ᠰᠤᠷᠪᠤᠯᠵᠢᠯᠠᠭᠴᠢ ᠱᠠᠨᠰᠢ ᠮᠤᠵᠢ ᠶᠢᠨ ᠶᠠᠨ ᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠤᠪᠴᠢᠶ᠎ᠠ ᠠᠴᠠ ᠣᠶᠢᠯᠠᠭᠠᠬᠰᠠᠨ ᠢᠶᠠᠷ 8 ᠰᠠᠷ᠎ᠠ ᠶᠢᠨ 21 ᠤ ᠣᠷᠣᠶ ᠶᠠᠨᠴᠤᠸᠠᠨ ᠰᠢᠶᠠᠨ ᠤ | ᠰᠢᠨ ᠲᠠᠢ ᠨᠡᠭᠦᠷᠡᠰᠦᠨ ᠠᠭᠤᠷᠬᠠᠶ ᠳᠤ ᠬᠡᠨᠡᠳᠳᠡ ᠳᠡᠯᠪᠡᠷᠡᠯᠲᠡ ᠭᠠᠷᠴᠤ᠂ 11 ᠬᠥᠮᠦᠨ ᠠᠳᠡᠵᠡᠶ᠃ | 8 ᠰᠠᠷ᠎ᠠ ᠶᠢᠨ 21 ᠤ ᠡᠳᠦᠷ ᠤᠨ 20 ᠴᠠᠭ 26 ᠮᠢᠨᠦ᠋ᠲ ᠲᠤ ᠶᠠᠨᠴᠤᠸᠠᠨ ᠰᠢᠶᠠᠨ ᠤ ᠰᠢᠨ ᠲᠠᠢ | ᠨᠡᠭᠦᠷᠡᠰᠦᠨᠠᠭᠤᠷᠬᠠᠶ ᠳᠤ ᠬᠡᠨᠡᠳᠳᠡ ᠳᠡᠯᠪᠡᠷᠡᠯᠲᠡ ᠭᠠᠷᠴᠠᠶ᠃ ᠬᠢᠨᠠᠨ ᠪᠠᠶᠢᠴᠠᠭᠠᠬᠰᠠᠨ ᠢᠶᠠᠷ 90 ᠬᠥᠮᠦᠨ | ᠬᠤᠳᠳᠤᠭ ᠲᠤ ᠣᠷᠣᠵᠤ ᠠᠵᠢᠯᠯᠠᠨ᠂ 81 ᠬᠥᠮᠦᠨ ᠬᠤᠳᠳᠤᠭ ᠲᠤᠳᠤᠷ᠎ᠠ ᠠᠴᠠ ᠨᠡᠭᠦᠷᠡᠰᠦ ᠵᠦᠭᠡᠭᠡᠵᠦ ᠪᠠᠶᠢᠬᠰᠠᠨ | ᠪᠦᠭᠡᠳ 9 ᠬᠥᠮᠦᠨ ᠬᠤᠳᠳᠤᠭ ᠲᠤ ᠬᠠᠰᠢᠭᠳᠠᠪᠠ᠃ ᠬᠤᠳᠳᠤᠭ ᠠᠴᠠ ᠨᠡᠭᠦᠷᠡᠰᠦ ᠵᠦᠭᠡᠭᠡᠵᠦ ᠭᠠᠷᠭᠠᠵᠤ | ᠪᠠᠶᠢᠬᠰᠠᠨ 2 ᠬᠦᠨᠳᠦ ᠰᠢᠷᠬᠠᠲᠤᠭᠰᠠᠳ ᠲᠤ ᠲᠦᠷᠭᠡᠨ ᠠᠪᠤᠷᠠᠯᠳᠠ ᠬᠢᠭᠡᠳ ᠲᠤᠰᠠ ᠪᠣᠯᠤᠭᠰᠠᠨ ᠦᠭᠡᠶ ᠠᠳᠡᠵᠡᠶ᠃ | ᠡᠭᠦᠨ ᠠᠴᠠ ᠭᠠᠳᠠᠨ᠎ᠠ᠂ ᠪᠠᠰᠠ 11 ᠬᠥᠩᠭᠡᠨ ᠰᠢᠷᠬᠠᠲᠤᠭᠰᠠᠳ ᠢ ᠡᠮᠨᠡᠯᠭᠡ ᠳᠤ ᠡᠮᠨᠡᠨ ᠵᠠᠰᠠᠭᠤᠯᠤᠬᠰᠠᠨ ᠢᠶᠠᠷ | ᠠᠮᠢ ᠨᠠᠰᠤᠨ ᠤ ᠪᠡᠶ᠎ᠡ ᠶᠢᠨ ᠢᠯᠡᠷᠡᠯ ᠨᠢ ᠲᠣᠭᠲᠠᠭᠤᠨ ᠪᠠᠶᠢᠨ᠎ᠠ᠃ | 22 ᠤᠨ ᠡᠳᠦᠷ ᠤᠨ 9 ᠴᠠᠭ ᠪᠣᠯᠲᠠᠯ᠎ᠠ᠂ ᠬᠤᠳᠳᠤᠭ ᠳᠣᠲᠣᠷ᠎ᠠ ᠬᠠᠰᠢᠭᠳᠠᠭᠰᠠᠨ 9 ᠬᠥᠮᠦᠨ ᠢ ᠪᠦᠬᠦᠨ ᠢ | ᠡᠷᠢᠵᠦ ᠣᠯᠤᠭᠰᠠᠨ ᠪᠣᠯᠪᠠᠴᠤ ᠴᠥᠮ ᠠᠮᠢ ᠪᠠᠨ ᠠᠯᠳᠠᠪᠠ᠂ ᠣᠳᠣᠬᠠᠨ ᠳᠤ ᠠᠳᠡᠯ ᠤᠨ ᠲᠤᠬᠠᠢ ᠶᠠᠭ ᠪᠠᠶᠢᠴᠠᠭᠠᠯᠲᠠ | ᠬᠢᠵᠦ ᠪᠠᠶᠢᠨ᠎ᠠ᠃ | ᠢᠷᠡᠯᠳᠡ᠄ ᠠᠷᠠᠳ ᠤᠨ ᠰᠦᠯᠵᠢᠶ᠎ᠡ |