ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠶᠦᠨ ᠵᠦᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠬᠡᠦᠬᠡᠳ ᠤᠨ ᠬᠠᠭᠤᠴᠢᠨ ᠶᠠᠭᠤᠮᠠᠰ ᠤᠨ ᠵᠠᠬ᠎ᠠ ᠳᠡᠯᠭᠡᠭᠦᠷ ᠤᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/28
      ᠬᠡᠦᠬᠡᠳ ᠲᠤ ᠡᠷᠬᠡ ᠲᠡᠭᠰᠢ ᠪᠠᠷ ᠬᠤᠳᠠᠯᠳᠤᠭᠠᠯᠠᠬᠤ ᠶᠢ ᠣᠶᠢᠯᠠᠭᠠᠭᠤᠯᠵᠤ᠂ ᠬᠥᠳᠡᠯᠮᠦᠷᠢ ᠶᠢᠨ ᠬᠤᠷᠢᠶᠠᠯᠲᠠ ᠶᠢᠨ ᠪᠠᠶᠠᠷ ᠪᠠᠶᠠᠰᠤᠯ ᠢ ᠣᠶᠢᠯᠠᠭᠠᠭᠤᠯᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠤᠬᠠᠮᠰᠠᠷ᠂ ᠦᠭᠡ ᠬᠡᠯᠡᠨ ᠤ ᠢᠯᠡᠳᠬᠡᠯ ᠵᠢᠴᠢ ᠨᠡᠶᠢᠭᠡᠮ ᠤᠨ ᠬᠠᠷᠢᠯᠴᠠᠭᠠᠨ ᠤ ᠴᠢᠳᠠᠪᠤᠷᠢ ᠶᠢ ᠪᠣᠳᠠᠰ ᠢᠶᠠᠷ ᠪᠣᠳᠠᠰ ᠢ ᠰᠣᠯᠢᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ ᠠᠬᠤᠢ ᠶᠢ ᠬᠠᠮᠠᠭᠠᠯᠠᠬᠤ ᠠᠮᠢᠳᠤᠷᠠᠯ ᠤᠨ ᠣᠶᠢᠯᠠᠭᠠᠭᠳᠠᠬᠤᠨ ᠢ ᠰᠠᠨᠠᠭᠠᠴᠢᠯᠠᠵᠤ᠂ ᠬᠠᠷᠢᠶᠠᠲᠤ ᠣᠷᠣᠨ ᠤ ᠪᠢᠴᠢᠬᠠᠨ ᠨᠠᠶᠢᠵᠠ ᠨᠠᠷ ᠲᠤ ᠡᠯᠪᠡᠭ ᠪᠠᠶᠠᠯᠢᠭ ᠲᠠᠩᠰᠤᠭ ᠰᠠᠶᠢᠬᠠᠨ ᠪᠠᠶᠠᠷ ᠬᠥᠷ ᠲᠠᠢ ᠠᠮᠠᠷᠠᠯᠲᠠ ᠶᠢᠨ ᠬᠤᠭᠤᠴᠠᠭ᠎ᠠ ᠶᠢ ᠡᠳ᠋ᠯᠠᠭᠦᠯᠬᠦ ᠶᠢᠨ ᠲᠦᠯᠦᠭᠡ᠂ 8 ᠳ᠋ᠤᠠᠭᠷ ᠰᠠᠷ᠎ᠠ ᠶᠢᠨ 25 ᠤ ᠡᠳᠦᠷ᠂ ᠱᠤᠸᠠᠩ ᠾᠧ ᠪᠠᠯᠭᠠᠰᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠪᠣᠯᠣᠨ ᠶᠦᠨ ᠵᠦᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠬᠠᠮᠲᠤᠷᠠᠨ ᠬᠡᠦᠬᠡᠳ ᠤᠨ ᠬᠠᠭᠤᠴᠢᠨ ᠶᠠᠭᠤᠮᠠᠰ ᠤᠨ ᠵᠠᠬ᠎ᠠ ᠳᠡᠯᠭᠡᠭᠦᠷ ᠤᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠡᠢ᠃
     ᠠᠵᠢᠯᠯᠠᠭ᠎ᠠ ᠠᠴᠠ ᠡᠮᠦᠨ᠎ᠡ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠢᠴᠢᠬᠠᠨ ᠨᠠᠶᠢᠵᠠ ᠨᠠᠷ ᠢᠶᠠᠨ ᠳᠠᠭᠠᠭᠤᠯᠤᠨ ᠰᠣᠯᠢᠯᠴᠠᠭᠠᠨ ᠤ ᠳᠦᠷᠢᠮ ᠢ ᠣᠶᠢᠯᠠᠭᠠᠵᠤ᠂ ᠲᠠᠸᠠᠷ ᠪᠣᠷᠣᠯᠠᠭᠤᠯᠬᠤ ᠪᠠ ᠬᠤᠳᠠᠯᠳᠤᠨ ᠠᠪᠬᠤ ᠠᠷᠭ᠎ᠠ ᠶᠢ ᠪᠣᠯᠪᠠᠰᠤᠷᠠᠵᠤ᠂ ᠪᠦᠪᠡᠢ ᠨᠠᠷ ᠠᠪᠤ ᠡᠵᠢ ᠲᠠᠢ ᠪᠠᠨ ᠬᠠᠮᠲᠤ ᠪᠠᠷ ᠳᠡᠯᠭᠡᠭᠦᠷ ᠫᠦᠰᠡ ᠶᠢᠨ ᠰᠢᠨ᠎ᠡ ᠡᠭᠦᠳᠦᠯᠲᠡ ᠶᠢᠨ ᠵᠠᠷᠯᠠᠯ ᠵᠣᠬᠢᠶᠠᠵᠤ᠂ ᠳᠡᠯᠭᠡᠭᠦᠷ ᠤᠨ ᠫᠠᠶᠢᠰᠠ ᠪᠠᠨ ᠵᠠᠯᠭᠠᠭ᠎ᠠ ᠪᠠᠷ ᠭᠠᠷᠭᠠᠵᠤ᠂ ᠰᠢᠨ᠎ᠡ ᠡᠭᠦᠳᠦᠯᠲᠡ ᠶᠢᠨ ᠠᠷᠭ᠎ᠠ ᠪᠠᠷ ᠭᠦᠢᠴᠡᠳ ᠡᠭᠦᠳᠦᠯᠲᠡ ᠶᠢᠨ ᠠᠷᠭ᠎ᠠ ᠲᠠᠢ ᠪᠣᠯᠭᠠᠪᠠ᠃
      ᠳᠡᠯᠭᠡᠭᠡ ᠮᠠᠶᠢᠮᠠᠢ ᠨᠤᠭᠤᠳ᠂ ᠨᠠᠭᠠᠳᠤᠮ ᠤᠨ ᠵᠦᠢᠯ ᠤᠳ ᠨᠢ ᠴᠥᠮ ᠬᠡᠦᠬᠡᠳ ᠤᠳ ᠤᠨ ᠵᠣᠯ ᠵᠢᠷᠭᠠᠯ ᠲᠠᠢ ᠪᠠᠶᠠᠷ ᠬᠥᠷ ᠲᠠᠢ ᠰᠠᠶᠢᠬᠠᠨ ᠴᠠᠭ ᠮᠥᠴᠡ ᠶᠢ ᠬᠤᠷᠠᠮᠳᠤᠭᠤᠯᠵᠠᠢ᠃ ᠨᠢᠭᠡ ᠨᠢᠭᠡ ᠨᠠᠭᠠᠳᠤᠮ ᠤᠨ ᠵᠦᠢᠯ ᠨᠢ ᠶᠠᠭ ᠯᠠ ︽ᠨᠣᠬᠠᠢ ᠶᠢᠨ ᠪᠥᠭᠡᠰᠦ︾ ᠰᠢᠭ ᠢᠶᠠᠷ ᠨᠢᠭᠡ ᠬᠡᠦᠬᠡᠳ ᠤᠨ ᠭᠠᠷ ᠠᠴᠠ ᠨᠦᠭᠦᠭᠡ ᠬᠡᠦᠬᠡᠳ ᠤᠨ ᠭᠠᠷ ᠲᠤ ᠣᠷᠣᠳᠠᠭ ᠃ ᠬᠡᠦᠬᠡᠳ ᠪᠣᠯᠭᠠᠨ ︽ᠲᠤᠤ ᠪᠦᠦ︾ ᠪᠠ ᠰᠣᠯᠢᠯᠴᠠᠭ᠎ᠠ᠂ ᠬᠤᠪᠢᠶᠠᠯᠴᠠᠭ᠎ᠠ ᠶᠢᠨ ᠪᠠᠶᠠᠷ ᠪᠠᠶᠠᠰᠤᠯ ᠢ ᠡᠳ᠋ᠯᠡᠨ᠎ᠡ᠃ ᠰᠤᠯᠠ ᠲᠠᠯᠪᠢᠵᠤ ᠪᠠᠶᠢᠭ᠎ᠠ ᠨᠠᠭᠠᠳᠤᠮ ᠤᠨ ᠵᠦᠢᠯ ᠨᠢ ᠰᠢᠨ᠎ᠡ ᠡᠵᠡᠨ ᠤ ᠭᠠᠷ ᠲᠤ ᠨᠡᠩ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ ᡽ᠪᠢᠴᠢᠬᠠᠨ ᠨᠠᠶᠢᠵᠠ ᠨᠢᠭᠡᠪᠦᠷᠢ ᠴᠥᠮ ᠬᠥᠳᠡᠯᠭᠡᠭᠡᠨ ᠳᠤ ᠢᠳᠡᠪᠬᠢᠲᠡᠢ ᠣᠷᠣᠯᠴᠠᠵᠤ᠂ ᠡᠴᠦᠰ ᠲᠡᠭᠡᠨ ᠪᠠᠰᠠ ᠳᠦᠭᠦᠷᠡᠩ ᠠᠴᠢᠶ᠎ᠠ ᠲᠠᠢ ᠪᠤᠴᠠᠵᠤ ᠢᠷᠡᠳᠡᠭ᠃ ᠥᠪᠡᠷ ᠤᠨ ᠳᠤᠷᠠᠲᠠᠢ ᠶᠠᠭᠤᠮ᠎ᠠ ᠪᠠᠨ ᠣᠯᠣᠭᠰᠠᠨ ᠤ ᠳᠠᠷᠠᠭ᠎ᠠ᠂ ᠵᠢᠵᠢᠭ ᠳᠡᠯᠭᠡᠭᠦᠷᠴᠢᠨ ᠥᠪᠡᠷ ᠤᠨ ᠬᠠᠭᠤᠴᠢᠨ ᠶᠠᠭᠤᠮ᠎ᠠ ᠪᠠᠷ ᠢᠶᠠᠨ ᠵᠣᠭᠤᠰ ᠮᠥᠩᠭᠦ ᠰᠣᠯᠢᠵᠤ ᠠᠪᠴᠢᠷᠠᠭᠰᠠᠨ ᠳᠤ᠂ ᠬᠡᠦᠬᠡᠳ ᠪᠣᠯᠭᠠᠨ ᠤ ᠴᠢᠷᠠᠢ ᠳᠤ ᠪᠠᠶᠠᠷ ᠪᠠᠶᠠᠰᠬᠤᠯᠠᠩ ᠲᠠᠢ ᠪᠥᠭᠡᠳ ᠬᠠᠨᠤᠮᠵᠢᠲᠠᠶ ᠢᠨᠢᠶᠡᠳᠦ ᠪᠢᠯᠬᠠᠨ᠎ᠠ᠃
     ᠰᠤᠷᠭᠠᠨ ᠬᠥᠮᠦᠵᠢᠯ ᠪᠣᠯ ᠠᠮᠢᠳᠤᠷᠠᠯ ᠠᠴᠠ ᠢᠷᠡᠯᠲᠡ ᠲᠠᠢ᠂ ᠠᠮᠢᠳᠤᠷᠠᠯ ᠳᠤ ᠦᠢᠯᠡᠴᠢᠯᠡᠳᠡᠭ᠃ ᠶᠠᠭ ᠲᠤᠤ ᠰᠢᠩ ᡁᠢ ᠠᠪᠤᠭᠠᠢ ᠶᠢᠨ ᠬᠡᠯᠡᠭᠰᠡᠨᠴᠢᠯᠡᠨ᠄ ︽ᠠᠮᠢᠳᠤᠷᠠᠯ ᠪᠣᠯ ᠳᠠᠷᠤᠢ ᠰᠤᠷᠭᠠᠨ ᠬᠥᠮᠦᠵᠢᠯ᠂ ᠨᠡᠶᠢᠭᠡᠮ ᠪᠣᠯ ᠳᠠᠷᠤᠢ ᠰᠤᠷᠭᠠᠨ ᠬᠥᠮᠦᠵᠢᠯ᠂ ᠵᠢᠭᠠᠨ ᠰᠤᠷᠭᠠᠯᠲᠠ ᠶᠢ ᠨᠢᠭᠡᠳᠬᠡᠨ᠎ᠡ︾᠃ ᠦᠢᠯᠡᠳᠦᠯᠭᠡ ᠠᠴᠠ ᠦᠨᠡᠨ ᠶᠣᠰᠣ ᠶᠢ ᠪᠤᠢ ᠪᠣᠯᠭᠠᠬᠤ᠂ ᠰᠡᠳᠬᠢᠬᠦᠢ ᠣᠴᠢ ᠦᠰᠦᠷᠬᠦ᠂ ᠲᠤᠷᠰᠢᠯᠭ᠎ᠠ ᠶᠢᠨ ᠴᠢᠮᠦᠭᠡ ᠶᠢ ᠨᠢᠭᠲᠠᠷᠠᠭᠤᠯᠬᠤ ᠪᠣᠯ ᠰᠤᠷᠤᠯᠴᠠᠯᠭ᠎ᠠ ᠶᠢᠨ ᠳᠤᠮᠳᠠᠬᠢ ᠬᠠᠮᠤᠭ ᠤᠨ ᠰᠢᠭᠤᠳ ᠠᠷᠭ᠎ᠠ ᠵᠠᠮ ᠮᠥᠨ᠃ ᠲᠣᠰ ᠤᠳᠠᠭᠠᠨ ᠤ ᠬᠡᠦᠬᠡᠳ ᠤᠨ ᠬᠠᠭᠤᠴᠢᠨ ᠶᠠᠭᠤᠮᠠᠰ ᠤᠨ ᠵᠠᠬ᠎ᠠ ᠳᠡᠯᠭᠡᠭᠦᠷ ᠤᠨ ᠠᠵᠢᠯᠯᠠᠭ᠎ᠠ ᠨᠢ ᠬᠡᠦᠬᠡᠳ ᠲᠤ ᠳᠡᠯᠭᠡᠭᠦᠷ ᠤᠨ ᠠᠵᠤ ᠠᠬᠤᠢ ᠶᠢ ᠣᠶᠢᠯᠠᠭᠠᠭᠤᠯᠵᠤ᠂ ᠪᠣᠷᠣᠯᠠᠭᠤᠯᠬᠤ᠂ ᠲᠠᠸᠠᠷ ᠬᠤᠳᠠᠯᠳᠤᠨ ᠠᠪᠬᠤ ᠶᠢ ᠰᠤᠷᠭᠠᠵᠤ᠂ ᠪᠣᠷᠤᠯᠠᠭᠤᠯᠭ᠎ᠠ ᠶᠢ ᠠᠬᠢᠭᠤᠯᠬᠤ ᠤᠷᠢᠶ᠎ᠠ ᠯᠣᠽᠦ᠋ᠩ᠂ ᠵᠠᠷ ᠮᠡᠳᠡᠭᠡ᠂ ᠵᠠᠷᠯᠠᠯ ᠵᠢᠷᠤᠵᠤ ᠲᠥᠯᠥᠪᠯᠡᠬᠦ ᠶᠢᠨ ᠲᠡᠳᠦᠢ ᠪᠢᠰᠢ᠂ ᠨᠠᠩ ᠴᠢᠬᠤᠯᠠ ᠨᠢ ᠲᠡᠳᠡᠨ ᠤ ᠨᠡᠪᠲᠡᠷᠡᠯᠴᠡᠵᠦ ᠢᠯᠡᠳᠬᠡᠬᠦ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ᠂ ᠲᠤᠭ᠎ᠠ ᠪᠣᠳᠣᠯᠭ᠎ᠠ ᠶᠢᠨ ᠴᠢᠳᠠᠪᠤᠷᠢ ᠶᠢ ᠪᠣᠯᠪᠠᠰᠤᠷᠠᠭᠤᠯᠬᠤ ᠶᠢᠨ ᠬᠠᠮᠲᠤ ᠪᠠᠰᠠ ᠥᠪᠡᠷ ᠤᠨ ᠰᠥᠰᠥ ᠵᠣᠷᠢᠭ ᠪᠠ ᠨᠡᠶᠢᠭᠡᠮ ᠤᠨ ᠬᠠᠷᠢᠯᠴᠠᠭᠠᠨ ᠤ ᠴᠢᠳᠠᠪᠤᠷᠢ ᠶᠢ ᠪᠣᠯᠪᠠᠰᠤᠷᠠᠭᠤᠯᠵᠠᠢ᠃ ᠵᠠᠯᠭᠠᠭᠠᠳ ᠶᠦᠨ ᠵᠦᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠪᠠᠰᠠ ᠦᠷᠭᠦᠯᠵᠢᠯᠡᠨ ᠨᠡᠩ ᠤᠯᠠᠨ ᠬᠡᠦᠬᠡᠳ ᠲᠤ ᠲᠣᠬᠢᠷᠠᠬᠤ ᠠᠵᠢᠯᠯᠠᠭ᠎ᠠ ᠶᠢ ᠥᠷᠨᠢᠭᠦᠯᠵᠦ᠂ ᠲᠡᠳᠡᠨ ᠢ ᠰᠤᠷᠭᠠᠭᠤᠯᠢ ᠠᠴᠠ ᠭᠠᠷᠭᠠᠵᠤ᠂ ᠨᠡᠶᠢᠭᠡᠮ ᠳᠤ ᠣᠷᠣᠭᠤᠯᠵᠤ᠂ ᠬᠠᠷᠠᠭ᠎ᠠ ᠶᠢ ᠨᠢ ᠥᠷᠭᠡᠳᠬᠡᠵᠦ᠂ ᠨᠡᠶᠢᠭᠡᠮ ᠳᠤ ᠵᠣᠬᠢᠴᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠪᠡᠶᠡᠴᠢᠯᠡᠨ ᠣᠶᠢᠯᠠᠭᠠᠬᠤ ᠳᠤᠮᠳᠠ ᠰᠤᠷᠤᠯᠴᠠᠭᠤᠯᠤᠨ ᠪᠣᠶᠢᠵᠢᠭᠤᠯᠬᠤ ᠪᠣᠯᠣᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1