ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠰᠤᠷᠤᠯᠴᠠᠵᠤ᠂ | ᠪᠠᠶᠢᠴᠠᠭᠠᠬᠤ ᠲᠤᠰᠢᠶᠠᠯᠲᠠᠨ ᠤ ᠰᠤᠳᠤᠯᠤᠨ ᠶᠠᠷᠢᠯᠴᠠᠬᠤ ᠠᠩᠭᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 25 ᠤ ᠡᠳᠦᠷ᠂ ᠲᠣᠭᠲᠠᠬᠤ ᠰᠢᠶᠠᠨ ᠤ ᠪᠠᠶᠢᠴᠠᠭᠠᠬᠤ | ᠬᠤᠷᠢᠶ᠎ᠠ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠤᠨ ︽ᠰᠢᠨ᠎ᠡ ᠴᠠᠭ ᠦᠶ᠎ᠡ ᠶᠢᠨ ᠪᠠᠶᠢᠴᠠᠭᠠᠬᠤ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠶ᠎ᠡ︾ ᠠᠰᠠᠭᠤᠯᠲᠠ ᠬᠠᠷᠢᠭᠤᠯᠲᠠ ᠶᠢᠨ ᠠᠵᠢᠯᠯᠠᠭ᠎ᠠ ᠶᠢ | ᠡᠷᠬᠢᠯᠡᠪᠡ᠃ | ᠠᠵᠢᠯᠯᠠᠭ᠎ᠠ ᠶᠢᠨ ᠳᠤᠮᠳᠠ ᠣᠯᠠᠨ ᠢᠶᠠᠷ ᠢᠶᠠᠨ ︽ᠪᠠᠶᠢᠴᠠᠭᠠᠬᠤ ᠠᠵᠢᠯ ᠤᠨ ᠣᠳᠣᠬᠢᠴᠢᠯᠠᠯᠲᠠ ᠶᠢ ᠬᠡᠷᠬᠢᠨ | ᠣᠶᠢᠯᠠᠭᠠᠬᠤ ᠪᠤᠶ︾ ︽ᠪᠠᠶᠢᠴᠠᠭᠠᠬᠤ ᠠᠵᠢᠯ ᠢ ᠬᠡᠷᠬᠢᠨ ᠣᠶᠢᠯᠠᠭᠠᠬᠤ ᠳᠤ ᠤᠯᠤᠰ ᠲᠥᠷᠥ ᠶᠢᠨ ᠲᠠᠯ᠎ᠠ ᠠᠴᠠ | ᠪᠣᠳᠣᠯᠬᠢᠯᠠᠬᠤ ᠬᠡᠷᠡᠭᠲᠡᠢ᠂ ᠬᠠᠤᠯᠢ ᠪᠠᠷ ᠵᠠᠰᠠᠬᠤ ᠲᠠᠯ᠎ᠠ ᠠᠴᠠ ︽ᠠᠭᠤᠴᠢᠯᠠᠬᠤ ᠪᠠ ᠴᠢᠩᠭ᠎ᠠ ᠰᠢᠳᠬᠡᠬᠦ ᠶᠢ | ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠦᠷᠦ ᠶᠢᠨ ᠪᠣᠳᠣᠯᠭ᠎ᠠ ᠶᠢ ᠬᠡᠷᠬᠢᠨ ᠪᠦᠬᠦ ᠲᠠᠯ᠎ᠠ ᠪᠠᠷ ᠣᠨᠣᠪᠴᠢᠲᠠᠢ | ᠨᠠᠶᠢᠳᠠᠪᠤᠷᠢᠵᠢᠭᠤᠯᠬᠤ ᠪᠤᠢ︖︾᠂ ︽ᠠᠷᠠᠳ ᠤᠯᠠᠨ ᠤ ᠣᠶᠢᠯᠠᠭᠠᠵᠤ ᠪᠣᠯᠬᠤ᠂ ᠪᠣᠳᠠᠲᠤ ᠠᠰᠢᠭ ᠬᠦᠷᠳᠡᠬᠦ | ᠠᠷᠠᠳ ᠤᠨ ᠲᠥᠯᠥᠭᠡ ᠪᠠᠶᠢᠴᠠᠭᠠᠬᠤ ᠶᠢ ᠬᠡᠷᠬᠢᠨ ᠣᠶᠢᠯᠠᠭᠠᠬᠤ︾᠂ ︽ᠬᠠᠤᠯᠢ ᠴᠠᠭᠠᠵᠠ ᠶᠢᠨ ᠬᠢᠨᠠᠯᠲᠠ ᠲᠠᠯᠪᠢᠬᠤ | ᠪᠣᠯ ᠪᠠᠶᠢᠴᠠᠭᠠᠬᠤ ᠪᠠᠶᠢᠭᠤᠯᠭ᠎ᠠ ᠶᠢᠨ ᠣᠷᠣᠰᠢᠨ ᠲᠣᠭᠲᠠᠨᠢᠬᠤ ᠶᠢᠨ ᠦᠨᠳᠦᠰᠦ ᠪᠣᠯᠬᠤ ᠶᠢ ᠬᠡᠷᠬᠢᠨ ᠣᠶᠢᠯᠠᠭᠠᠬᠤ︾ | ᠵᠡᠷᠭᠡ ᠠᠰᠠᠭᠤᠳᠠᠯ ᠳᠤ ᠬᠠᠷᠢᠭᠤᠯᠲᠠ ᠥᠭᠬᠦ ᠶᠢᠨ ᠬᠠᠮᠲᠤ ᠠᠰᠠᠭᠤᠳᠠᠯ ᠤᠨ ᠲᠤᠬᠠᠢ ᠥᠪᠡᠷ ᠥᠪᠡᠷ ᠤᠨ | ᠦᠵᠡᠯᠲᠡ ᠪᠠᠨ ᠶᠠᠷᠢᠵᠤ᠂ ᠥᠪᠡᠷ ᠤᠨ ᠣᠶᠢᠯᠠᠭᠠᠯᠲᠠ ᠪᠠᠨ ᠢᠳᠡᠪᠬᠢᠲᠡᠢ ᠲᠣᠳᠣᠷᠬᠠᠶᠢᠯᠠᠨ ᠥᠭᠦᠯᠡᠪᠡ᠃ | ᠲᠤᠰ ᠤᠳᠠᠭ᠎ᠠ ᠶᠢᠨ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠤᠨ ᠬᠤᠷᠠᠯ ᠨᠢ ︽ᠠᠰᠠᠭᠤᠳᠠᠯ | ︾ ᠢᠶᠠᠷ ᠤᠳᠤᠷᠢᠳᠤᠮᠵᠢ ᠪᠣᠯᠭᠠᠵᠤ᠂ ᠡᠯ᠎ᠡ ᠳᠤᠭᠤᠶᠢᠯᠠᠩ ᠤᠨ ᠪᠦᠷᠢᠯᠳᠦᠭᠦᠨ ᠨᠠᠷ ᠲᠤᠰ ᠪᠡᠶ᠎ᠡ ᠶᠢᠨ ᠠᠵᠢᠯ ᠤᠨ | ᠪᠠᠶᠢᠷᠢ ᠶᠢᠨ ᠣᠨᠴᠠᠯᠢᠭ ᠲᠠᠢ ᠪᠠᠨ ᠤᠶᠠᠯᠳᠤᠭᠤᠯᠤᠨ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠳᠤ ᠪᠦᠬᠦ | ᠲᠠᠯ᠎ᠠ ᠶᠢᠨ ᠪᠣᠳᠣᠯᠬᠢᠯᠠᠯ ᠬᠢᠭᠰᠡᠨ ᠪᠥᠭᠡᠳ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠲᠤᠰ ᠤᠳᠠᠭ᠎ᠠ ᠶᠢᠨ | ᠬᠤᠷᠠᠯ ᠢᠶᠠᠷ ᠳᠠᠮᠵᠢᠭᠤᠯᠵᠤ᠂ ᠤᠯᠠᠨ ᠢ ᠠᠰᠠᠭᠤᠳᠠᠯ ᠳᠤ ᠵᠥᠪ ᠢᠶᠠᠷ ᠬᠠᠨᠳᠤᠵᠤ᠂ ᠡᠭᠦᠨ ᠤ ᠤᠯᠠᠮ ᠠᠴᠠ ᠠᠵᠢᠯ ᠤᠨ | ᠳᠤᠲᠠᠭᠤᠳᠠᠯ ᠢᠶᠠᠨ ᠨᠡᠩ ᠲᠦᠷᠭᠡᠨ ᠨᠥᠬᠦᠪᠦᠷᠢᠯᠡᠵᠦ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠦᠨᠡᠨᠬᠦ | ᠳᠡᠭᠡᠭᠰᠢᠯᠡᠭᠦᠯᠵᠦ᠂ ᠪᠦᠬᠦ ᠪᠠᠶᠢᠴᠠᠭᠠᠬᠤ ᠠᠵᠢᠯᠲᠠᠳ ᠤᠨ ᠡᠭᠦᠷᠭᠡ ᠲᠤᠰᠢᠶᠠᠯ ᠢᠶᠠᠨ ᠴᠢᠳᠠᠮᠠᠭᠠᠢ ᠪᠠᠷ ᠭᠦᠢᠴᠡᠳᠬᠡᠬᠦ᠂ | ᠰᠢᠨ᠎ᠡ ᠶᠢ ᠡᠭᠦᠳᠦᠨ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠡᠷᠡᠯᠬᠡᠭᠯᠡᠨ ᠲᠡᠮᠡᠴᠡᠬᠦ᠂ ᠵᠣᠷᠢᠭᠲᠠᠢ ᠪᠠᠷ | ᠤᠷᠤᠭᠰᠢᠯᠠᠬᠤ ᠶᠢ ᠤᠯᠠᠮ ᠴᠢᠨᠠᠭᠰᠢᠳᠠ ᠬᠥᠭᠵᠢᠭᠡᠵᠦ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠡᠭᠦᠷᠭᠡ ᠶᠢ | ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠲᠣᠭᠲᠠᠬᠤ ᠰᠢᠶᠠᠨ ᠤ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |