ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠄ ︽ᠭᠤᠷᠪᠠᠨ ᠪᠣᠭᠤᠮᠲᠠ︾ ᠶᠢ ᠴᠢᠩᠭ᠎ᠠ ᠠᠳᠬᠤᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/8/3
      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ︽ᠠᠮᠤ ᠪᠤᠳᠠᠭ᠎ᠠ ᠪᠠᠨ ᠭᠠᠵᠠᠷ ᠰᠢᠷᠣᠢ ᠳᠤ ᠬᠠᠳᠠᠭᠠᠯᠠᠵᠤ᠂ ᠠᠮᠤ ᠪᠤᠳᠠᠭ᠎ᠠ ᠪᠠᠨ ᠮᠡᠷᠭᠡᠵᠢᠯ ᠳᠤ ᠬᠠᠳᠠᠭᠠᠯᠠᠬᠤ︾ ᠶᠢ ᠭᠦᠨᠵᠡᠭᠡᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠪᠤᠨ ᠶᠡᠭᠡ ᠡᠭᠦᠷᠭᠡ ᠶᠢᠨ ᠲᠣᠭᠤᠷᠢᠨ ᠳᠤ ︽ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠢ ᠴᠡᠴᠡᠭᠯᠡᠭᠦᠯᠦᠨ ᠬᠥᠭᠵᠢᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠪᠥᠬᠦ ᠰᠢᠶᠠᠨ ᠤ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠬᠥᠭᠵᠢᠯᠲᠡ ᠳᠤ ᠢᠳᠡᠪᠬᠢᠲᠡᠢ ᠪᠠᠷ ᠬᠤᠪᠢ ᠨᠡᠮᠡᠷᠢ ᠦᠵᠡᠭᠦᠯᠪᠡ᠃      2023 ᠣᠨ ᠳᠤ᠂ 6 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠠᠮᠤᠷ ᠲᠦᠪᠰᠢᠨ ᠤ ᠪᠣᠭᠤᠮᠲᠠ︾᠂ ︽ᠶᠠᠰᠤ ᠴᠢᠨᠠᠷ ᠤᠨ ᠪᠣᠭᠤᠮᠲᠠ︾᠂ ︽ᠠᠬᠢᠴᠠ ᠶᠢᠨ ᠪᠣᠭᠤᠮᠲᠠ︾ ᠶᠢ ᠴᠢᠩᠭ᠎ᠠ ᠠᠳᠬᠤᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃      ᠨᠢᠭᠡ ᠳᠤ᠂ ︽ᠠᠮᠤᠷ ᠲᠦᠪᠰᠢᠨ ᠤ ᠪᠣᠭᠤᠮᠲᠠ︾ ᠶᠢ ᠴᠢᠩᠭ᠎ᠠ ᠠᠳᠬᠤᠪᠠ᠃ ᠠᠶᠤᠯᠭᠦᠢ ᠦᠢᠯᠡᠳᠪᠦᠷᠢᠯᠡᠯ ᠪᠣᠯ ᠤᠯᠠᠭᠠᠨ ᠱᠤᠭᠤᠮ᠂ ᠬᠤᠷᠢᠭ᠎ᠠ ᠱᠤᠭᠤᠮ᠂ ᠠᠮᠢ ᠨᠠᠰᠤᠨ ᠤ ᠱᠤᠭᠤᠮ ᠮᠥᠨ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠠᠶᠤᠯᠭᠦᠢ ᠦᠢᠯᠡᠳᠪᠦᠷᠢᠯᠡᠯ ᠢ ᠲᠡᠷᠢᠭᠦᠨ ᠳᠤ ᠲᠠᠯᠪᠢᠬᠤ︾ ᠴᠢᠭᠯᠡᠯᠲᠡ ᠶᠢ ᠴᠢᠩᠭ᠎ᠠ ᠲᠤᠤᠱᠯᠠᠭᠤᠯᠤᠨ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠴᠢᠨᠠᠭᠰᠢᠳᠠ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ᠡᠭᠦᠨ ᠤ ᠬᠠᠮᠲᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠲᠤᠬᠠᠢ ᠶᠢᠨ ᠲᠠᠯᠠᠪᠤᠷ ᠤᠨ ᠪᠠᠷᠢᠯᠭ᠎ᠠ ᠶᠢᠨ ᠠᠵᠢᠯ ᠤᠨ ᠳᠤᠮᠳᠠ᠂ ᠪᠠᠷᠢᠯᠭ᠎ᠠ ᠶᠢᠨ ᠠᠵᠢᠯᠲᠠᠨ ᠢ ᠨᠢᠭᠡᠳᠦᠯᠲᠡᠢ ᠲᠣᠬᠢᠷᠠᠭᠤᠯᠤᠭᠰᠠᠨ ᠠᠮᠤᠷ ᠲᠦᠪᠰᠢᠨ ᠤ ᠮᠠᠯᠠᠭᠠᠢ᠂ ᠠᠮᠤᠷ ᠲᠦᠪᠰᠢᠨ ᠤ ᠬᠤᠪᠴᠠᠰᠤ ᠡᠮᠦᠰᠴᠦ᠂ ᠠᠵᠢᠯᠯᠠᠬᠤ ᠳᠦᠷᠢᠮ ᠶᠣᠰᠣᠭᠠᠷ ᠠᠵᠢᠯᠯᠠᠵᠤ᠂ ᠠᠮᠤᠷ ᠲᠦᠪᠰᠢᠨ ᠤ ᠦᠢᠯᠡᠳᠪᠦᠷᠢᠯᠡᠯ ᠤᠨ ᠬᠠᠤᠯᠢ ᠶᠢ ᠴᠢᠩᠭ᠎ᠠ ᠵᠢᠷᠤᠮᠯᠠᠨ᠂ ᠠᠮᠤᠷ ᠲᠦᠪᠰᠢᠨ ᠤ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠢ ᠰᠠᠶᠢᠲᠤᠷ ᠬᠢᠪᠡ᠃      ᠬᠤᠶᠠᠷ ᠲᠤ᠂ ︽ᠶᠠᠰᠤ ᠴᠢᠨᠠᠷ ᠤᠨ ᠪᠣᠭᠤᠮᠲᠠ︾ ᠶᠢ ᠴᠢᠩᠭ᠎ᠠ  ᠠᠳᠬᠤᠪᠠ᠃ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ︽ᠲᠥᠷᠥᠯ ᠵᠦᠢᠯ ᠤᠨ ᠬᠠᠤᠯᠢ ᠶᠢᠨ ᠡᠷᠬᠡᠲᠡᠨ᠂ ᠲᠥᠷᠥᠯ ᠵᠦᠢᠯ ᠤᠨ ᠬᠠᠮᠢᠶᠠᠷᠤᠯᠲᠠ ᠶᠢᠨ ᠺᠣᠮᠫᠠᠨᠢ᠂ ᠪᠠᠷᠢᠯᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠲᠠ᠂ ᠲᠥᠷᠥᠯ ᠵᠦᠢᠯ ᠤᠨ ᠲᠣᠭᠤᠷᠢᠭ ᠤᠨ ᠣᠯᠠᠨ ᠲᠦᠮᠡᠨ᠂ ᠭᠤᠷᠪᠠᠳᠠᠭᠢ ᠡᠲᠡᠭᠡᠳ ᠤᠨ ᠰᠢᠯᠭᠠᠨ ᠪᠠᠶᠢᠴᠠᠭᠠᠯᠲᠠ︾ ᠵᠡᠷᠭᠡ ᠲᠠᠪᠤᠨ ᠲᠠᠯ᠎ᠠ ᠶᠢᠨ  ᠬᠢᠨ ᠤ ᠬᠠᠮᠲᠤ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠪᠡ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠺᠣᠮᠫᠠᠨᠢ᠂ ᠬᠢᠨᠠᠨ ᠬᠠᠮᠢᠶᠠᠷᠬᠤ ᠨᠢᠭᠡᠴᠡ᠂ ᠭᠤᠷᠪᠠᠳᠠᠭᠢ ᠡᠲᠡᠭᠡᠳ ᠤᠨ ᠪᠠᠶᠢᠴᠠᠭᠠᠨ ᠰᠢᠯᠭᠠᠬᠤ ᠪᠠ ᠮᠥᠷᠳᠡᠵᠦ ᠬᠢᠨᠠᠨ ᠪᠤᠳᠤᠬᠤ ᠨᠢᠭᠡᠴᠡ ᠨᠢ ᠴᠠᠭ ᠲᠤᠬᠠᠢ ᠳᠤᠨᠢ ᠳᠠᠭᠠᠵᠤ᠂ ᠥᠮᠴᠢᠲᠡᠨ ᠨᠢᠭᠡᠴᠡ ᠨᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠷᠢᠯᠭ᠎ᠠ ᠶᠢᠨ ᠲᠤᠬᠠᠢ ᠶᠢᠨ ᠭᠠᠵᠠᠷ ᠲᠤ ᠬᠦᠷᠴᠦ ᠪᠠᠶᠢᠴᠠᠭᠠᠯᠲᠠ ᠥᠷᠨᠢᠭᠦᠯᠵᠦ᠂ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠭᠤᠷᠪᠠᠳᠠᠭᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠨᠠᠶᠢᠳᠠᠵᠤ᠂ ᠪᠠᠷᠢᠯᠭ᠎ᠠ ᠪᠠᠷᠢᠬᠤ ᠨᠢᠭᠡᠴᠡ ᠶᠢᠨ ᠬᠦᠷᠭᠡᠵᠦ ᠪᠠᠶᠢᠴᠠᠭᠠᠯᠭᠠᠬᠤ᠂ ᠪᠦᠲᠦᠭᠡᠨ ᠪᠠᠶᠢᠭᠤᠯᠬᠤ ᠨᠢᠭᠡᠴᠡ ᠬᠢᠭᠡᠳ ᠪᠠᠶᠢᠴᠠᠭᠠᠨ ᠰᠢᠯᠭᠠᠬᠤ ᠨᠢᠭᠡᠴᠡ ᠶᠢᠨ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠪᠠᠷᠢᠯᠭ᠎ᠠ ᠪᠠᠷᠢᠬᠤ ᠮᠠᠲ᠋ᠧᠷᠢᠶᠠᠯ ᠳᠤ ᠪᠠᠶᠢᠴᠠᠭᠠᠨ ᠬᠡᠮᠵᠢᠯᠲᠡ ᠬᠢᠵᠦ᠂ ᠪᠠᠷᠢᠯᠭ᠎ᠠ ᠪᠠᠷᠢᠬᠤ ᠮᠠᠲ᠋ᠧᠷᠢᠶᠠᠯ ᠤᠨ ᠪᠠᠷᠢᠮᠵᠢᠶ᠎ᠠ ᠳᠤ ᠬᠦᠷᠬᠦ ᠶᠢ ᠦᠨᠡᠨ ᠬᠦ ᠪᠠᠲᠤᠯᠠᠨ᠎ᠠ︔ ᠬᠤᠶᠠᠷ ᠲᠤ᠂ ᠪᠠᠯᠭᠠᠰᠤ ᠭᠠᠴᠠᠭ᠎ᠠ ᠶᠢᠨ ᠣᠯᠠᠨ ᠲᠦᠮᠡᠨ ᠤ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠶᠢᠨ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠬᠤ ᠶᠢ ᠵᠣᠷᠢᠭᠵᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠨ᠎ᠡ︔ ᠭᠤᠷᠪᠠ ᠳᠤ᠂ ᠲᠥᠷᠥᠯ ᠵᠦᠢᠯ ᠤᠨ ᠪᠥᠬᠦ ᠶᠠᠪᠤᠴᠠ ᠶᠢ ᠬᠢᠨᠠᠨ ᠡᠵᠡᠮᠳᠡᠬᠦ ᠶᠢ ᠴᠢᠩᠭᠠᠳᠬᠠᠵᠤ᠂ ᠬᠢᠨᠠᠨ ᠬᠠᠮᠢᠶᠠᠷᠬᠤ ᠠᠵᠢᠯᠲᠠᠨ ᠪᠠᠷᠢᠯᠭ᠎ᠠ ᠶᠢᠨ ᠲᠤᠬᠠᠢ ᠶᠢᠨ ᠭᠠᠵᠠᠷ ᠲᠤ ᠪᠠᠶᠢᠩᠭᠤ ᠰᠠᠭᠤᠵᠤ᠂ ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠪᠥᠬᠦ ᠶᠠᠪᠤᠴᠠ ᠶᠢ ᠬᠢᠨᠠᠨ ᠡᠵᠡᠮᠳᠡᠨ᠎ᠡ︔ ᠳᠥᠷᠪᠡ ᠳᠤ᠂ ᠬᠠᠮᠢᠶ᠎ᠠ ᠪᠦᠬᠦᠢ ᠺᠣᠮᠫᠠᠨᠢ ᠠᠴᠠ ᠪᠠᠷᠢᠯᠭ᠎ᠠ ᠶᠢᠨ ᠠᠵᠢᠯ ᠤᠨ ᠶᠠᠪᠤᠴᠠ᠂ ᠪᠠᠷᠢᠯᠭ᠎ᠠ ᠶᠢᠨ ᠶᠠᠰᠤ ᠴᠢᠨᠠᠷ ᠲᠤ ᠪᠦᠬᠦ ᠶᠠᠪᠤᠴᠠ ᠶᠢᠨ ᠬᠠᠮᠢᠶᠠᠷᠤᠯᠲᠠ ᠶᠠᠪᠤᠭᠤᠯᠤᠨ᠎ᠠ︔ ᠲᠠᠪᠤ ᠳᠤ᠂ ᠵᠢᠷᠭᠢᠶ᠎ᠡ ᠶᠢᠨ ᠴᠢᠮᠡᠭᠡ ᠨᠡᠪᠲᠡᠷᠡᠯᠭᠡ ᠶᠢᠨ ᠠᠷᠭ᠎ᠠ ᠬᠡᠯᠪᠡᠷᠢ ᠶᠢ ᠭᠦᠢᠴᠡᠳ ᠠᠰᠢᠭᠯᠠᠵᠤ᠂ ᠲᠤᠬᠠᠶᠢᠯᠠᠭᠰᠠᠨ ᠠᠵᠢᠯ ᠤᠨ ᠬᠠᠷᠢᠯᠴᠠᠭ᠎ᠠ ᠵᠢᠴᠢ ᠬᠢᠨᠠᠯᠲᠠ ᠬᠠᠮᠢᠶᠠᠷᠤᠯᠲᠠ ᠶᠢᠨ ᠴᠢᠮᠡᠭᠡ ᠨᠡᠪᠲᠡᠷᠡᠯᠭᠡ ᠶᠢᠨ ᠲᠠᠪᠴᠠᠩ ᠢ ᠪᠠᠶᠢᠭᠤᠯᠵᠤ᠂ ᠬᠢᠨᠠᠨ ᠬᠠᠮᠢᠶᠠᠷᠬᠤ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠶᠢ ᠡᠳᠦᠷ ᠪᠦᠷᠢ ᠪᠠᠷᠢᠯᠭ᠎ᠠ ᠶᠢᠨ ᠵᠢᠷᠤᠭ᠂ ᠠᠵᠢᠯᠴᠢᠨ ᠤ ᠲᠤᠭ᠎ᠠ᠂ ᠪᠠᠷᠢᠯᠭ᠎ᠠ ᠶᠢᠨ ᠠᠬᠢᠴᠠ ᠵᠡᠷᠭᠡ ᠠᠭᠤᠯᠭ᠎ᠠ ᠶᠢ ᠳᠠᠮᠵᠢᠭᠤᠯᠬᠤ ᠶᠢ ᠱᠠᠭᠠᠷᠳᠠᠵᠤ᠂ ᠲᠦᠷᠦᠯ ᠵᠦᠢᠯ ᠤᠨ ᠬᠠᠮᠢᠶᠠᠷᠤᠯᠲᠠ ᠶᠢᠨ ᠠᠵᠢᠯᠲᠠᠳ ᠤᠨ ᠠᠬᠢᠴᠠ ᠶᠢ ᠴᠠᠭ ᠲᠤᠬᠠᠢ ᠳᠤᠨᠢ ᠡᠵᠡᠮᠳᠡᠵᠦ᠂ ᠶᠠᠰᠤ ᠴᠢᠨᠠᠷ ᠢ ᠡᠵᠡᠮᠳᠡᠬᠦ ᠳᠤ ᠲᠦᠭᠦᠮ ᠪᠣᠯᠭᠠᠵᠤ᠂ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ ᠪᠠᠷᠢᠯᠭ᠎ᠠ ᠪᠠᠷᠢᠭᠰᠠᠨ ᠦᠭᠡᠢ ᠪᠠᠶᠢᠪᠠᠯ ᠪᠦᠬᠦᠨ ᠢ ᠨᠤᠷᠠᠭᠠᠨ ᠲᠠᠬᠢᠨ ᠪᠠᠶᠢᠭᠤᠯᠵᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠨ᠎ᠠ᠃      ᠭᠤᠷᠪᠠ ᠳᠤ᠂ ︽ᠠᠬᠢᠴᠠ ᠶᠢᠨ ᠪᠣᠭᠤᠮᠲᠠ︾ ᠶᠢ ᠴᠢᠩᠭ᠎ᠠ ᠠᠳᠬᠤᠬᠤ ᠬᠡᠷᠡᠭᠲᠡᠢ᠃ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠤᠨ ᠠᠵᠢᠯ ᠢ ᠬᠢᠵᠦ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠴᠠᠭ ᠲᠤᠬᠠᠢ ᠳᠤᠨᠢ ᠳᠠᠭᠠᠵᠤ᠂ ︽ᠡᠳᠦᠷ ᠲᠤ ᠳᠡᠭᠡᠭᠰᠢ ᠮᠡᠳᠡᠭᠦᠯᠬᠦ᠂ ᠭᠠᠷᠠᠭ ᠲᠤ ᠲᠣᠬᠢᠷᠠᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠪᠠ᠃ ᠲᠥᠷᠥᠯ ᠵᠦᠢᠯ ᠢ ᠠᠬᠢᠭᠤᠯᠬᠤ ᠬᠤᠷᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠪᠠᠷᠢᠯᠭ᠎ᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠨ᠂ ᠪᠠᠷᠢᠯᠭ᠎ᠠ ᠶᠢᠨ ᠶᠠᠰᠤ ᠴᠢᠨᠠᠷ᠂ ᠠᠬᠢᠴᠠ ᠶᠢ ᠦᠨᠡᠨᠬᠦ  ᠪᠠᠳᠤᠯᠠᠪᠠ᠃      ᠣᠳᠣᠬᠠᠨ ᠳᠤ᠂ ᠲᠣᠭᠲᠠᠬᠤ ᠰᠢᠶᠠᠨ ᠤ 2023 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠢᠭᠡᠨᠲᠡ 19291m ᠰᠤᠪᠠᠭ ᠢᠶᠠᠷ ᠳᠣᠲᠣᠷᠯᠠᠵᠤ ᠴᠣᠭᠴᠠᠯᠠᠭᠰᠠᠨ᠂ 12484m ᠰᠤᠪᠠᠭ ᠢᠶᠠᠷ ᠴᠡᠪᠡᠷᠯᠡᠭᠰᠡᠨ᠂ 1468 ᠬᠠᠭᠠᠯᠲᠠ᠂ 6 ᠬᠥᠭᠦᠷᠭᠡ᠂ 71926m ᠬᠤᠭᠤᠯᠠᠢ᠂ 15 ᠬᠤᠳᠳᠤᠭ ᠤᠨ ᠭᠡᠷ᠂ 15 ᠲᠦᠷᠦᠭᠦᠸ ᠲᠥᠬᠦᠭᠡᠷᠦᠮᠵᠢ᠂ 15 ᠬᠥᠭᠡᠷᠭᠡ ᠶᠢᠨ ᠥᠷᠲᠡᠭᠡ᠂ 524 ᠰᠠᠭᠤᠷᠢ ᠲᠠᠷᠢᠶᠠᠨ ᠭᠠᠵᠠᠷ ᠤᠨ ᠬᠠᠯᠬᠠᠪᠴᠢ ᠣᠶ᠂ 6639 ᠮᠦ ᠣᠷᠭᠠᠨᠢᠭ ᠪᠣᠷᠳᠣᠭᠤᠷ ᠰᠠᠴᠤᠵᠤ᠂ 8 ᠰᠠᠭᠤᠷᠢ ᠬᠦᠴᠦᠳᠡᠯ ᠥᠭᠡᠷᠡᠴᠢᠯᠡᠭᠴᠢ᠂ 4310m ᠥᠨᠳᠥᠷ ᠬᠦᠴᠦᠳᠡᠯᠲᠦ ᠴᠠᠬᠢᠯᠭᠠᠨ ᠳᠡᠭᠡᠰᠦ ᠤᠭᠰᠠᠷᠠᠵᠤ᠂ 54 ᠢᠵᠢ ᠴᠠᠬᠢᠯᠭᠠᠨ ᠳᠡᠭᠡᠰᠦᠨ ᠤ ᠦᠵᠦᠭᠦᠷ ᠢ ᠤᠭᠰᠠᠷᠠᠵᠤ᠂ 1 ᠢᠵᠢ ᠳᠥᠷᠪᠡᠨ ᠪᠠᠶᠢᠳᠠᠯ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠠᠢ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1