ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 8 ᠰᠠᠷ᠎ᠠ ᠶᠢᠨ 21 ᠤ ᠡᠳᠦᠷ ᠤᠨ ᠮᠡᠳᠡᠭᠡ ︵ | ᠰᠤᠷᠪᠤᠯᠵᠢᠯᠠᠭᠴᠢ ᠶᠠᠨ ᠢ ᠴᠢᠶᠣᠤ︶ ᠰᠤᠷᠭᠠᠨ ᠬᠥᠮᠦᠵᠢᠯ ᠤᠨ ᠶᠠᠮᠤᠨ ᠲᠦᠷᠦᠭᠦᠬᠡᠨ ᠮᠡᠳᠡᠭᠳᠡᠯ ᠨᠡᠶᠢᠲᠡᠯᠡᠵᠦ᠂ | 2023 — 2024ᠰᠤᠷᠤᠯᠭ᠎ᠠ ᠶᠢᠨ ᠣᠨ ᠤ ᠶᠡᠭᠡ ᠳᠡᠭᠡᠳᠦ ᠰᠤᠷᠭᠠᠭᠤᠯᠢ ᠶᠢᠨ ᠪᠤᠭᠤᠷᠤᠯ ᠨᠠᠰᠤᠨ ᠤ ᠪᠠᠭᠰᠢ | ᠨᠠᠷ ᠤᠨ ᠪᠠᠷᠠᠭᠤᠨ ᠣᠷᠣᠨ ᠢ ᠲᠤᠰᠠᠯᠠᠬᠤ ᠲᠥᠯᠥᠪᠯᠡᠭᠡ ᠶᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | ᠪᠠᠷᠠᠭᠤᠨ ᠬᠡᠰᠡᠭ ᠤᠨ ᠭᠠᠵᠠᠷ ᠣᠷᠣᠨ ᠤ ᠠᠵᠢᠯ ᠲᠥᠷᠥᠯ᠂ ᠠᠵᠤ ᠦᠢᠯᠡᠰ᠂ ᠠᠵᠤ ᠠᠬᠤᠶᠢᠯᠠᠯ ᠤᠨ ᠪᠠᠴᠢᠮ | ᠬᠡᠷᠡᠭᠰᠡᠬᠦ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠳᠤ ᠬᠠᠨᠳᠤᠭᠤᠯᠤᠨ᠂ ᠶᠡᠭᠡ ᠳᠡᠭᠡᠳᠦ ᠰᠤᠷᠭᠠᠭᠤᠯᠢ ᠶᠢᠨ | ᠠᠵᠢᠯ ᠠᠴᠠ ᠪᠠᠨᠠᠮᠠᠷᠠᠭᠰᠡᠨᠨᠢᠭᠡ ᠪᠦᠯᠦᠭ ᠰᠢᠯᠢᠳᠡᠭ ᠪᠠᠭᠰᠢ ᠶᠢ ᠰᠢᠯᠢᠨ ᠰᠣᠩᠭᠤᠵᠤ ᠵᠣᠬᠢᠶᠠᠨ ᠪᠠᠶᠢᠭᠤᠯᠤᠨ | ᠰᠤᠷᠭᠠᠨ ᠬᠥᠮᠦᠵᠢᠯ ᠪᠠ ᠰᠤᠳᠤᠯᠭᠠᠨ ᠢ ᠳᠡᠮᠵᠢᠭᠦᠯᠬᠦ ᠪᠠᠷ ᠲᠥᠯᠥᠪᠯᠡᠵᠦ ᠪᠠᠶᠢᠨ᠎ᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2020 ᠣᠨ ᠠᠴᠠ ᠡᠬᠢᠯᠡᠨ᠂ ᠰᠤᠷᠭᠠᠨ ᠬᠥᠮᠦᠵᠢᠯ ᠤᠨ | ᠶᠠᠮᠤᠨ ᠶᠡᠭᠡ ᠳᠡᠭᠡᠳᠦ ᠰᠤᠷᠭᠠᠭᠤᠯᠢ ᠶᠢᠨ ᠪᠤᠭᠤᠷᠤᠯ ᠨᠠᠰᠤᠨ ᠤ ᠪᠠᠭᠰᠢ ᠨᠠᠷ ᠤᠨ ᠪᠠᠷᠠᠭᠤᠨ ᠣᠷᠣᠨ ᠢ ᠲᠤᠰᠠᠯᠠᠬᠤ | ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠣᠳᠣᠬᠠᠨ ᠪᠤᠯᠳᠠᠯ᠎ᠠ ᠨᠢᠭᠡᠨᠲᠡ ᠶᠡᠭᠡ ᠳᠡᠭᠡᠳᠦ ᠰᠤᠷᠭᠠᠭᠤᠯᠢ ᠶᠢᠨ | ᠠᠵᠢᠯ ᠠᠴᠠ ᠪᠠᠨ ᠠᠮᠠᠷᠠᠭᠰᠠᠨ ᠭᠤᠷᠪᠠᠨ ᠪᠦᠯᠦᠭ ᠰᠢᠯᠢᠳᠡᠭ ᠪᠠᠭᠰᠢ ᠶᠢ ᠪᠠᠷᠠᠭᠤᠨ ᠣᠷᠣᠨ ᠢ ᠳᠡᠮᠵᠢᠬᠦ ᠰᠤᠷᠭᠠᠨ | ᠬᠥᠮᠦᠵᠢᠯ ᠢ ᠳᠡᠮᠵᠢᠬᠦ ᠰᠤᠳᠤᠯᠭᠠᠨ ᠳᠤ ᠲᠣᠮᠢᠯᠠᠪᠠ᠃ ᠡᠨᠡ ᠵᠢᠯ᠂ ᠲᠦᠷᠦᠭᠦᠦ ᠭᠤᠷᠪᠠᠨ ᠪᠦᠯᠦᠭ ᠤᠳᠠᠭ᠎ᠠ ᠶᠢᠨ | ᠰᠣᠩᠭᠤᠨ ᠲᠣᠮᠢᠯᠠᠬᠤ ᠠᠵᠢᠯ ᠢ ᠦᠷᠭᠦᠯᠵᠢᠯᠡᠨ ᠬᠡᠷᠡᠭᠵᠢᠭᠦᠯᠦᠭᠰᠡᠨ ᠤ ᠰᠠᠭᠤᠷᠢᠨ ᠳᠡᠭᠡᠷ᠎ᠡ᠂ ᠢᠯᠢ ᠪᠠᠭᠰᠢ ᠶᠢᠨ ᠶᠡᠭᠡ | ᠰᠤᠷᠭᠠᠭᠤᠯᠢ᠂ ᠰᠢᠨᠵᠢᠶᠠᠩ ᠤᠨ ᠪᠠᠶᠢᠭᠠᠯᠢ ᠲᠧᠭᠨᠢᠭ ᠤᠨ ᠤᠬᠠᠭᠠᠨ ᠤ ᠳᠡᠭᠡᠳᠦ ᠰᠤᠷᠭᠠᠭᠤᠯᠢ᠂ ᠰᠢᠨᠢᠩ ᠶᠡᠭᠡ | ᠰᠤᠷᠭᠠᠭᠤᠯᠢ ᠵᠡᠷᠭᠡ ᠶᠢ ᠳᠥᠷᠪᠡᠳᠦᠭᠡᠷ ᠪᠦᠯᠦᠭ ᠤᠨ ᠲᠤᠷᠰᠢᠯᠲᠠ ᠬᠢᠬᠦ ᠶᠡᠭᠡ ᠳᠡᠭᠡᠳᠦ ᠰᠤᠷᠭᠠᠭᠤᠯᠢ ᠪᠣᠯᠭᠠᠨ | ᠰᠢᠨ᠎ᠡ ᠪᠠᠷ ᠨᠡᠮᠡᠵᠦ᠂ ᠲᠣᠰ ᠲᠣᠰ 20 ᠪᠤᠭᠤᠷᠤᠯ ᠨᠠᠰᠤᠨ ᠤ ᠪᠠᠭᠰᠢ ᠶᠢ ᠰᠣᠩᠭᠤᠨ ᠲᠣᠮᠢᠯᠠᠵᠤ ᠰᠢᠨ᠎ᠡ ᠪᠠᠷ | ᠨᠡᠮᠡᠭᠰᠡᠨ 3 ᠰᠤᠷᠭᠠᠭᠤᠯᠢ ᠳᠤ ᠲᠤᠰᠠᠯᠠᠨ ᠦᠢᠯᠡᠴᠢᠯᠡᠬᠦᠯᠬᠦ ᠪᠠᠷ ᠲᠥᠯᠥᠪᠯᠡᠵᠦ ᠪᠠᠶᠢᠨ᠎ᠠ᠃ | ᠲᠥᠰᠦᠯ ᠳᠤ᠂ ᠰᠦᠯᠵᠢᠶᠡᠨ ᠭᠠᠳᠠᠨ᠎ᠡ ᠬᠢᠴᠢᠶᠡᠯᠯᠡᠬᠦ ᠪᠠᠷ ᠭᠤᠶᠤᠴᠢᠯᠠᠬᠤ ᠪᠠᠭᠰᠢ ᠶᠢᠨ ᠨᠠᠰᠤ ᠨᠢ | ᠶᠡᠷᠦ ᠳᠡᠭᠡᠨ 70 ︵ᠪᠠᠭᠲᠠᠨ᠎ᠠ︶ ᠠᠴᠠ ᠪᠠᠭ᠎ᠠ ᠪᠠᠶᠢᠬᠤ᠂ ᠰᠦᠯᠵᠢᠶᠡᠨ ᠲᠡᠭᠡᠷ᠎ᠡ ᠬᠢᠴᠢᠶᠡᠯᠯᠡᠬᠦ ᠪᠠᠷ ᠭᠤᠶᠤᠴᠢᠯᠠᠬᠤ | ᠪᠠᠭᠰᠢ ᠶᠢᠨ ᠨᠠᠰᠤ ᠨᠢ ᠶᠡᠷᠦ ᠳᠡᠭᠡᠨ 75 ︵ᠪᠠᠭᠲᠠᠨ᠎ᠠ︶ ᠠᠴᠠ ᠪᠠᠭ᠎ᠠ ᠪᠠᠶᠢᠬᠤ ᠬᠡᠷᠡᠭᠳᠡᠢ᠂ ᠪᠡᠶ᠎ᠡ ᠨᠢ ᠨᠡᠯᠢᠶᠡᠳ | ᠰᠠᠶᠢᠨ ᠪᠣᠯ ᠨᠠᠰᠤ ᠵᠢᠯ ᠤᠨ ᠱᠠᠭᠠᠷᠳᠠᠯᠭ᠎ᠠ ᠶᠢ ᠵᠣᠬᠢᠰᠲᠠᠶ ᠠᠭᠤᠵᠢᠭᠤ ᠲᠠᠯᠪᠢᠵᠤ ᠪᠣᠯᠤᠨ᠎ᠠ᠃ ᠭᠤᠶᠤᠴᠢᠯᠠᠯ | ᠭᠠᠷᠭᠠᠬᠰᠠᠨ ᠪᠠᠭᠰᠢ ᠨᠢ ᠳᠡᠳ᠋ ᠳᠡᠭᠡᠳᠦ ᠵᠡᠷᠭᠡ ᠶᠢᠨ ᠵᠢᠴᠢ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ | ᠪᠠᠶᠢᠬᠤ᠂ ᠨᠢᠭᠡᠳᠦᠭᠡᠷ ᠹᠷᠣᠨᠲ ᠤᠨ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ ᠲᠤᠷᠰᠢᠯᠭ᠎ᠠ ᠪᠠᠷ ᠪᠠᠶᠠᠯᠢᠭ ᠪᠠᠶᠢᠬᠤ | ᠭᠡᠷᠡᠭᠳᠡᠢ᠃ ᠪᠤᠭᠤᠷᠤᠯ ᠨᠠᠰᠤᠨ ᠤ ᠪᠠᠭᠰᠢ ᠶᠢᠨ ᠲᠤᠰᠠᠯᠠᠨ ᠦᠢᠯᠡᠴᠢᠯᠡᠬᠦ ᠴᠠᠭ ᠢ ᠵᠠᠷᠴᠢᠮ ᠳᠡᠭᠡᠷ᠎ᠡ ᠪᠠᠨ 1 | ᠰᠤᠷᠤᠯᠭ᠎ᠠ ᠶᠢᠨ ᠤᠨ ᠠᠴᠠ ᠳᠤᠲᠠᠭᠤ ᠥᠬᠡᠶ ᠪᠠᠶᠢᠯᠭᠠᠵᠤ᠂ ᠰᠤᠷᠤᠯᠭ᠎ᠠ ᠶᠢᠨ ᠤᠨ ᠪᠦᠷᠢ 64 ᠬᠢᠴᠢᠶᠡᠯ ᠤᠨ | ᠴᠠᠭ ᠠᠴᠠ ᠳᠤᠲᠠᠭᠤ ᠥᠬᠡᠶ ᠵᠢᠭᠠᠨ ᠰᠤᠷᠭᠠᠯᠲᠠ ᠶᠢᠨ ᠠᠵᠢᠯ ᠢ ᠳᠠᠭᠠᠭᠠᠨ ᠡᠭᠦᠷᠭᠡᠯᠡᠵᠦ᠂ 1 ᠵᠦᠢᠯ ᠤᠨ | ᠰᠡᠳᠦᠪ ᠤᠨ ᠰᠤᠳᠤᠯᠭᠠᠨ ᠳᠤ ᠣᠷᠣᠯᠴᠠᠨ ᠵᠢᠯᠣᠭᠤᠳᠴᠤ᠂ ᠤᠯᠠᠮᠵᠢᠯᠠᠬᠤ᠂ ᠬᠠᠪᠰᠤᠷᠬᠤ᠂ ᠳᠠᠭᠠᠭᠤᠯᠬᠤ ᠵᠡᠷᠭᠡ | ᠠᠷᠭ᠎ᠠ ᠮᠠᠶ᠋ᠢᠭ ᠢᠶᠠᠷ ᠵᠠᠯᠠᠭᠤ ᠪᠠᠭᠰᠢ ᠶᠢ ᠵᠢᠯᠣᠭᠤᠳᠴᠤ᠂ ᠡᠷᠳᠡᠮ ᠰᠢᠨᠵᠢᠯᠡᠭᠡᠨ ᠤ ᠲᠠᠶᠢᠯᠤᠮᠵᠢ᠂ ᠵᠢᠭᠠᠨ ᠰᠤᠳᠤᠯᠬᠤ | ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠳᠡᠢ᠃ ᠬᠢᠨᠠᠨ ᠰᠢᠯᠭᠠᠯᠲᠠ ᠳᠤ ᠬᠢᠷᠢ ᠲᠡᠩᠴᠡᠭᠰᠡᠨ | ᠪᠤᠭᠤᠷᠤᠯ ᠨᠠᠰᠤᠨ ᠤ ᠪᠠᠭᠰᠢ ᠶᠢᠨ ᠦᠷᠭᠦᠯᠵᠢᠯᠡᠨ ᠲᠤᠰᠠᠯᠠᠨ ᠦᠢᠯᠡᠴᠢᠯᠡᠬᠦ ᠠᠵᠢᠯ ᠥᠷᠨᠢᠭᠦᠯᠬᠦ ᠶᠢ ᠵᠣᠷᠢᠭᠵᠢᠭᠤᠯᠬᠤ | ᠬᠡᠷᠡᠭᠳᠡᠢ᠃ ᠣᠬᠤᠷ ᠬᠤᠭᠤᠴᠠᠭᠠᠨ ᠤ ᠪᠠ ᠰᠦᠯᠵᠢᠶᠡᠨ ᠲᠡᠭᠡᠷ᠎ᠡ ᠬᠢᠴᠢᠶᠡᠯᠯᠡᠬᠦ ᠪᠤᠭᠤᠷᠤᠯ ᠨᠠᠰᠤᠨ ᠤ ᠪᠠᠭᠰᠢ ᠨᠠᠷ | ᠶᠡᠭᠡ ᠳᠡᠭᠡᠳᠦ ᠰᠤᠷᠭᠠᠭᠤᠯᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠨ ᠬᠥᠮᠦᠵᠢᠯ ᠢ ᠳᠡᠮᠵᠢᠬᠦ᠂ | ᠰᠤᠳᠤᠯᠭᠠᠨ ᠢ ᠳᠡᠮᠵᠢᠬᠦ ᠠᠵᠢᠯ ᠢ ᠰᠠᠶᠢᠲᠤᠷ ᠬᠢᠬᠦ ᠬᠡᠷᠡᠭᠳᠡᠢ ᠭᠡᠵᠦ ᠱᠠᠭᠠᠷᠳᠠᠪᠠ᠃ | ᠢᠷᠡᠯᠳᠡ᠄ ᠠᠷᠠᠳ ᠤᠨ ᠰᠦᠯᠵᠢᠶ᠎ᠡ |