ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠪᠤᠵᠠᠭᠠᠶᠢᠷᠠᠯ ᠢ ᠠᠬᠢᠭᠤᠯᠬᠤ ᠲᠤᠬᠠᠢ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠦ᠂ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠪᠤᠵᠠᠭᠠᠶᠢᠷᠠᠯ ᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ | ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠢᠲᠡᠭᠡᠯ ᠵᠣᠷᠢᠭ ᠢ ᠬᠦᠪᠴᠢᠯᠡᠬᠦ ᠶᠢᠨ ᠲᠦᠯᠦᠭᠡ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ | ᠵᠡᠷᠭᠡ ᠨᠠᠢᠮᠠᠨ ᠰᠠᠯᠠᠭ᠎ᠠ ᠮᠥᠴᠢᠷ ᠣᠶᠢᠷ᠎ᠠ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠣᠶᠢᠷ᠎ᠠ ᠶᠢᠨ ᠬᠤᠭᠤᠴᠠᠭᠠᠨ ᠤ ᠠᠷᠭ᠎ᠠ ᠬᠡᠮᠵᠢᠶ᠎ᠡ ᠨᠦᠭᠦᠳ ᠢ ᠬᠡᠷᠡᠭᠵᠢᠭᠦᠯᠬᠦ ᠲᠤᠬᠠᠢ ᠮᠡᠳᠡᠭᠳᠡᠯ | ᠨᠡᠶᠢᠲᠡᠯᠡᠪᠡ᠃ | ᠡᠭᠦᠨ ᠳᠤ᠂ ᠤᠯᠤᠰ ᠤᠨ ᠴᠢᠬᠤᠯᠠ ᠶᠡᠭᠡ ᠢᠨᠵᠧᠨᠧᠷᠢᠩ ᠪᠠ ᠳᠤᠲᠠᠭᠤᠳᠠᠯ ᠢ ᠨᠥᠬᠦᠪᠦᠷᠢᠯᠡᠬᠦ ᠲᠥᠷᠥᠯ | ᠵᠦᠢᠯ ᠤᠨ ᠳᠣᠲᠣᠷ᠎ᠠ ᠠᠴᠠ ᠵᠣᠬᠢᠬᠤ ᠠᠰᠢᠭ ᠣᠷᠣᠯᠭ᠎ᠠ ᠶᠢᠨ ᠬᠢᠷᠢ ᠬᠡᠮᠵᠢᠶ᠎ᠡ ᠲᠠᠢ᠂ ᠬᠠᠷᠢᠴᠠᠩᠭᠤᠢ ᠪᠣᠯᠪᠠᠰᠤᠷᠠᠩᠭᠤᠢ | ᠨᠥᠬᠦᠴᠡᠯ ᠲᠠᠢ ᠲᠥᠷᠥᠯ ᠵᠦᠢᠯ ᠢ ᠰᠣᠩᠭᠤᠨ ᠠᠪᠴᠤ᠂ ᠠᠷᠠᠳ ᠤᠨ ᠬᠥᠷᠥᠩᠭᠡ ᠣᠷᠣᠯᠴᠠᠬᠤ ᠶᠢ ᠵᠣᠷᠢᠭᠵᠢᠭᠤᠯᠬᠤ | ᠴᠢᠬᠤᠯᠠ ᠶᠡᠭᠡ ᠲᠥᠷᠥᠯ ᠵᠦᠢᠯ ᠤᠨ ᠨᠠᠷᠢᠨ ᠲᠠᠩᠰᠠ ᠶᠢ ᠪᠦᠷᠢᠯᠳᠦᠭᠦᠯᠦᠨ᠎ᠡ ᠭᠡᠵᠦ ᠳᠤᠷᠠᠳᠤᠨ ᠭᠠᠷᠭᠠᠵᠠᠢ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠵᠦ᠂ ᠵᠠᠰᠠᠭ ᠵᠠᠬᠢᠷᠭᠠᠨᠤ ᠰᠢᠳᠬᠡᠯ ᠥᠭᠬᠦ᠂ | ᠰᠢᠪᠠᠳᠠᠨ ᠴᠡᠭᠴᠡᠯᠡᠨ ᠰᠠᠶᠢᠵᠢᠷᠠᠭᠤᠯᠬᠤ᠂ ᠬᠡᠷᠡᠭ ᠤᠨ ᠵᠢᠱᠢᠶ᠎ᠡ ᠵᠠᠷᠯᠠᠨ ᠮᠡᠳᠡᠭᠳᠡᠬᠦ ᠵᠡᠷᠭᠡ ᠠᠷᠭ᠎ᠠ ᠬᠡᠮᠵᠢᠶ᠎ᠡ ᠶᠢ | ᠲᠦᠷᠦᠯ ᠬᠤᠪᠢᠶᠠᠨ ᠠᠪᠴᠤ᠂ ᠨᠢᠭᠡ ᠪᠦᠯᠦᠭ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠯ ᠨᠡᠯᠢᠶᠡᠳ | ᠴᠢᠩᠭ᠎ᠠ ᠪᠠᠶᠢᠭ᠎ᠠ ᠣᠷᠣᠨ ᠨᠤᠲᠤᠭ ᠤᠨ ᠬᠠᠮᠠᠭᠠᠯᠠᠯᠲᠠ᠂ ᠥᠮᠴᠢᠯᠡᠯ ᠤᠨ ᠳᠦᠷᠢᠮ ᠤᠨ ᠭᠠᠳᠠᠭᠤᠷᠴᠢᠯᠠᠯ ᠵᠡᠷᠭᠡ | ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠨ᠎ᠡ᠃ | ᠮᠡᠳᠡᠭᠳᠡᠯ ᠤᠨ ᠭᠤᠣᠯ ᠠᠭᠤᠯᠭ᠎ᠠ ᠨᠢ ᠳᠣᠣᠷᠠᠬᠢ ᠮᠡᠲᠦ᠄ | ᠨᠢᠭᠡ᠂ ᠵᠥᠪᠰᠢᠶᠡᠷᠡᠨ ᠣᠷᠣᠭᠤᠯᠬᠤ ᠶᠢ ᠭᠤᠣᠯᠴᠢ ᠪᠠᠷ ᠠᠬᠢᠭᠤᠯᠤᠨ᠎ᠠ | 1᠂ ᠤᠯᠤᠰ ᠤᠨ ᠴᠢᠬᠤᠯᠠ ᠶᠡᠭᠡ ᠢᠨᠵᠧᠨᠧᠷᠢᠩ ᠪᠠ ᠳᠤᠲᠠᠭᠤᠳᠠᠯ ᠢ ᠨᠥᠬᠦᠪᠦᠷᠢᠯᠡᠬᠦ ᠲᠥᠷᠥᠯ ᠵᠦᠢᠯ ᠤᠨ | ᠳᠣᠲᠣᠷ᠎ᠠ ᠠᠴᠠ ᠵᠣᠬᠢᠬᠤ ᠠᠰᠢᠭ ᠣᠷᠣᠯᠭ᠎ᠠ ᠶᠢᠨ ᠬᠢᠷᠢ ᠬᠡᠮᠵᠢᠶ᠎ᠡ ᠲᠠᠢ᠂ ᠬᠠᠷᠢᠴᠠᠩᠭᠤᠢ ᠪᠣᠯᠪᠠᠰᠤᠷᠠᠩᠭᠤᠢ | ᠨᠥᠬᠦᠴᠡᠯ ᠲᠠᠢ ᠲᠥᠷᠥᠯ ᠵᠦᠢᠯ ᠢ ᠰᠣᠩᠭᠤᠨ ᠠᠪᠴᠤ᠂ ᠠᠷᠠᠳ ᠤᠨ ᠬᠥᠷᠥᠩᠭᠡ ᠣᠷᠣᠯᠴᠠᠬᠤ ᠶᠢ ᠵᠣᠷᠢᠭᠵᠢᠭᠤᠯᠬᠤ | ᠴᠢᠬᠤᠯᠠ ᠶᠡᠭᠡ ᠲᠥᠷᠥᠯ ᠵᠦᠢᠯ ᠤᠨ ᠨᠠᠷᠢᠨ ᠬᠠᠭᠤᠳᠠᠰᠤ ᠶᠢ ᠪᠦᠷᠢᠯᠳᠦᠭᠦᠯᠦᠨ᠎ᠡ᠃ ᠴᠢᠬᠤᠯᠠ ᠶᠡᠭᠡ ᠲᠦᠷᠦᠯ | ᠵᠦᠢᠯ ᠢ ᠲᠠᠨᠢᠯᠴᠠᠭᠤᠯᠬᠤ ᠬᠤᠷᠠᠯ ᠡᠷᠬᠢᠯᠡᠬᠦ᠂ ᠪᠦᠬᠦ ᠤᠯᠤᠰ ᠤᠨ ᠪᠡᠯᠡ ᠣᠷᠣᠭᠤᠯᠤᠯᠲᠠ ᠶᠢᠨ ᠵᠦᠢᠯᠡᠰ ᠢ | ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠳᠡᠭᠡᠷ᠎ᠡ ᠲᠤᠰᠬᠠᠢ ᠪᠤᠯᠤᠩ ᠨᠡᠭᠡᠭᠡᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠲᠥᠷᠥᠯ ᠵᠦᠢᠯ ᠤᠨ | ᠮᠡᠳᠡᠭᠡ ᠵᠠᠩᠭᠢ ᠶᠢ ᠲᠥᠪᠯᠡᠷᠡᠭᠦᠯᠦᠨ ᠨᠡᠶᠢᠲᠡᠯᠡᠵᠦ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ | ᠢᠳᠡᠪᠬᠢᠲᠡᠢ ᠪᠠᠷ ᠬᠥᠲᠥᠯᠥᠨ ᠵᠢᠯᠣᠭᠤᠳᠤᠨ᠎ᠠ᠃ ᠡᠯ᠎ᠡ ᠭᠠᠵᠠᠷ ᠣᠷᠣᠨ ᠨᠤᠭᠤᠳ ᠳᠡᠭᠡᠷ᠎ᠡ ᠳᠤᠷᠠᠳᠤᠭᠰᠠᠨ ᠠᠷᠭ᠎ᠠ | ᠬᠡᠮᠵᠢᠶ᠎ᠡ ᠲᠠᠢ ᠬᠠᠷᠢᠴᠠᠭᠤᠯᠵᠤ᠂ ᠠᠷᠠᠳ ᠤᠨ ᠬᠥᠷᠥᠩᠭᠡ ᠣᠷᠣᠯᠴᠠᠬᠤ ᠶᠢ ᠵᠣᠷᠢᠭᠵᠢᠭᠤᠯᠬᠤ ᠲᠥᠷᠥᠯ ᠵᠦᠢᠯ ᠤᠨ | ᠨᠠᠷᠢᠨ ᠬᠠᠭᠤᠳᠠᠰᠤ ᠶᠢ ᠪᠣᠶ ᠪᠣᠯᠭᠠᠬᠤ ᠶᠢᠨ ᠬᠠᠮᠲᠤ ᠲᠠᠨᠢᠯᠴᠠᠭᠤᠯᠬᠤ ᠪᠠᠨ ᠴᠢᠩᠭᠠᠳᠬᠠᠨ᠎ᠠ᠃ ︵ᠬᠠᠷᠢᠭᠤᠴᠠᠯᠭᠠᠲᠤ | ᠨᠢᠭᠡᠴᠢ᠄ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ᠂ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︶ | 2᠂ ᠰᠠᠭᠤᠷᠢ ᠪᠡᠯᠡᠳᠬᠡᠮᠵᠢ ᠶᠢᠨ ᠬᠦᠷᠢᠶᠡᠨ ᠳᠠᠬᠢ ᠥᠯᠥ ᠬᠥᠳᠡᠯᠬᠦ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ︵REITs︶ ᠶᠢᠨ ᠲᠠᠷᠬᠠᠭᠠᠬᠤ | ᠬᠡᠪᠴᠢᠶ᠎ᠡ ᠶᠢ ᠥᠷᠭᠡᠳᠬᠡᠵᠦ᠂ ᠨᠥᠬᠦᠴᠡᠯ ᠳᠤ ᠨᠡᠶᠢᠴᠡᠬᠦ ᠠᠷᠠᠳ ᠤᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠤᠨ ᠰᠠᠭᠤᠷᠢ ᠪᠡᠯᠡᠳᠬᠡᠮᠵᠢ ᠶᠢᠨ REITs ᠲᠠᠷᠬᠠᠭᠠᠬᠤ ᠶᠢ ᠠᠬᠢᠭᠤᠯᠵᠤ᠂ ᠠᠷᠠᠳ ᠤᠨ ᠪᠡᠯᠡ | ᠣᠷᠣᠭᠤᠯᠤᠯᠲᠠ ᠶᠢ ᠤᠯᠠᠮ ᠨᠢᠭᠡ ᠠᠯᠬᠤᠮ ᠥᠷᠭᠡᠳᠬᠡᠨ᠎ᠡ᠃ ︵ᠬᠠᠷᠢᠭᠤᠴᠠᠯᠭᠠᠲᠤ ᠨᠢᠭᠡᠴᠢ᠄ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢ ᠬᠢᠨᠠᠨ | ᠬᠠᠮᠢᠶᠠᠷᠤᠯᠳᠠ ᠶᠢᠨ ᠵᠥᠪᠯᠡᠯ︶ | 3᠂ ᠠᠷᠠᠳ ᠦᠨ ᠡᠵᠡᠩᠨᠡᠭᠰᠡᠨ ᠠᠵᠤ ᠠᠬᠤᠶᠢᠯᠠᠯ ᠤᠨ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠪᠣᠭᠤᠮᠲᠠ ᠰᠢᠪᠲᠤᠯᠬᠤ ᠳᠤ ᠣᠷᠣᠯᠴᠠᠬᠤ ᠶᠢ ᠳᠡᠮᠵᠢᠵᠦ᠂ ᠠᠵᠤ ᠦᠢᠯᠡᠳᠪᠦᠷᠢ ᠶᠢᠨ ᠵᠥᠭᠡᠯᠡᠨ | ᠲᠣᠨᠤᠭ᠂ ᠡᠭᠦᠯᠡᠨ ᠪᠣᠳᠣᠯᠲᠠ᠂ ᠵᠣᠬᠢᠶᠠᠮᠠᠯ ᠣᠶᠤᠨ ᠴᠢᠳᠠᠪᠤᠷᠢ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ | ᠭᠧᠨ ᠪᠠ ᠡᠰ ᠤᠨ ᠡᠮᠴᠢᠯᠡᠭᠡ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠵᠡᠷᠭᠡ ᠬᠦᠷᠢᠶ᠎ᠡ ᠴᠠᠷᠠᠭ᠎ᠠ ᠶᠢᠨ | ᠪᠣᠭᠤᠮᠲᠠ ᠰᠢᠪᠲᠤᠯᠬᠤ ᠡᠭᠦᠷᠭᠡᠶᠢ ᠲᠦᠷᠦᠭᠦᠯᠡᠨ ᠡᠭᠦᠷᠭᠡᠯᠡᠨ᠎ᠡ᠃ ︵ᠬᠠᠷᠢᠭᠤᠴᠠᠯᠭᠠᠲᠤ ᠨᠢᠭᠡᠴᠢ᠄ ᠰᠢᠨᠵᠢᠯᠡᠬᠦ | ᠤᠬᠠᠭᠠᠨ ᠮᠡᠷᠭᠡᠵᠢᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ︶ | 4᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ | ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠳᠠᠬᠢ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ | ᠤᠯᠤᠰ ᠤᠨ ᠰᠢᠶᠠᠨ ᠤ ᠬᠡᠪᠴᠢᠶᠡᠨ ᠳᠤ ᠨᠢᠭᠡ ᠪᠦᠯᠦᠭ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ | ᠦᠢᠯᠡᠰ ᠤᠨ ᠴᠤᠭᠯᠠᠷᠠᠯ ᠢ ᠪᠤᠶᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠᠶᠢᠨ ᠶᠠᠮᠤᠨ︶ | 5᠂ ᠲᠠᠪᠴᠠᠩ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠲᠠᠪᠴᠠᠩ ᠤᠨ ᠠᠵᠤ | ᠠᠬᠤᠶᠢᠯᠠᠯ ᠤᠨ ︽ᠨᠣᠭᠤᠭᠠᠨ ᠳ᠋ᠧᠩ︾ ᠤᠨ ᠪᠡᠯᠡ ᠣᠷᠣᠭᠤᠯᠤᠯᠲᠠ ᠶᠢᠨ ᠬᠡᠷᠡᠭ ᠤᠨ ᠵᠢᠱᠢᠶ᠎ᠡ ᠶᠢ ᠦᠷᠭᠦᠯᠵᠢᠯᠡᠨ | ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ | ᠪᠠᠩᠬᠢ︶ | 6᠂ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠤᠯᠤᠰ ᠤᠨ ᠲᠠᠰᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠲᠤ ᠳᠠᠩᠰᠠᠯᠠᠭᠤᠯᠬᠤ ᠶᠢ ᠳᠡᠮᠵᠢᠵᠦ᠂ | ᠲᠦᠷᠭᠡᠨ ᠤᠷᠢᠳᠴᠢᠯᠠᠨ ᠬᠢᠨᠠᠬᠤ᠂ ᠲᠦᠷᠭᠡᠨ ᠡᠷᠬᠡ ᠶᠢ ᠨᠤᠲᠠᠯᠠᠨ ᠲᠣᠭᠲᠠᠭᠠᠬᠤ᠂ ᠲᠦᠷᠭᠡᠨ ᠡᠷᠬᠡ ᠪᠠᠨ | ᠬᠠᠮᠠᠭᠠᠯᠠᠬᠤ ᠶᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠰᠢᠨᠵᠢᠯᠡᠬᠦ | ᠤᠬᠠᠭᠠᠨ ᠮᠡᠷᠭᠡᠵᠢᠯ ᠤᠨ ᠶᠠᠮᠤᠨ︶ | 7᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ | ᠨᠤᠳᠠᠯᠠᠯᠳᠠ ᠲᠠᠰ ᠳᠡᠪᠰᠢᠭᠦᠯᠬᠦ ᠠᠵᠢᠯᠯᠠᠭ᠎ᠠ ᠶᠢ ᠥᠷᠨᠢᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ | ᠶᠠᠰᠤ ᠴᠢᠨᠠᠷ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠦᠷᠢ ᠶᠢ ᠲᠡᠭᠡᠭᠰᠢᠯᠡᠭᠦᠯᠦᠨ᠎ᠡ᠃ ᠠᠷᠠᠳ ᠤᠨ ᠡᠵᠡᠩᠨᠡᠭᠰᠡᠨ | ᠠᠵᠤ ᠠᠬᠤᠶᠢᠯᠠᠯ ᠤᠨ ᠲᠦᠷᠦᠭᠦᠯᠡᠨ ᠣᠯᠠᠨ ᠤᠯᠤᠰ ᠤᠨ ᠴᠢᠨᠠᠷᠲᠠᠢ ᠠᠵᠤ ᠦᠢᠯᠡᠰ ᠬᠢᠭᠡᠳ ᠪᠠᠷᠢᠮᠵᠢᠶᠠᠲᠤ ᠵᠣᠬᠢᠶᠠᠨ | ᠪᠠᠶᠢᠭᠤᠯᠤᠯᠲᠠ ᠪᠠᠶᠢᠭᠤᠯᠬᠤ ᠶᠢ ᠳᠡᠮᠵᠢᠨ᠎ᠡ᠃ ︽ᠬᠡᠮᠵᠢᠯᠲᠡ ᠶᠢᠨ ᠦᠢᠯᠡᠴᠢᠯᠡᠭᠡᠨ ᠤ ᠳᠤᠮᠳᠠ ᠵᠢᠵᠢᠭ ᠠᠵᠤ | ᠠᠬᠤᠶᠢᠯᠠᠯ︾ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ | ᠠᠵᠤ ᠦᠢᠯᠡᠰ ᠤᠨ ᠬᠡᠮᠵᠢᠨ ᠰᠢᠯᠭᠠᠬᠤ ᠲᠥᠪ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤᠶᠢ ᠳᠡᠮᠵᠢᠵᠦ᠂ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠤᠷᠤᠭᠰᠢᠯᠠᠭᠰᠠᠨ ᠬᠢᠨᠠᠨ ᠰᠢᠯᠭᠠᠬᠤ ᠴᠢᠳᠠᠪᠦᠷᠢ ᠶᠢ | ᠲᠡᠭᠡᠭᠰᠢᠯᠡᠭᠦᠯᠦᠨ᠎ᠡ ︵ᠬᠠᠷᠢᠭᠤᠴᠠᠯᠭᠠᠲᠤ ᠨᠢᠭᠡᠴᠢ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠠᠷᠠᠳ ᠤᠨ ᠶᠠᠪᠤᠳᠠᠯ ᠤᠨ ᠶᠠᠮᠤᠨ︶ | 8᠂ ︽ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠨᠡᠮᠡᠭᠳᠡᠯ ᠢ ᠲᠣᠭᠲᠠᠪᠤᠷᠢᠵᠢᠭᠤᠯᠤᠨ ᠪᠦᠲᠦᠴᠡ ᠶᠢ | ᠲᠣᠬᠢᠷᠠᠭᠤᠯᠤᠨ ᠴᠢᠳᠠᠪᠤᠷᠢ ᠶᠢ ᠴᠢᠩᠭᠠᠷᠠᠭᠤᠯᠬᠤ ᠳᠤ ᠬᠦᠴᠦᠨ ᠨᠡᠮᠡᠷᠢᠯᠡᠬᠦ ᠠᠷᠭ᠎ᠠ ᠬᠡᠮᠵᠢᠶ᠎ᠡ ᠨᠦᠭᠦᠳ︾ ︵ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠠᠵᠤ ᠠᠬᠤᠶᠢᠯᠠᠯ ᠵᠠᠬᠢᠳᠠᠯ ﹇2023﹈ 4 ᠳ᠋ᠤᠭᠡᠷ ᠲᠣᠭᠠᠲᠤ︶ | ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠬᠤᠳᠠᠯᠳᠤᠨ ᠠᠪᠬᠤ ᠢᠨᠵᠧᠨᠧᠷᠢᠩ ᠤᠨ ᠳᠤᠮᠳᠠ ᠵᠢᠵᠢᠭ | ᠠᠵᠤ ᠠᠬᠤᠶᠢᠯᠠᠯ ᠳᠤ ᠬᠠᠨᠳᠤᠭᠤᠯᠤᠭᠰᠠᠨ ᠤᠷᠢᠳᠴᠢᠯᠠᠨ ᠦᠯᠡᠳᠡᠭᠡᠬᠦ ᠬᠤᠪᠢ ᠶᠢᠨ ᠲᠤᠭ᠎ᠠ ᠶᠢ 40% ᠠᠴᠠ | ᠳᠡᠭᠡᠭᠰᠢ ᠪᠣᠯᠲᠠᠯ᠎ᠠ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠶᠢ 2023 ᠣᠨ ᠤ ᠡᠴᠦᠰ | ᠪᠣᠯᠲᠠᠯ᠎ᠠ ᠤᠷᠲᠤᠳᠬᠠᠨ᠎ᠠ᠃ ᠭᠡᠷ᠎ᠡ ᠶᠢᠨ ᠵᠣᠭᠤᠰ ᠥᠭᠬᠦ ᠠᠬᠢᠴᠠ ᠶᠢ ᠲᠦᠷᠭᠡᠳᠬᠡᠨ᠂ ᠢᠲᠡᠭᠡᠮᠵᠢ ᠶᠢᠨ | ᠳᠠᠭᠠᠭᠠᠯᠲᠠ ᠶᠢ ᠬᠡᠷᠡᠭᠯᠡᠨ᠂ ᠳᠤᠮᠳᠠ ᠵᠢᠵᠢᠭ ᠠᠵᠤ ᠠᠬᠤᠶᠢᠯᠠᠯ ᠤᠨ ᠬᠤᠳᠠᠯᠳᠤᠨ ᠠᠪᠬᠤ ᠠᠵᠢᠯᠯᠠᠭ᠎ᠠ ᠳᠤ | ᠣᠷᠣᠯᠴᠠᠬᠤ ᠳᠤ ᠲᠦᠬᠦᠮ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠡᠳ᠋ ᠤᠨ ᠵᠠᠰᠠᠭ ᠤᠨ ᠶᠠᠮᠤᠨ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ︶ | 9᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠢᠥᠷᠨᠢᠭᠦᠯᠵᠦ᠂ ᠵᠠᠰᠠᠭ ᠵᠠᠬᠢᠷᠭᠠᠨ ᠤ ᠰᠢᠳᠬᠡᠯ | ᠥᠭᠬᠦ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ᠂ ᠬᠡᠷᠡᠭ ᠤᠨ ᠵᠢᠱᠢᠶ᠎ᠡ ᠶᠢ ᠮᠡᠳᠡᠭᠡᠯᠡᠬᠦ ᠵᠡᠷᠭᠡ ᠠᠷᠭ᠎ᠠ | ᠬᠡᠮᠵᠢᠶ᠎ᠡ ᠶᠢ ᠲᠥᠷᠥᠯ ᠬᠤᠪᠢᠶᠠᠨ ᠬᠡᠷᠡᠭᠵᠢᠭᠦᠯᠵᠦ᠂ ᠨᠢᠭᠡ ᠪᠦᠯᠦᠭ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ | ᠲᠤᠰᠬᠠᠯ ᠨᠡᠯᠢᠶᠡᠳ ᠴᠢᠩᠭ᠎ᠠ ᠪᠠᠶᠢᠭ᠎ᠠ ᠭᠠᠵᠠᠷ ᠣᠷᠣᠨ ᠤ ᠬᠠᠮᠠᠭᠠᠯᠠᠯᠲᠠ᠂ ᠥᠮᠴᠢᠯᠡᠯ ᠤᠨ ᠳᠦᠷᠢᠮ ᠤᠨ | ᠭᠠᠳᠠᠭᠤᠷᠴᠢᠯᠠᠯ ᠵᠡᠷᠭᠡ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠨ᠎ᠡ᠃ ᠡᠯ᠎ᠡ ᠭᠠᠵᠠᠷ ᠣᠷᠣᠨ ᠤ ᠡᠯᠧᠺᠲᠷᠣᠨ | ᠡᠵᠡᠩᠨᠡᠯᠲᠡ ᠶᠢᠨ ᠦᠨᠡᠮᠯᠡᠯ ᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠠᠪᠴᠠᠩ ᠳᠤ ᠲᠡᠮᠳᠡᠭᠯᠡᠬᠦ᠂ | ᠭᠠᠷ ᠤᠨ ᠥᠰᠥᠭ ᠵᠢᠷᠤᠬᠤ᠂ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠵᠡᠷᠭᠡ ᠲᠤᠬᠠᠶᠢᠯᠠᠭᠰᠠᠨ ᠠᠵᠢᠯ ᠳᠤ | ᠬᠡᠷᠡᠭᠯᠡᠬᠦ ᠶᠢ ᠰᠦᠪᠡᠭᠴᠢᠯᠡᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ | ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶ | 10᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠠᠵᠠᠭᠠᠢ ᠲᠠᠯ᠎ᠠ ᠶᠢᠨ ᠰᠢᠨ᠎ᠡ ᠬᠡᠪ ᠤᠨ ᠨᠠᠷᠢᠨ | ᠲᠠᠩᠰᠠ ᠶᠢ ᠵᠠᠰᠠᠪᠤᠷᠢ ᠣᠷᠣᠭᠤᠯᠤᠨ ᠨᠡᠶᠢᠲᠡᠯᠡᠵᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ | ᠨᠠᠷᠢᠨ ᠲᠠᠩᠰᠠ ᠠᠴᠠ ᠭᠠᠳᠠᠨᠠᠬᠢ ᠠᠵᠢᠯ ᠲᠥᠷᠥᠯ᠂ ᠬᠦᠷᠢᠶ᠎ᠡ ᠴᠠᠷᠠᠭ᠎ᠠ᠂ ᠲᠤᠬᠠᠶᠢᠯᠠᠭᠰᠠᠨ ᠠᠵᠢᠯ ᠳᠤ ᠬᠠᠤᠯᠢ | ᠶᠣᠰᠣᠭᠠᠷ ᠡᠷᠬᠡ ᠲᠡᠭᠰᠢ ᠪᠠᠷ ᠣᠷᠣᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ︶ | ᠬᠤᠶᠠᠷ᠂ ᠭᠤᠤᠯ ᠡᠯᠧᠮᠧᠨ᠋ᠲ ᠤᠨ ᠳᠡᠮᠵᠢᠯᠭᠡ ᠶᠢ ᠴᠢᠩᠭᠠᠷᠠᠭᠤᠯᠤᠨ᠎ᠠ | 11᠂ ᠲᠣᠰ ᠵᠢᠯ ᠤᠨ 10 ᠳ᠋ᠤᠭᠠᠷ ᠰᠠᠷ᠎ᠠ ᠶᠢᠨ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ | ᠤᠷᠢᠳᠴᠢᠯᠠᠨ ᠲᠤᠰᠢᠶᠠᠬᠤ ᠪᠠᠷ ᠮᠡᠳᠡᠭᠦᠯᠬᠦ ᠬᠤᠭᠤᠴᠠᠭ᠎ᠠ ᠪᠣᠯᠣᠨ ᠳᠠᠷᠠᠭ᠎ᠠ ᠵᠢᠯ ᠤᠨ 1 ︱ 5 ᠳ᠋ᠤᠭᠠᠷ ᠰᠠᠷ᠎ᠠ ᠶᠢᠨ | ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠬᠤᠭᠤᠴᠠᠭ᠎ᠠ ᠶᠢᠨ ᠬᠤᠶᠠᠷ ᠴᠠᠭ ᠤᠨ ᠰᠠᠭᠤᠷᠢᠨ ᠳᠡᠭᠡᠷ᠎ᠡ | ᠂ ᠲᠣᠰ ᠵᠢᠯ ᠤᠨ 7 ᠳ᠋ᠤᠭᠠᠷ ᠰᠠᠷ᠎ᠠ ᠶᠢᠨ ᠤᠷᠢᠳᠴᠢᠯᠠᠨ ᠲᠤᠰᠢᠶᠠᠬᠤ ᠪᠠᠷ ᠮᠡᠳᠡᠭᠦᠯᠬᠦ ᠬᠤᠭᠤᠴᠠᠭ᠎ᠠ ᠶᠢ ᠨᠡᠮᠡᠵᠦ | ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠬᠤ ᠴᠠᠭ ᠪᠣᠯᠭᠠᠵᠤ᠂ ᠨᠥᠬᠦᠴᠡᠯ ᠳᠤ ᠨᠡᠶᠢᠴᠡᠬᠦ ᠠᠵᠢᠯ ᠲᠥᠷᠥᠯᠦᠨ | ᠠᠵᠤ ᠠᠬᠤᠶᠢᠯᠠᠯ ᠤᠳ ᠲᠣᠭᠲᠠᠭᠠᠯ ᠶᠣᠰᠣᠭᠠᠷ ᠮᠡᠳᠡᠭᠦᠯᠵᠦ ᠪᠠᠶᠢᠭᠠᠳ ᠰᠤᠳᠤᠯᠤᠨ ᠨᠡᠭᠡᠭᠡᠬᠦ ᠵᠠᠷᠤᠳᠠᠯ ᠢ ᠨᠡᠮᠡᠨ | ᠪᠤᠳᠤᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠡᠳ᠋ ᠤᠨ ᠵᠠᠰᠠᠭ ᠤᠨ ᠶᠠᠮᠤᠨ︶ | 12᠂ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠬᠡᠪ ᠤᠨ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ | ᠠᠵᠢᠯ ᠢ ᠭᠦᠢᠴᠡᠳᠬᠡᠬᠦ ᠳᠤᠮᠳᠠᠴᠢ ᠴᠠᠭ ᠢ 6 ᠠᠵᠢᠯᠯᠠᠬᠤ ᠡᠳᠦᠷ ᠤᠨ ᠳᠣᠲᠣᠷ᠎ᠠ ᠪᠠᠶᠢᠯᠭᠠᠬᠤ ᠶᠢ ᠦᠷᠭᠦᠯᠵᠢᠯᠡᠨ | ᠪᠠᠲᠤᠯᠠᠵᠤ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ ᠤᠨ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ | ᠬᠡᠪ ᠤᠨ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ︵ᠬᠡᠯᠲᠦᠷᠢᠭᠦᠯᠬᠦ︶ ᠠᠵᠢᠯ ᠢ ᠭᠦᠢᠴᠡᠳᠬᠡᠬᠦ ᠳᠤᠮᠳᠠᠴᠢ ᠴᠠᠭ ᠢ 3 | ᠠᠵᠢᠯᠯᠠᠬᠤ ᠡᠳᠦᠷ ᠤᠨ ᠳᠣᠲᠣᠷ᠎ᠠ ᠪᠠᠭᠠᠰᠬᠠᠬᠤ ᠲᠥᠷᠥ ᠶᠢᠨ ᠪᠣᠳᠣᠯᠭ᠎ᠠ ᠶᠢ 2024 ᠣᠨ ᠤ ᠡᠴᠦᠰ ᠪᠣᠯᠲᠠᠯ᠎ᠠ | ᠦᠷᠭᠦᠯᠵᠢᠯᠡᠨ ᠬᠡᠷᠡᠭᠵᠢᠭᠦᠯᠦᠨ᠎ᠡ᠃ ᠤᠯᠤᠰ ︵ᠭᠠᠵᠠᠷ ᠣᠷᠣᠨ︶ ᠤᠨ ᠪᠡᠯᠡ ᠣᠷᠣᠭᠤᠯᠤᠯᠲᠠ ᠶᠢᠨ | ᠭᠠᠶᠢᠯᠢ ᠲᠠᠲᠠᠪᠤᠷᠢ ᠶᠢᠨ ᠵᠦᠭᠯᠡᠭᠦᠷ ᠢ ᠰᠢᠨᠡᠳᠬᠡᠨ ᠨᠡᠶᠢᠲᠡᠯᠡᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠢ | ᠬᠠᠪᠰᠤᠷᠤᠨ ᠬᠢᠯᠢ ᠠᠯᠤᠰᠯᠠᠭᠰᠠᠨ ᠪᠡᠯᠡ ᠣᠷᠣᠭᠤᠯᠤᠯᠲᠠ ᠶᠢᠨ ᠭᠠᠶᠢᠯᠢ ᠲᠠᠲᠠᠪᠤᠷᠢ ᠶᠢᠨ ᠲᠦᠭᠰᠢᠭᠦᠷᠢ ᠶᠢ ᠨᠠᠩ | ᠰᠠᠶᠢᠨ ᠰᠡᠷᠭᠡᠶᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ︶ | 13᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠳᠡᠮᠵᠢᠬᠦ ᠬᠤᠭᠤᠴᠠᠭ᠎ᠠ ᠶᠢ 2024 | ᠣᠨ ᠤ ᠡᠴᠦᠰ ᠪᠣᠯᠲᠠᠯ᠎ᠠ ᠤᠷᠲᠤᠳᠬᠠᠵᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠡᠮᠵᠢᠯᠭᠡ ᠶᠢᠨ | ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ᠬᠤᠳᠠᠯᠳᠤᠭᠠᠨ ᠤ ᠪᠠᠩᠬᠢ ᠶᠢᠨ ︽ᠢᠲᠡᠭᠡᠮᠵᠢᠲᠦ ᠵᠢᠭᠡᠯᠡᠯᠭᠡ︾᠂ | ᠣᠷᠣᠨ ᠨᠤᠲᠤᠭ ᠤᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠲᠠᠪᠴᠠᠩ ᠵᠡᠷᠭᠡ ᠪᠡᠯᠡ ᠲᠣᠬᠢᠷᠠᠭᠤᠯᠭ᠎ᠠ ᠶᠢᠨ | ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠳᠤ ᠵᠠᠯᠭᠠᠨ ᠣᠷᠣᠭᠤᠯᠬᠤ ᠶᠢ ᠬᠥᠲᠥᠯᠥᠨ ᠵᠢᠯᠤᠭᠤᠳᠴᠤ᠂ ᠰᠠᠯᠠᠭ᠎ᠠ | ᠮᠥᠴᠢᠷ ᠠᠯᠤᠰᠯᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠶᠢ | ᠴᠢᠩᠭᠠᠷᠠᠭᠤᠯᠤᠨ᠎ᠠ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠮᠥᠩᠭᠦᠨ | ᠭᠦᠢᠯᠭᠡᠭᠡᠨ ᠤ ᠠᠵᠤ ᠠᠬᠤᠶᠢᠯᠠᠯ ᠤᠨ ᠨᠠᠶᠢᠳᠠᠪᠤᠷᠢ ᠦᠭᠡᠢ ᠠᠪᠤᠴᠠᠭ᠎ᠠ ᠶᠢ ᠬᠠᠷᠭᠤᠭᠤᠯᠤᠨ ᠳᠠᠩᠰᠠᠨ ᠠᠴᠠ ᠭᠠᠷᠭᠠᠬᠤ | ᠬᠠᠮᠢᠶᠠᠷᠤᠯᠲᠠ ᠶᠢᠨ ᠲᠦᠷᠢᠮ ᠢ ᠰᠠᠶᠢᠳᠦᠷ ᠨᠠᠶᠢᠳᠠᠪᠦᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠳᠤᠮᠳᠠᠳᠤ | ᠤᠯᠤᠰ ᠤᠨ ᠠᠷᠠᠳ ᠤᠨ ᠪᠠᠩᠬᠢ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ︶ | 14᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠪ ᠪᠠ | ᠣᠷᠣᠨ ᠨᠤᠲᠤᠭ ᠤᠨ ᠬᠠᠮᠲᠤᠷᠠᠯᠴᠠᠭᠠᠨ ᠤ ᠢᠲᠡᠭᠡᠮᠵᠢ ᠶᠢ ᠨᠡᠮᠡᠭᠳᠡᠭᠦᠯᠬᠦ ᠰᠢᠨ᠎ᠡ ᠵᠠᠭᠪᠤᠷ ᠢ ᠲᠠᠷᠬᠠᠭᠠᠬᠤ | ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠷᠲᠡᠯ᠎ᠡ | ᠥᠷᠭᠡᠳᠬᠡᠵᠦ᠂ ᠨᠠᠩ ᠣᠯᠠᠨ ᠵᠢᠱᠢᠶ᠎ᠡ ᠦᠵᠡᠭᠦᠯᠬᠦ ᠬᠡᠷᠡᠭ ᠤᠨ ᠵᠢᠱᠢᠶ᠎ᠡ ᠶᠢ ᠲᠦᠷᠭᠡᠬᠡᠨ ᠪᠣᠶ ᠪᠣᠯᠭᠠᠨ᠎ᠠ᠃ ︵ | ᠬᠠᠷᠢᠭᠤᠴᠠᠯᠭᠠᠲᠤ ᠨᠢᠭᠡᠴᠢ᠄ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ︶ | 15᠂ ᠠᠷᠠᠳ ᠤᠨ ᠡᠵᠡᠩᠨᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠭᠠᠵᠠᠷ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠠᠵᠤ ᠦᠢᠯᠡᠰ ᠤᠨ ᠬᠡᠯᠬᠢᠶ᠎ᠡ ᠪᠠᠷ ᠭᠠᠵᠠᠷ ᠬᠠᠩᠭᠠᠬᠤ ᠶᠢ | ᠰᠦᠪᠡᠭᠴᠢᠯᠡᠨ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠳᠤ ᠬᠤᠯᠪᠣᠭᠳᠠᠬᠤ ᠣᠯᠠᠨ | ᠬᠡᠰᠡᠭ ᠭᠠᠵᠠᠷ ᠰᠢᠷᠣᠢ ᠳᠤ ᠪᠦᠬᠦᠯᠢ ᠴᠣᠭᠴᠠ ᠶᠢᠨ ᠬᠠᠩᠭᠠᠯᠭ᠎ᠠ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠪᠠᠶᠢᠭᠠᠯᠢ ᠶᠢᠨ ᠡᠬᠢ ᠪᠠᠶᠠᠯᠢᠭᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ︶ | 16᠂ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ | ᠲᠣᠭᠲᠠᠭᠠᠯ ᠠᠴᠠ ᠭᠠᠳᠠᠨ᠎ᠠ᠂ ᠬᠤᠲᠠ ᠪᠠᠯᠭᠠᠰᠤ ᠶᠢᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷ᠎ᠠ᠂ ᠤᠰᠤ᠂ ᠬᠡᠢ᠂ ᠴᠠᠬᠢᠯᠭᠠᠨ ᠬᠠᠩᠭᠠᠬᠤ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠶᠢᠨ ᠵᠠᠭᠠᠭ ᠭᠠᠳᠠᠷᠭᠤ ᠶᠢ ᠦᠨ᠎ᠡ ᠲᠥᠯᠥᠪᠦᠷᠢ ᠦᠭᠡᠢ ᠪᠠᠷ ᠠᠵᠤ ᠠᠬᠤᠶᠢᠯᠠᠯ ᠤᠨ ᠪᠠᠷᠢᠯᠭ᠎ᠠ ᠶᠢᠨ | ᠣᠷᠣᠨ ᠤ ᠬᠤᠪᠢᠶᠠᠷᠢᠯᠠᠯ ᠤᠨ ᠤᠯᠠᠭᠠᠨ ᠱᠤᠭᠤᠮ ᠬᠦᠷᠲᠡᠯ᠎ᠡ ᠤᠷᠲᠤᠳᠬᠠᠨ᠎ᠠ᠃ ︵ᠬᠠᠷᠢᠭᠤᠴᠠᠯᠭᠠᠲᠤ ᠨᠢᠭᠡᠴᠢ᠄ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ︶ | 17᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠡᠷᠬᠡ | ᠣᠯᠭᠤᠵᠤ᠂ ᠮᠡᠷᠭᠡᠵᠢᠯ ᠤᠨ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ ᠬᠡᠪᠴᠢᠶ᠎ᠡ ᠠᠴᠠ ᠳᠡᠭᠡᠭᠰᠢᠬᠢ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠤᠨ ᠲᠤᠰᠠᠭᠠᠷ ᠪᠤᠶᠤ ᠬᠠᠮᠲᠤᠷᠠᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠺᠣᠮᠢᠰ | ᠪᠠᠶᠢᠭᠤᠯᠵᠤ᠂ ᠪᠡᠶ᠎ᠡ ᠪᠠᠨ ᠳᠠᠭᠠᠭᠠᠵᠤ ᠬᠢᠨᠠᠨ ᠲᠣᠭᠲᠠᠭᠠᠬᠤ ᠠᠵᠢᠯ ᠥᠷᠨᠢᠭᠦᠯᠬᠦ ᠶᠢ ᠵᠥᠪᠰᠢᠶᠡᠷᠡᠨ᠎ᠡ᠃ ︵ | ᠬᠠᠷᠢᠭᠤᠴᠠᠯᠭᠠᠲᠤ ᠨᠢᠭᠡᠴᠢ᠄ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ︶ | ᠭᠤᠷᠪᠠ᠂ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ | 18᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠢ ᠶᠢ ᠡᠷᠬᠡ ᠲᠡᠭᠰᠢ ᠪᠠᠷ ᠬᠠᠮᠠᠭᠠᠯᠠᠬᠤ ᠵᠠᠷᠴᠢᠮ ᠠᠴᠠ | ᠵᠥᠷᠢᠴᠡᠭᠰᠡᠨ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠨ ᠬᠦᠴᠦᠨ | ᠦᠭᠡᠢ ᠪᠣᠯᠭᠠᠵᠤ᠂ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠬᠠᠮᠠᠭᠠᠯᠠᠬᠤ ᠪᠠ ᠳᠡᠮᠵᠢᠬᠦ ᠪᠠᠨ | ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠢ᠄ ᠬᠠᠤᠯᠢ ᠴᠠᠭᠠᠵᠠ ᠶᠢᠨ ᠶᠠᠮᠤᠨ︶ | 19᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ | ᠬᠠᠤᠯᠢ︾ ᠶᠢᠨ ᠭᠤᠴᠢᠨ ᠭᠤᠷᠪᠠᠳᠤᠭᠠᠷ ᠵᠦᠢᠯ ᠢ ᠦᠨᠳᠦᠰᠦᠯᠡᠨ᠂ ᠬᠤᠳᠠ ᠶᠢᠨ ᠬᠠᠮᠢᠶᠠᠷᠤᠯᠲᠠ᠂ ᠠᠮᠢ ᠠᠬᠤᠢ ᠶᠢᠨ | ᠣᠷᠴᠢᠨ ᠨᠥᠬᠦᠴᠡᠯ ᠤᠨ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ | ᠬᠦᠷᠢᠶᠡᠨ ᠳᠤ ᠰᠢᠳᠬᠡᠯ ᠠᠴᠠ ᠬᠡᠯᠲᠦᠷᠢᠭᠦᠯᠬᠦ ᠪᠣᠳᠠᠲᠠᠢ ᠪᠠᠶᠢᠳᠠᠯ ᠢ ᠲᠤᠰ ᠲᠤᠰ ᠲᠣᠳᠣᠷᠬᠠᠶᠢᠯᠠᠵᠠᠢ᠃ ︽ᠵᠠᠰᠠᠭ | ᠵᠠᠬᠢᠷᠭᠠᠨ ᠤ ᠲᠣᠷᠭᠠᠭᠤᠯᠢ ᠶᠢᠨ ᠵᠣᠭᠤᠰ ᠢ ᠲᠣᠭᠲᠠᠭᠠᠬᠤ ᠪᠠ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠤᠯᠠᠮ | ᠨᠢᠭᠡ ᠠᠯᠬᠤᠮ ᠵᠢᠷᠤᠮᠵᠢᠭᠤᠯᠬᠤ ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠪᠡ᠃ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠪᠠ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠳᠠᠬᠢ ᠵᠣᠭᠤᠰ ᠢᠶᠠᠷ ᠲᠣᠷᠭᠠᠬᠤ ᠵᠦᠢᠯᠡᠰ ᠢ ᠲᠤᠰᠬᠠᠢ | ᠵᠦᠢᠯ ᠢᠶᠠᠷ ᠢᠯᠭᠠᠷᠠᠭᠤᠯᠬᠤ ᠠᠵᠢᠯ ᠢ ᠥᠷᠨᠢᠭᠦᠯᠵᠦ᠂ ᠢᠯᠭᠠᠷᠠᠭᠤᠯᠤᠭᠰᠠᠨ ᠦᠷ᠎ᠡ ᠳ᠋ᠦᠩ ᠢ ᠨᠡᠶᠢᠭᠡᠮ ᠨᠡᠶᠢᠲᠡ ᠳᠤ | ᠨᠡᠶᠢᠲᠡᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠠᠤᠯᠢ ᠴᠠᠭᠠᠵᠠ ᠶᠢᠨ ᠶᠠᠮᠤᠨ᠂ ᠠᠮᠢ ᠠᠬᠤᠢ ᠶᠢᠨ ᠣᠷᠴᠢᠨ | ᠲᠣᠭᠤᠷᠢᠨ ᠤ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ︶ | ᠳᠥᠷᠪᠡ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠢ ᠰᠢᠯᠢᠳᠡᠭᠵᠢᠭᠦᠯᠦᠨ᠎ᠡ | 20᠂ ᠵᠠᠰᠠᠭ ᠤᠨ ᠣᠷᠳᠣᠨ ᠪᠠ ᠬᠤᠳᠠᠯᠳᠤᠭᠠᠴᠢᠨ ᠢ ᠳᠣᠲᠣᠨᠣᠴᠢᠯᠠᠬᠤ ᠬᠠᠷᠢᠴᠠᠭ᠎ᠠ ᠶᠢ ᠪᠥᠬᠦ ᠲᠠᠯ᠎ᠠ ᠪᠠᠷ | ᠪᠠᠶᠢᠭᠤᠯᠵᠤ᠂ ᠡᠯ᠎ᠡ ᠭᠠᠵᠠᠷ ᠣᠷᠣᠨ ᠤ ᠠᠳᠠᠯᠢ ᠪᠤᠰᠤ ᠠᠷᠭ᠎ᠠ ᠮᠠᠶ᠋ᠢᠭ ᠢᠶᠠᠷ ᠠᠷᠠᠳ ᠤᠨ ᠡᠵᠡᠩᠨᠡᠭᠰᠡᠨ ᠠᠵᠤ | ᠠᠬᠤᠶᠢᠯᠠᠯ ᠳᠤ ᠦᠢᠯᠡᠴᠢᠯᠡᠬᠦ ᠶᠢ ᠬᠠᠶᠢᠨ ᠰᠦᠪᠡᠭᠴᠢᠯᠡᠬᠦ ᠶᠢ ᠳᠡᠮᠵᠢᠵᠦ᠂ ᠪᠥᠬᠦ ᠤᠯᠤᠰ ᠤᠨ ᠨᠢᠭᠡ ᠴᠣᠭᠴᠠᠵᠢᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠲᠣᠭᠠᠴᠢᠯᠠᠭᠰᠠᠨ ᠠᠷᠭ᠎ᠠ ᠪᠠᠷᠢᠯ ᠢ ᠭᠦᠢᠴᠡᠳ | ᠠᠰᠢᠭᠯᠠᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠤ ᠬᠦᠴᠦᠨ | ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠤᠨ ᠡᠵᠡᠩᠨᠡᠭᠰᠡᠨ | ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠰᠢᠢᠳᠪᠦᠷᠢᠯᠡᠬᠦ ᠶᠢ ᠲᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ | ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︶ | 21᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠮᠢᠶ᠎ᠠ ᠪᠦᠬᠦᠢ | ᠵᠠᠭᠤᠴᠢᠯᠠᠬᠤ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ | ᠂ ᠨᠠᠷᠢᠨ ᠬᠠᠭᠤᠳᠠᠰᠤ ᠳᠤ ᠣᠷᠣᠭᠤᠯᠤᠭᠰᠠᠨ ᠦᠭᠡᠢ ᠵᠦᠢᠯᠡᠰ ᠢ ᠴᠥᠮ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠤᠨ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ ᠪᠣᠯᠭᠠᠵᠤ ᠪᠣᠯᠬᠤ ᠦᠭᠡᠢ᠂ ᠬᠤᠶᠢᠰᠢᠳᠠ | ᠰᠢᠨ᠎ᠡ ᠪᠠᠷ ᠪᠠᠶᠢᠭᠤᠯᠬᠤ ᠴᠢᠬᠤᠯᠠ ᠲᠠᠢ ᠪᠣᠯ᠂ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠤᠨ ᠶᠣᠰᠣᠭᠠᠷ | ᠲᠣᠭᠲᠠᠭᠠᠬᠤ ᠶᠢᠨ ᠬᠠᠮᠲᠤ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠤᠨ᠎ᠠ᠃ ᠵᠠᠭᠤᠴᠢᠯᠠᠬᠤ | ᠦᠢᠯᠡᠴᠢᠯᠡᠭᠡᠨ ᠤ ᠵᠦᠢᠯᠡᠰ ᠢ ᠡᠯ᠎ᠡ ᠱᠠᠲᠤᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠳᠤ ᠣᠷᠣᠭᠤᠯᠵᠤ᠂ ᠪᠠᠶᠢᠭᠤᠯᠤᠮᠵᠢ ᠶᠢ ᠰᠣᠩᠭᠤᠬᠤ᠂ ᠵᠠᠷᠤᠳᠠᠯ ᠥᠭᠬᠦ᠂ | ᠮᠡᠳᠡᠭᠦᠯᠦᠯᠲᠡ ᠶᠢ ᠳᠡᠭᠡᠭᠰᠢ ᠳᠠᠮᠵᠢᠭᠤᠯᠬᠤ᠂ ᠦᠢᠯᠡᠴᠢᠯᠡᠭᠡᠨ ᠢ ᠦᠨᠡᠯᠡᠬᠦ ᠵᠡᠷᠭᠡ ᠪᠥᠬᠦ ᠴᠤᠪᠤᠷᠠᠯ ᠢ ᠰᠦᠯᠵᠢᠶᠡᠨ | ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠨᠡᠶᠢᠭᠡᠮ ᠤᠨ ᠬᠢᠨᠠᠯᠲᠠ ᠶᠢ ᠢᠯᠡ ᠪᠠᠷ ᠬᠦᠯᠢᠶᠡᠨ᠎ᠡ᠃ ︵ | ᠬᠠᠷᠢᠭᠤᠴᠠᠯᠭᠠᠲᠤ ᠨᠢᠭᠡᠴᠢ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ︶ | 22᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ | ᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠢ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ | ᠵᠣᠭᠤᠰ ᠢ ᠭᠤᠣᠯᠳᠠᠯᠭ᠎ᠠ ᠲᠠᠢ ᠢᠯᠭᠠᠷᠠᠭᠤᠯᠤᠨ᠎ᠠ᠃ ᠬᠢᠨᠠᠨ ᠪᠤᠳᠤᠬᠤ ᠰᠠᠯᠠᠭ᠎ᠠ ᠮᠥᠴᠢᠷ ᠨᠢ ᠠᠷᠠᠳ ᠤᠨ ᠡᠵᠡᠩᠨᠡᠭᠰᠡᠨ | ᠠᠵᠤ ᠠᠬᠤᠶᠢᠯᠠᠯ ᠤᠨ ᠲᠤᠰᠬᠠᠭᠰᠠᠨ ᠥᠷᠢᠲᠦᠭᠰᠡᠨ ᠵᠣᠭᠤᠰ ᠤᠨ ᠰᠦᠪᠡᠭᠴᠢ ᠶᠢ ᠭᠥᠯᠢᠶᠡᠨ ᠠᠪᠴᠤ᠂ ᠬᠢᠨᠠᠨ | ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠢ᠄ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠶᠠᠮᠤᠨ᠂ ᠬᠢᠨᠠᠨ ᠪᠤᠳᠤᠬᠤ ᠵᠠᠬᠢᠷᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ︶ | 23᠂ ᠲᠦᠭᠦᠮ ᠢᠶᠠᠷ ᠬᠦᠴᠦᠨ ᠦᠭᠡᠢ ᠪᠣᠯᠭᠠᠬᠤ᠂ ᠡᠩ ᠤᠨ ᠬᠦᠴᠦᠨ ᠦᠭᠡᠢ ᠪᠣᠯᠭᠠᠬᠤ ᠳᠦᠷᠢᠮ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠦᠴᠦᠨ ᠦᠭᠡᠢ ᠪᠣᠯᠭᠠᠬᠤ ︽ᠨᠢᠭᠡ | ᠰᠦᠯᠵᠢᠶᠡᠨ ᠤ ᠦᠢᠯᠡᠴᠢᠯᠡᠭᠡ︾ ᠶᠢᠨ ᠲᠠᠪᠴᠠᠩ ᠢᠲ᠋ᠡᠭᠦᠯᠳᠡᠷᠵᠢᠭᠦᠯᠦᠨᠡ᠃ ᠠᠵᠢᠯ ᠵᠣᠭᠰᠣᠬᠤ ᠳᠦᠷᠢᠮ ᠤᠨ ᠢᠵᠢ | ᠪᠦᠷᠢᠳᠦᠭᠦᠯᠬᠦ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠬᠥᠮᠥᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶ᠎ᠠ︶ | 24᠂ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠢ ᠠᠴᠠ ᠭᠠᠳᠠᠨ᠎ᠠ᠂ ᠠᠵᠤ ᠠᠬᠤᠶᠢᠯᠠᠯ ᠳᠤ | ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠳᠤ ᠠᠵᠤ ᠠᠬᠤᠶᠢᠯᠠᠯᠲᠠᠨ ᠤ | ᠰᠠᠨᠠᠯ ᠰᠠᠨᠠᠭᠤᠯᠭ᠎ᠠ ᠶᠢ ᠭᠦᠢᠴᠡᠳ ᠮᠡᠳᠡᠭᠦᠯᠦᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ | ᠪᠣᠳᠣᠯᠭ᠎ᠠ ᠶᠢᠨ ᠲᠣᠬᠢᠷᠠᠭᠤᠯᠤᠯᠲᠠ ᠳᠤ ᠵᠦᠢ ᠵᠣᠬᠢᠰᠲᠠᠢ ᠰᠢᠯᠵᠢᠯᠲᠡ ᠶᠢᠨ ᠬᠤᠭᠤᠴᠠᠭ᠎ᠠ ᠲᠤᠬᠢᠷᠠᠭᠤᠯᠤᠨ᠎ᠠ᠃ ︵ | ᠬᠠᠷᠢᠭᠤᠴᠠᠯᠭᠠᠲᠤ ᠨᠢᠭᠡᠴᠢ᠄ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ᠲᠠᠪᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ | 25᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠭᠠᠯᠳᠤᠯᠭ᠎ᠠ ᠶᠢᠨ ᠠᠷᠭ᠎ᠠ ᠵᠠᠮ ᠢ ᠱᠠᠲᠤ ᠬᠤᠪᠢᠶᠠᠨ | ᠰᠠᠭᠠᠳ ᠦᠭᠡᠢ ᠨᠠᠪᠲᠠᠷᠡᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠢᠨᠲ᠋ᠧᠷ ᠰᠦᠯᠵᠢᠶ᠎ᠡ + | ᠰᠢᠮᠳᠠᠭᠤᠯᠤᠨ ᠪᠠᠶᠢᠴᠠᠭᠠᠬᠤ︾ ᠲᠠᠪᠴᠠᠩ ᠳᠤ ᠠᠵᠤ ᠠᠬᠤᠶᠢᠯᠠᠯ ᠳᠤ ᠬᠤᠯᠪᠣᠭᠳᠠᠭᠰᠠᠨ ᠠᠰᠠᠭᠤᠳᠠᠯ ᠢ | ᠴᠤᠭᠯᠠᠭᠤᠯᠬᠤ ᠲᠤᠰᠬᠠᠢ ᠰᠡᠳᠦᠪᠲᠦ ᠠᠯᠪᠠᠨ ᠵᠠᠷ ᠭᠠᠷᠭᠠᠵᠤ᠂ ᠤᠯᠤᠰ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠵᠠᠭᠠᠯᠳᠤᠬᠤ ᠰᠠᠨᠠᠭᠤᠯᠭ᠎ᠠ ᠶᠢᠨ ᠰᠢᠰᠲ᠋ᠧᠮ ᠳᠤ ᠠᠵᠤ ᠠᠬᠤᠶᠢᠯᠠᠯ ᠳᠤ | ᠬᠤᠯᠪᠣᠭᠳᠠᠭᠰᠠᠨ ᠠᠰᠠᠭᠤᠳᠠᠯ ᠢ ᠴᠤᠭᠯᠠᠭᠤᠯᠬᠤ ᠲᠤᠰᠬᠠᠢ ᠪᠤᠯᠤᠩ ᠭᠠᠷᠭᠠᠵᠤ᠂ ᠡᠯ᠎ᠡ ᠭᠠᠵᠠᠷ | ᠣᠷᠣᠨ ᠨᠤᠭᠤᠳ ᠲᠣᠰ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ | ᠵᠠᠭᠠᠯᠳᠤᠯᠭ᠎ᠠ ᠶᠢᠨ ᠵᠦᠢᠯᠡᠰ ᠢ ︽12345︾ ᠶᠢᠨ ᠬᠠᠯᠠᠮᠰᠢᠯ ᠤᠲᠠᠰᠤ ᠵᠡᠷᠭᠡ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠳᠤ ᠣᠷᠣᠭᠤᠯᠵᠤ᠂ ᠰᠢᠯᠵᠢᠭᠦᠯᠦᠨ ᠰᠢᠢᠳᠪᠦᠷᠢᠯᠡᠭᠦᠯᠵᠦ ᠴᠡᠭᠴᠡᠯᠡᠨ | ᠰᠠᠶᠢᠵᠢᠷᠠᠭᠤᠯᠬᠤ ᠶᠢ ᠮᠥᠷᠳᠡᠬᠦ ᠲᠣᠭᠲᠠᠴᠠ ᠶᠢ ᠪᠠᠶᠢᠭᠤᠯᠤᠨ᠎ᠠ᠃ ᠠᠷᠠᠳ ᠤᠨ ᠡᠵᠡᠩᠨᠡᠭᠰᠡᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠴᠢᠨ ᠨᠥᠬᠦᠴᠡᠯ ᠢ ᠦᠨᠡᠯᠡᠬᠦ ᠠᠵᠢᠯ ᠢ ᠦᠷᠭᠦᠯᠵᠢᠯᠡᠨ ᠦᠷᠨᠢᠭᠦᠯᠦᠨ᠎ᠡ᠃ | ︵ᠬᠠᠷᠢᠭᠤᠴᠠᠯᠭᠠᠲᠤ ᠨᠢᠭᠡᠴᠢ᠄ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠪᠥᠬᠦ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︶ | 26᠂ ︽ᠬᠤᠳᠠᠯ ᠬᠠᠭᠤᠷᠮᠠᠭ ᠲᠤ ᠴᠣᠬᠢᠯᠲᠠ ᠦᠭᠬᠦ︾ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠵᠦ᠂ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠪᠠ ᠠᠷᠠᠳ ᠤᠨ ᠡᠵᠡᠩᠨᠡᠭᠰᠡᠨ ᠠᠵᠤ ᠠᠬᠤᠶᠢᠯᠠᠯᠲᠠᠨ ᠤ ︽ | ᠰᠦᠯᠵᠢᠶᠡᠨ ᠤ ᠬᠠᠷ᠎ᠠ ᠠᠮᠠ︾ ᠪᠠ ︽ᠬᠠᠷ᠎ᠠ ᠠᠵᠤ ᠦᠢᠯᠡᠰ ᠤᠨ ᠬᠡᠯᠬᠢᠶ᠎ᠡ︾ ᠶᠢ ᠵᠣᠷᠢᠭᠤᠳᠠ ᠬᠥᠭᠡᠷᠭᠡᠳᠡᠬᠦ᠂ | ᠴᠤᠤᠷᠬᠠᠯ ᠲᠠᠷᠬᠠᠭᠠᠵᠤ ᠭᠦᠳᠬᠡᠬᠦ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ︵ | ᠬᠠᠷᠢᠭᠤᠴᠠᠯᠭᠠᠲᠤ ᠨᠢᠭᠡᠴᠢ᠄ ᠳᠣᠲᠣᠭᠠᠳᠤ ᠶᠢ ᠬᠠᠮᠠᠭᠠᠯᠠᠬᠤ ᠶᠠᠮᠤᠨ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢ | ᠬᠢᠨᠠᠨ ᠬᠠᠮᠢᠶᠠᠷᠤᠯᠳᠠ ᠶᠢᠨ ᠵᠥᠪᠯᠡᠯ᠂ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︶ | 27᠂ ᠡᠯ᠎ᠡ ᠭᠠᠵᠠᠷ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ | ᠳᠡᠮᠵᠢᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠨ ᠤ | ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠯᠲᠠ ᠳᠤ ᠣᠷᠣᠭᠤᠯᠵᠤ᠂ ᠢᠯᠡᠷᠡᠭᠦᠯᠦᠭᠰᠡᠨ ᠠᠰᠠᠭᠤᠳᠠᠯ ᠢ ᠰᠢᠮᠳᠠᠭᠤᠯᠤᠨ | ᠴᠡᠭᠴᠡᠯᠡᠨ ᠰᠠᠶᠢᠵᠢᠷᠠᠭᠤᠯᠵᠤ᠂ ᠰᠠᠶᠢᠨ ᠲᠤᠷᠰᠢᠯᠭ᠎ᠠ ᠠᠷᠭ᠎ᠠ ᠬᠢᠳᠡᠯ ᠢ ᠤᠬᠠᠭᠤᠯᠤᠨ ᠳᠡᠯᠭᠡᠷᠡᠭᠦᠯᠦᠨ᠎ᠡ᠃ ᠲᠥᠪ ᠤᠨ | ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠪᠠᠷ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠱᠠᠩᠨᠠᠨ | ᠳᠡᠮᠵᠢᠬᠦ ᠲᠤᠰᠬᠠᠢ ᠵᠦᠢᠯᠡᠰ ᠢ ᠪᠠᠶᠢᠭᠤᠯᠵᠤ᠂ ᠵᠢᠯ ᠪᠦᠷᠢ ᠨᠢᠭᠡ ᠪᠦᠯᠦᠭ ᠠᠷᠠᠳ ᠤᠨ ᠪᠡᠯᠡ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠲᠦᠷᠭᠡᠨ᠂ ᠡᠵᠡᠯᠡᠬᠦ ᠬᠠᠷᠢᠴᠠᠯ ᠨᠢ ᠥᠨᠳᠥᠷ᠂ ᠠᠮᠢᠵᠢᠷᠠᠯ ᠤᠨ | ᠬᠦᠴᠦᠨ ᠢᠶᠠᠷ ᠴᠢᠩᠭ᠎ᠠ᠂ ᠠᠷᠭ᠎ᠠ ᠬᠡᠮᠵᠢᠶ᠎ᠡ ᠨᠢ ᠪᠣᠳᠠᠲᠠᠢ ᠬᠤᠲᠠ ᠰᠢᠶᠠᠨ ᠳᠤ ᠱᠠᠩᠨᠠᠨ ᠬᠥᠬᠢᠭᠦᠯᠬᠦ ᠳᠡᠮᠵᠢᠯᠭᠡ | ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 28᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠠᠵᠢᠯ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠨᠡᠶᠢᠲᠡ ᠪᠠ ᠬᠤᠪᠢ | ᠬᠥᠮᠥᠨ ᠢ ᠰᠠᠶᠢᠰᠢᠶᠠᠨ ᠬᠥᠬᠢᠭᠦᠯᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠡᠷᠢᠭᠦᠨ ᠤ | ᠬᠡᠪ ᠳᠠᠭᠤᠷᠢᠶᠠᠯ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ︵ | ᠬᠠᠷᠢᠭᠤᠴᠠᠯᠭᠠᠲᠤ ᠨᠢᠭᠡᠴᠢ᠄ ᠪᠥᠬᠦ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠᠶᠢᠨ ᠶᠠᠮᠤᠨ︶ | ᠢᠷᠡᠯᠲᠡ᠄ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠰᠦᠯᠵᠢᠶ᠎ᠡ |