᠭ ᠤᠨ ᠶᠡᠷᠦᠩᠬᠡᠶᠢᠯᠡᠭᠰᠡᠨ ᠴᠤᠩᠬᠤᠪᠴᠢ ᠳᠤ ᠭᠦᠢᠴᠡᠳᠬᠡᠨ᠎ᠡ᠃       ᠰᠢᠤᠳᠠᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ︵ᠸᠠᠨ ᠲᠦᠩ ᠵᠠᠮ ᠬᠢᠭᠡᠳ ᠴᠡᠯᠡᠭᠡᠷ ᠲᠠᠯ᠎ᠠ ᠶᠡᠭᠡ ᠵᠡᠭᠡᠯᠢ ᠶᠢᠨ ᠠᠭᠤᠯᠵᠠᠷ ᠤᠨ ᠵᠡᠭᠦᠨ ᠡᠮᠦᠨ᠎ᠡ ᠥᠨᠴᠥᠭ︶ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ 13 ᠳ᠋ᠤᠭᠠᠷ ᠳᠠᠪᠬᠤᠷᠯᠢᠭ ᠤᠨ ᠶᠡᠷᠦᠩᠬᠡᠶᠢᠯᠡᠭᠰᠡᠨ ᠴᠤᠩᠬᠤᠪᠴᠢ᠃ᠬᠠᠷᠢᠯᠴᠠᠬᠤ ᠤᠲᠠᠰᠤ᠄ 0471-6945002᠃       4᠂ ᠬᠢᠨᠠᠨ ᠬᠠᠮᠢᠶᠠᠷᠤᠯᠳᠠ ᠶᠢᠨ ᠢᠨᠵᠧᠨᠧᠷ ᠤᠨ ᠳᠡᠩᠰᠡᠯᠡᠵᠦ ᠬᠢᠨᠠᠨ ᠬᠠᠷᠭᠤᠭᠤᠯᠬᠤ ᠬᠤᠯᠪᠣᠭᠳᠠᠯ ᠪᠦᠬᠦᠢ ᠶᠪᠤᠳᠠᠯ ᠢ ᠬᠡᠷᠬᠢᠨ ᠠᠰᠠᠭᠤᠨ ᠯᠠᠪᠯᠠᠬᠤ ᠪᠣᠶ︖      ᠳᠠᠩᠰᠠᠯᠠᠭᠤᠯᠤᠭᠰᠠᠨ ᠬᠢᠨᠠᠨ ᠬᠠᠮᠢᠶᠠᠷᠤᠯᠳᠠ ᠶᠢᠨ ᠢᠨᠵᠧᠨᠧᠷ ᠤᠨ ᠬᠢᠨᠠᠨ ᠵᠥᠪᠰᠢᠶᠡᠷᠡᠬᠦ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠵᠢᠯ ᠡᠷᠭᠢᠯᠡᠬᠦ ᠬᠢᠷᠢ ᠬᠡᠮ ᠢ ᠳᠠᠩᠰᠠᠯᠠᠬᠤ ᠲᠥᠪ ᠠᠴᠠ ᠬᠠᠷᠢᠭᠤᠴᠠᠵᠤ᠂ ᠬᠠᠮᠢᠶ᠎ᠠ ᠪᠦᠬᠦᠢ ᠵᠦᠢᠯᠡᠰ ᠢ ︽ᠳᠠᠩᠰᠠᠯᠠᠭᠤᠯᠤᠭᠰᠠᠨ ᠬᠢᠨᠠᠨ ᠬᠠᠮᠢᠶᠠᠷᠤᠯᠳᠠ ᠶᠢᠨ ᠢᠨᠵᠧᠨᠧᠷ ᠤᠨ ᠬᠠᠮᠢᠶᠠᠷᠤᠯᠲᠠ ᠶᠢᠨ ᠰᠢᠰᠲ᠋ᠧᠮ︾ ᠳᠤ ᠨᠠᠷᠢᠪᠴᠢᠯᠠᠨ ᠦᠵᠡᠭᠡᠷᠡᠢ᠃ᠯᠠᠪᠯᠠᠬᠤ ᠤᠲᠠᠰᠤ᠄ 010-68362887 / 010-68313292᠃      5᠂ ᠬᠢᠨᠠᠨ ᠬᠠᠮᠢᠶᠠᠷᠤᠯᠳᠠ ᠶᠢᠨ ᠢᠨᠵᠧᠨᠧᠷ ᠤᠨ ᠳᠠᠩᠰᠠᠯᠠᠭᠤᠯᠤᠭᠰᠠᠨ ᠦᠨᠡᠮᠯᠡᠯ ︵ᠬᠤᠪᠢᠷᠠᠭᠤᠯᠬᠤ᠂ ᠦᠷᠭᠦᠯᠵᠢᠯᠡᠭᠦᠯᠬᠦ︶ ᠢ ᠬᠡᠷᠬᠢᠨ ᠭᠦᠢᠴᠡᠳᠭᠡᠬᠦ ᠪᠣᠶ︖      ᠰᠢᠰᠲ᠋ᠧᠮ ᠤᠨ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠰᠦᠯᠵᠢᠶ᠎ᠡ ︱ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠤᠰᠬᠠᠢ ᠪᠤᠯᠤᠩ ︱ ᠦᠨᠡᠮᠯᠡᠯ ᠢ ᠠᠪᠴᠤ ᠬᠡᠷᠡᠭᠯᠡᠬᠦ ᠶᠢ ᠮᠡᠳᠡᠭᠳᠡᠯ ᠢ ᠠᠩᠬᠠᠷᠤᠭᠠᠷᠠᠢ᠃      ᠬᠤᠪᠢ ᠬᠥᠮᠥᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠭᠰᠠᠨ ᠤ ᠳᠠᠷᠠᠭ᠎ᠠ᠂ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠢᠶᠠᠨ ᠠᠪᠴᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠲᠠᠪᠬᠤᠷᠯᠢᠭ ᠤᠨ ᠶᠡᠷᠦᠩᠬᠡᠶᠢᠯᠡᠭᠰᠡᠨ ᠴᠤᠩᠬᠤᠪᠴᠢ ᠳᠤ ᠭᠦᠢᠴᠡᠳᠬᠡᠨ᠎ᠡ᠃      ᠯᠠᠪᠯᠠᠬᠤ ᠤᠲᠠᠰᠤ᠄ 0471-6945002᠃︵︽ᠦᠨᠡᠮᠯᠡᠯ ᠠᠪᠴᠤ ᠬᠡᠷᠡᠭᠯᠡᠬᠦ ᠮᠡᠳᠡᠭᠳᠡᠯ︾ ᠤᠨ ᠳᠠᠭᠠᠯᠳᠤᠭᠤᠯᠤᠯ ᠳᠤ ︽ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︾ ᠢ ᠪᠠᠭᠤᠯᠭᠠᠨ ᠠᠪᠴᠤ ᠪᠣᠯᠣᠨ᠎ᠠ︶      ︵ᠬᠤᠶᠠᠷ︶ ᠣᠶᠢᠷ᠎ᠠ ᠶᠢᠨ ᠬᠤᠭᠤᠴᠠᠭᠠᠨ ᠤ ᠬᠠᠯᠠᠮᠰᠢᠯ ᠠᠰᠠᠭᠤᠳᠠᠯ ᠤᠨ ᠲᠤᠬᠠᠢ ᠠᠰᠠᠭᠤᠯᠲᠠ ᠬᠠᠷᠢᠭᠤᠯᠳᠠ      ᠬᠤᠶᠠᠷ᠂ ᠪᠠᠷᠢᠯᠭ᠎ᠠ ᠶᠢᠨ ᠠᠵᠢᠯ ᠬᠢᠬᠦ ᠣᠨᠴᠠ ᠲᠥᠷᠥᠯ ᠤᠨ ᠠᠵᠢᠯ ᠬᠢᠭᠰᠡᠳ ᠢ ᠰᠢᠯᠭᠠᠨ ᠦᠨᠡᠯᠡᠬᠦ ᠬᠠᠮᠢᠶ᠎ᠠ ᠪᠦᠬᠦᠢ ᠲᠤᠬᠠᠶᠢᠯᠠᠭᠰᠠᠨ ᠠᠵᠢᠯ       1᠂ ᠪᠠᠷᠢᠯᠭ᠎ᠠ ᠶᠢᠨ ᠠᠵᠢᠯ ᠤᠨ ᠣᠨᠴᠠ ᠲᠦᠷᠦᠯ ᠤᠨ ᠠᠵᠢᠯ ᠬᠢᠭᠰᠡᠳ ᠢ ᠰᠢᠯᠭᠠᠨ ᠦᠨᠡᠯᠡᠬᠦ ᠶᠢ ᠬᠡᠷᠬᠢᠨ ᠭᠦᠢᠴᠡᠳᠬᠡᠬᠦ ᠪᠤᠢ︖       ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ︱ ᠰᠢᠭᠤᠳ ᠨᠡᠪᠲᠡᠷᠡᠬᠦ ᠰᠠᠯᠠᠭ᠎ᠠ ᠮᠥᠴᠢᠷ ︱ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠭᠠᠷᠤᠭᠠᠷᠠᠢ᠃      2᠂ ᠪᠠᠷᠢᠯᠭ᠎ᠠ ᠶᠢᠨ ᠠᠵᠢᠯ ᠤᠨ ᠣᠨᠴᠠ ᠲᠥᠷᠥᠯ ᠤᠨ ᠠᠵᠢᠯ ᠬᠢᠭᠰᠡᠳ ᠢ ᠬᠡᠷᠬᠢᠨ ᠰᠢᠯᠭᠠᠨ ᠦᠨᠡᠯᠡᠬᠦ ᠡᠯᠧᠺᠲᠷᠣᠨ ᠦᠨᠡᠮᠯᠡᠯ ᠤᠨ ᠰᠢᠷᠪᠢᠯᠲᠡ ᠶᠢᠨ ᠨᠣᠮᠧᠷ ᠢ ᠬᠡᠷᠬᠢᠨ ᠬᠡᠷᠡᠭᠯᠡᠬᠦ ᠪᠣᠶ︖      ᠸᠢᠴᠠᠲ ᠤᠨ ᠵᠢᠵᠢᠭ ᠫᠷᠣᠭ᠍ᠷᠠᠮ ᠳᠤ ︽ᠪᠥᠬᠦ ᠤᠯᠤᠰ ᠤᠨ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ︾ ᠢ  ᠬᠠᠶᠢᠵᠤ᠂ ᠡᠯᠧᠺᠲᠷᠣᠨ ᠦᠨᠡᠮᠯᠡᠯ ᠳᠡᠭᠡᠷᠡᠬᠢ ᠬᠤᠶᠠᠷ ᠬᠡᠮᠵᠢᠯᠲᠦ ᠺᠤᠳ᠋ ᠢ ᠰᠢᠷᠪᠢᠪᠡᠯ ᠪᠣᠯᠴᠢᠬᠠᠨ᠎ᠠ᠃      3᠂ ᠪᠠᠷᠢᠯᠭ᠎ᠠ ᠶᠢᠨ ᠠᠵᠢᠯ ᠤᠨ ᠣᠨᠴᠠ ᠲᠥᠷᠥᠯ ᠤᠨ ᠠᠵᠢᠯ ᠬᠢᠭᠰᠡᠳ ᠢ ᠰᠢᠯᠭᠠᠨ ᠦᠨᠡᠯᠡᠬᠦ ᠢ ᠭᠤᠶᠤᠴᠢᠯᠠᠬᠤ ᠦᠶ᠎ᠡ ᠳᠤ᠂ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠳᠤ ᠶᠠᠮᠠᠷ ᠱᠠᠭᠠᠷᠳᠠᠯᠭ᠎ᠠ ᠲᠠᠢ ᠪᠣᠶ︖      ︽ᠪᠠᠷᠢᠯᠭ᠎ᠠ ᠶᠢᠨ ᠠᠵᠢᠯ ᠤᠨ ᠣᠨᠴᠠ ᠲᠦᠷᠦᠯ ᠤᠨ ᠠᠵᠢᠯ ᠬᠢᠭᠰᠡᠳ ᠢ ᠰᠢᠯᠭᠠᠨ ᠦᠨᠡᠯᠡᠬᠦ ᠠᠵᠢᠯ ᠤᠨ ᠲᠤᠬᠠᠢ ᠬᠡᠷᠡᠭᠵᠢᠭᠦᠯᠬᠦ ᠰᠠᠨᠠᠯ︾ ︵ᠪᠠᠶᠢᠭᠤᠯᠤᠯᠳᠠ ᠠᠯᠪᠠᠨ ᠴᠢᠨᠠᠷ ﹇2008﹈ 41 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠢᠯᠭᠠᠨ ᠦᠨᠡᠯᠡᠬᠦ ᠳᠤ ᠣᠷᠣᠯᠴᠠᠭᠰᠠᠳ ︽ᠣᠶᠢᠷ᠎ᠠ ᠶᠢᠨ ᠭᠤᠷᠪᠠᠨ ᠰᠠᠷ᠎ᠠ ᠶᠢᠨ ᠲᠤᠳᠤᠷᠠᠬᠢ ᠬᠤᠶᠠᠳᠤᠭᠠᠷ ᠳᠡᠰ ᠤᠨ ᠬᠥᠬᠡᠭᠴᠢᠨ ᠵᠡᠷᠭᠡ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠪᠠᠶᠢᠴᠠᠭᠠᠯᠲᠠ ᠪᠠᠷ ᠳᠠᠮᠵᠢᠭᠠᠳ ᠬᠢᠷᠢ ᠲᠡᠩᠴᠡᠭᠰᠡᠨ ᠪᠥᠭᠡᠳ ᠵᠣᠬᠢᠴᠠᠩᠭᠤᠢ ᠣᠨᠴᠠ ᠲᠦᠷᠦᠯ ᠤᠨ ᠠᠵᠢᠯ ᠬᠢᠬᠦ ᠶᠢ ᠬᠠᠷᠰᠢᠯᠠᠬᠤ ᠦᠭᠡᠢ ᠡᠪᠡᠳᠴᠢᠨ ᠡᠮᠭᠡᠭ ᠪᠠ ᠪᠡᠶ᠎ᠡ ᠮᠠᠬᠠᠪᠤᠳ ᠤᠨ ᠵᠡᠷᠡᠮᠳᠡᠭ ᠪᠢᠰᠢ︾ ᠬᠡᠷᠡᠴᠢ ᠶᠢ ᠬᠠᠩᠭᠠᠬᠤ ᠬᠡᠷᠡᠭᠲᠡᠢ᠃       ᠡᠶᠢᠮᠦ ᠠᠴᠠ ᠪᠡᠶ᠎ᠡ ᠶᠢᠨ ᠪᠠᠶᠢᠴᠠᠭᠠᠯᠲᠠ ᠶᠢᠨ ᠴᠠᠭ ᠵᠢᠴᠢ ᠪᠡᠶ᠎ᠡ ᠶᠢᠨ ᠪᠠᠶᠢᠴᠠᠭᠠᠯᠲᠠ ᠶᠢᠨ ᠡᠮᠨᠡᠯᠭᠡ ᠶᠢᠨ ᠬᠤᠷᠢᠶᠠᠨ ᠤ ᠵᠡᠷᠭᠡ ᠳᠡᠰ ᠨᠢ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠢ ᠬᠠᠩᠭᠠᠬᠤ ᠬᠡᠷᠡᠭᠳᠡᠢ᠃      4᠂ ᠪᠠᠷᠢᠯᠭ᠎ᠠ ᠶᠢᠨ ᠠᠵᠢᠯ ᠤᠨ ᠣᠨᠴᠠ ᠲᠥᠷᠥᠯ ᠤᠨ ᠠᠵᠢᠯ ᠬᠢᠭᠰᠡᠳ ᠤᠨ ᠰᠢᠯᠭᠠᠨ ᠦᠨᠡᠯᠡᠬᠦ ᠢ ᠬᠤᠶᠢᠰᠢᠯᠠᠭᠤᠯᠤᠨ ᠳᠠᠬᠢᠨ ᠬᠢᠨᠠᠵᠤ ᠪᠠᠲᠤᠯᠠᠭᠰᠠᠨ ᠤ ᠳᠠᠷᠠᠭ᠎ᠠ ᠰᠢᠨ᠎ᠡ ᠦᠨᠡᠮᠯᠡᠯ ᠢ ᠬᠡᠷᠬᠢᠨ ᠠᠪᠬᠤ ᠪᠣᠶ︖      ᠣᠨ ᠤ ᠪᠣᠯᠪᠠᠰᠤᠷᠠᠭᠤᠯᠤᠯ ᠤᠨ ᠰᠤᠷᠤᠯᠴᠠᠯᠭ᠎ᠠ ᠳᠠᠭᠤᠰᠤᠭᠰᠠᠨ ᠤ ᠳᠠᠷᠠᠭ᠎ᠠ ᠬᠤᠭᠤᠴᠠᠭ᠎ᠠ ᠬᠤᠶᠢᠰᠢᠯᠠᠭᠤᠯᠤᠨ ᠳᠠᠬᠢᠨ ᠬᠢᠨᠠᠭᠤᠯᠬᠤ ᠭᠤᠶᠤᠴᠢᠯᠠᠯ ᠢᠶᠠᠨ ᠲᠤᠰᠢᠶᠠᠵᠤ᠂ ᠬᠤᠭᠤᠴᠠᠭ᠎ᠠ ᠬᠤᠶᠢᠰᠢᠯᠠᠭᠤᠯᠤᠨ ᠳᠠᠬᠢᠨ ᠬᠢᠨᠠᠭᠠᠳ ᠪᠠᠲᠤᠯᠠᠭᠳᠠᠭᠰᠠᠨ ᠤ ᠳᠠᠷᠠᠭ᠎ᠠ᠂ ᠤᠤᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ ᠤ ᠲᠠᠷᠠᠭ᠎ᠠ ᠰᠢᠨ᠎ᠡ ᠦᠨᠡᠮᠯᠡᠯ ᠢ ᠲᠡᠷᠡ ᠳᠠᠷᠤᠢ ᠳᠤᠨᠢ ᠪᠦᠷᠢᠯᠳᠦᠨ᠎ᠡ᠃       ︵ᠮᠦᠩᠬᠡ ᠰᠤᠪᠠᠭ ᠳᠠᠬᠢ ᠬᠤᠪᠢ ᠬᠥᠮᠥᠨ ᠤ ︽ᠦᠨᠡᠮᠯᠡᠯ︾ ᠢ ᠠᠩᠬᠠᠷᠤᠭᠠᠷᠠᠢ︶       ᠬᠡᠷᠪᠡ ᠰᠢᠢᠳᠪᠦᠷᠢᠯᠡᠬᠦ ᠶᠠᠪᠤᠴᠠ ᠳᠤ ᠪᠠᠰᠠ ᠬᠦᠴᠢᠷᠳᠡᠯ ᠲᠠᠢ ᠪᠠᠶᠢᠪᠠᠯ᠂ ᠲᠠ ᠪᠠᠰᠠ ᠡᠶᠢᠮᠦ ᠬᠡᠳᠦᠨ ᠲᠠᠯ᠎ᠠ ᠪᠠᠷ ᠰᠢᠢᠳᠪᠦᠷᠢᠯᠡᠵᠦ ᠪᠣᠯᠣᠨ᠎ᠠ᠄      1᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠤ ᠰᠦᠯᠵᠢᠶ᠎ᠡ ︱ ᠲᠤᠰᠬᠠᠢ ᠰᠡᠳᠦᠪᠲᠦ ᠲᠤᠰᠬᠠᠢ ᠪᠤᠯᠤᠩ ︱ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠤᠰᠬᠠᠢ ᠪᠤᠯᠤᠩ ︱ ᠪᠠᠶᠢᠩᠭᠤ ᠲᠣᠬᠢᠶᠠᠯᠳᠤᠬᠤ ᠠᠰᠠᠭᠤᠳᠠᠯ ᠳᠤ ᠭᠠᠷᠴᠤ᠂ ᠬᠠᠮᠢᠶ᠎ᠠ ᠪᠦᠬᠦᠢ ᠠᠭᠤᠯᠭ᠎ᠠ ᠶᠢ ᠪᠠᠶᠢᠴᠠᠭᠠᠨ ᠯᠠᠪᠯᠠᠨ᠎ᠠ᠃      2᠂ ᠠᠰᠠᠭᠤᠨ ᠯᠠᠪᠯᠠᠬᠤ ᠤᠲᠠᠰᠤ ᠠᠪᠬᠤ᠄      0471-6945165 ︵ᠲᠥᠷᠥ ᠶᠢᠨ ᠪᠣᠳᠣᠯᠭ᠎ᠠ ᠶᠢᠨ ᠯᠠᠪᠯᠠᠭ᠎ᠠ︶᠂      0471-6945002 ︵ᠦᠨᠡᠮᠯᠡᠯ ᠠᠪᠬᠤ ᠶᠢ ᠣᠷᠣᠯᠠᠨ ᠭᠦᠢᠴᠡᠳᠬᠡᠬᠦ᠂ ᠮᠠᠲ᠋ᠧᠷᠢᠶᠠᠯ ᠪᠠᠶᠢᠴᠠᠭᠠᠨ ᠯᠠᠪᠯᠠᠬᠤ ᠰᠢᠤᠳᠠᠨ ᠢᠶᠠᠷ ᠢᠯᠡᠭᠡᠬᠦ︶
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1