ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ︽ᠪᠠᠭᠠᠴᠤᠳ ᠬᠡᠦᠬᠡᠳ ᠤᠨ ᠰᠡᠳᠬᠢᠯ ᠵᠢᠷᠦᠬᠡ ᠪᠠᠷ ᠢᠶᠠᠨ ᠨᠠᠮ ᠢᠶᠠᠨ ᠬᠠᠶᠢᠷᠠᠯᠠᠵᠤ ᠰᠠᠬᠢᠨ ᠬᠠᠮᠠᠭᠠᠯᠠᠬᠤ ᠬᠠᠨᠢᠲᠠᠨ ᠤ ᠪᠠᠨ ᠦᠰᠦᠨ ᠪᠤᠶᠢᠵᠢᠯᠲᠠ ᠶᠢ ᠬᠠᠯᠠᠮᠵᠢᠯᠠᠬᠤ︾ ᠵᠣᠨ ᠤ ᠠᠮᠠᠷᠠᠯᠲᠠ ᠶᠢᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/3
      ᠵᠤᠨ ᠤ ᠠᠮᠠᠷᠠᠯᠲᠠ ᠶᠢᠨ ᠬᠤᠭᠤᠴᠠᠭᠠᠨ ᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯ ᠢ ᠦᠨᠡᠨᠬᠦ ᠰᠠᠶᠢᠲᠤᠷ ᠬᠢᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠰᠠᠶᠢᠨ ᠬᠡᠦᠬᠡᠳ ᠢ ᠬᠥᠮᠥᠵᠢᠭᠦᠯᠬᠦ ᠳᠤ ᠬᠦᠴᠦ ᠨᠡᠮᠡᠷᠢᠯᠡᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠤᠨ ᠤ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠨᠡᠶᠢᠭᠡᠮᠯᠢᠭ ᠤᠨ ᠰᠠᠶᠢᠨ ᠳᠤᠷ᠎ᠠ ᠶᠢᠨ ᠠᠵᠢᠯᠯᠠᠭᠰᠠᠳ ᠲᠠᠢ ᠬᠠᠮᠲᠤᠷᠠᠨ ︽ᠪᠠᠭᠠᠴᠤᠳ ᠬᠡᠦᠬᠡᠳ ᠤᠨ ᠰᠡᠳᠬᠢᠯ ᠵᠢᠷᠦᠬᠡ ᠪᠠᠷ ᠢᠶᠠᠨ ᠨᠠᠮ ᠢᠶᠠᠨ ᠬᠠᠶᠢᠷᠠᠯᠠᠵᠤ ᠰᠠᠬᠢᠨ ᠬᠠᠮᠠᠭᠠᠯᠠᠬᠤ ᠬᠠᠨᠢᠲᠠᠨ ᠤ ᠦᠰᠦᠨ ᠪᠤᠶᠢᠵᠢᠯᠲᠠ︾ ᠶᠢᠨ ᠵᠤᠨ ᠤ ᠠᠮᠠᠷᠠᠯᠲᠠ ᠶᠢᠨ ᠬᠤᠭᠤᠴᠠᠭᠠᠨ ᠤ ᠬᠡᠦᠬᠡᠳ ᠢ ᠬᠠᠯᠠᠮᠵᠢᠯᠠᠨ ᠬᠠᠶᠢᠷᠠᠯᠠᠵᠤ ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠣᠶᠤᠲᠠᠳ ᠤᠨ ᠰᠠᠶᠢᠨ ᠳᠤᠷ᠎ᠠ ᠶᠢᠨ ᠠᠵᠢᠯᠯᠠᠭᠴᠢ ᠰᠢᠨ᠎ᠡ ᠶᠢᠩᠽᠢ ᠪᠠᠯᠭᠠᠰᠤᠨ ᠤ ᠨᠡᠶᠢᠭᠡᠮ ᠲᠣᠭᠤᠷᠢᠭ ᠤᠨ ᠭᠡᠷ ᠤᠨ ᠠᠬᠠᠮᠠᠳ ᠤᠨ ᠰᠤᠷᠭᠠᠭᠤᠯᠢ ᠳᠤ ᠭᠤᠷᠪᠠᠨ ᠡᠳᠦᠷ ᠤᠨ ᠬᠤᠭᠤᠴᠠᠭ᠎ᠠ ᠲᠠᠢ ᠰᠤᠷᠭᠠᠨ ᠬᠥᠮᠦᠵᠢᠯ ᠢ ᠳᠡᠮᠵᠢᠬᠦ ᠠᠵᠢᠯ ᠥᠷᠨᠢᠭᠦᠯᠪᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠥᠪᠡᠷ ᠤᠨ ᠲᠤᠰᠬᠠᠢ ᠮᠡᠷᠭᠡᠵᠢᠯ ᠤᠨ ᠴᠢᠳᠠᠪᠤᠷᠢ ᠪᠠ ᠣᠨᠴᠠᠯᠢᠭ ᠲᠠᠢ ᠪᠠᠨ ᠤᠶᠠᠯᠳᠤᠭᠤᠯᠤᠨ᠂ ᠲᠤᠬᠠᠢ   ᠶᠢᠨ ᠭᠠᠵᠠᠷ ᠤᠨ ᠰᠤᠷᠤᠭᠴᠢᠳ ᠤᠨ ᠱᠠᠭᠠᠷᠳᠠᠯᠭ᠎ᠠ ᠶᠢ ᠦᠨᠳᠦᠰᠦᠯᠡᠨ᠂ ᠤᠷᠠᠨ ᠪᠢᠴᠢᠯᠭᠡ᠂ ᠤᠷᠠᠨ ᠵᠢᠷᠤᠭ᠂ ᠶᠠᠷᠢᠶ᠎ᠠ ᠢᠯᠡᠳᠬᠡᠯ᠂ ᠳᠠᠭᠤᠤ ᠬᠥᠭᠵᠢᠮ᠂ ᠪᠥᠵᠢᠭ᠂ ᠪᠡᠶ᠎ᠡ  ᠶᠢᠨ ᠲᠠᠮᠢᠷ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ᠂ ᠪᠠᠭ᠎ᠠ ᠰᠤᠷᠭᠠᠭᠤᠯᠢ  ᠶᠢᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠳᠡᠯᠮᠦᠷᠢ ᠶᠢᠨ ᠬᠥᠮᠦᠵᠢᠯ ᠵᠡᠷᠭᠡ ᠬᠢᠴᠢᠶᠡᠯ ᠢ ᠨᠡᠭᠡᠭᠡᠵᠦ᠂ ᠳᠤᠷ᠎ᠠ ᠰᠣᠨᠢᠷᠬᠠᠯ ᠤᠨ ᠵᠢᠭᠠᠨ ᠰᠤᠷᠭᠠᠯᠲᠠ ᠶᠢᠨ ᠬᠡᠯᠪᠡᠷᠢ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠬᠡᠦᠬᠡᠳ ᠤᠨ ᠵᠣᠨ ᠤ ᠠᠮᠠᠷᠠᠯᠲᠠ ᠶᠢᠨ ᠠᠮᠢᠳᠤᠷᠠᠯ ᠢ ᠪᠠᠶᠠᠯᠢᠭᠵᠢᠭᠤᠯᠵᠤ᠂ ᠬᠡᠦᠬᠡᠳ ᠤᠨ ᠬᠠᠷᠠᠭ᠎ᠠ ᠶᠢ ᠥᠷᠭᠡᠳᠬᠡᠨ᠂ ᠬᠥᠳᠡᠭᠡ ᠲᠣᠰᠬᠤᠨ ᠤ ᠬᠡᠦᠬᠡᠳ ᠤᠨ ᠭᠤᠸ᠎ᠠ ᠰᠠᠶᠢᠬᠠᠨ ᠤ ᠬᠡᠪ ᠪᠤᠯᠪᠠᠰᠤᠷᠠᠯ ᠢ ᠲᠡᠭᠡᠭᠰᠢᠯᠡᠭᠦᠯᠪᠡ᠃ ᠡᠭᠦᠨ ᠤ ᠳᠠᠷᠠᠭ᠎ᠠ᠂ ᠰᠠᠶᠢᠨ ᠳᠤᠷ᠎ᠠ ᠶᠢᠨ ᠠᠵᠢᠯᠯᠠᠭᠴᠢᠳ ᠪᠠᠰᠠ ᠡᠷᠦᠬᠡ ᠳᠤ ᠣᠷᠣᠵᠤ ᠬᠡᠦᠬᠡᠳ ᠤᠨ ᠳᠠᠰᠬᠠᠯ ᠢ ᠬᠠᠪᠰᠤᠷᠤᠨ ᠵᠢᠯᠤᠭᠤᠳᠴᠤ᠂ ᠬᠡᠦᠬᠡᠳ ᠤᠳ ᠢ ᠬᠠᠪᠰᠤᠷᠤᠨ ᠴᠠᠭ ᠢ ᠨᠢ ᠭᠦᠢᠴᠡᠳ ᠠᠰᠢᠭᠯᠠᠵᠤ᠂ ᠵᠣᠨ ᠤ ᠠᠮᠠᠷᠠᠯᠲᠠ ᠶᠢᠨ ᠰᠤᠷᠤᠯᠴᠠᠯᠭ᠎ᠠ ᠠᠮᠢᠳᠤᠷᠠᠯ ᠢ ᠨᠢ ᠨᠠᠩ ᠰᠠᠶᠢᠨ ᠲᠥᠯᠥᠪᠵᠢᠭᠦᠯᠵᠡᠢ᠃      ᠲᠤᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠬᠡᠦᠬᠡᠳ ᠤᠳ ᠲᠤ ᠨᠡᠩ ᠥᠷᠭᠡᠨ ᠳᠡᠯᠭᠡᠷ ᠮᠡᠳᠡᠯᠭᠡ ᠡᠵᠡᠮᠰᠢᠭᠦᠯᠬᠦ ᠪᠠᠷ ᠪᠠᠷᠠᠬᠤ ᠦᠭᠡᠢ᠂ ᠬᠠᠷᠠᠭ᠎ᠠ ᠪᠠᠨ ᠥᠷᠭᠡᠳᠬᠡᠵᠦ᠂ ᠨᠠᠩ ᠴᠤ ᠬᠡᠦᠬᠡᠳ ᠤᠨ ᠡᠷᠳᠡᠮ ᠮᠡᠳᠡᠯᠭᠡ ᠶᠢᠨ ᠲᠤᠬᠠᠢ ᠬᠦᠰᠡᠯ ᠡᠷᠡᠮᠡᠯᠵᠡᠯ ᠢ ᠨᠢ ᠰᠡᠩᠬᠡᠷᠡᠭᠦᠯᠵᠦ᠂ ᠲᠡᠳᠡᠨ ᠤ ᠬᠠᠶᠢᠨ ᠰᠦᠪᠡᠭᠴᠢᠯᠡᠬᠦ᠂ ᠰᠡᠳᠬᠢᠬᠦ᠂ ᠡᠭᠦᠳᠦᠨ ᠪᠦᠲᠦᠭᠡᠬᠦ ᠰᠡᠳᠬᠢᠬᠦᠢ ᠶᠢᠨ ᠴᠢᠳᠠᠪᠤᠷᠢ ᠶᠢ ᠨᠢ ᠬᠥᠭᠵᠢᠭᠡᠨ᠂ ᠭᠡᠷ ᠲᠡᠭᠡᠨ ᠬᠤᠴᠣᠷᠤᠭᠰᠠᠨ ᠬᠡᠦᠬᠡᠳ ᠲᠤ ᠨᠡᠶᠢᠭᠡᠮ ᠤᠨ ᠬᠠᠯᠠᠮᠵᠢᠯᠠᠯ ᠢ ᠮᠡᠳᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠭᠡᠷ ᠲᠡᠭᠡᠨ ᠬᠤᠴᠣᠷᠤᠭᠰᠠᠨ ᠬᠡᠦᠬᠡᠳ ᠤᠨ ︽ᠣᠲᠣ︾ ᠶᠢᠨ ᠬᠡᠷᠡᠯ ᠢ ᠭᠡᠷᠡᠯᠲᠦᠭᠦᠯᠵᠦ᠂ ᠨᠠᠩ ᠣᠯᠠᠨ ᠬᠥᠮᠥᠰ ᠤᠨ ᠭᠡᠷ ᠲᠡᠭᠡᠨ ᠬᠤᠴᠣᠷᠤᠭᠰᠠᠨ ᠬᠡᠦᠬᠡᠳ ᠤᠨ ᠰᠤᠷᠭᠠᠨ ᠬᠥᠮᠦᠵᠢᠯ ᠤᠨ ᠠᠰᠠᠭᠤᠳᠠᠯ ᠤᠨ ᠲᠤᠬᠠᠢ ᠠᠩᠬᠠᠷᠤᠯ ᠢ ᠲᠠᠲᠠᠭᠰᠠᠨ ᠪᠠᠶᠢᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1