ᠲᠥᠪ ᠪᠠᠩᠬᠢ᠄ ᠬᠤᠳᠠᠯᠳᠤᠭᠠᠨ ᠤ ᠪᠠᠩᠬᠢ ᠶᠢ ᠵᠢᠯᠣᠭᠤᠳᠤᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠦᠯᠡᠳᠡᠭᠡᠯ ᠬᠦᠦ ᠶᠢᠨ ᠨᠣᠷᠮ᠎ᠠ ᠳᠤ ᠬᠠᠤᠯᠢ ᠶᠤᠰᠤᠭᠠᠷ ᠡᠮᠬᠢ ᠵᠢᠷᠤᠮ ᠲᠠᠢ ᠲᠤᠬᠢᠷᠠᠭᠤᠯᠤᠯᠳᠠ ᠬᠢᠨ᠎ᠡ
ᠨᠡᠶᠢᠲᠡᠯᠡᠭᠰᠡᠨ ᠴᠠᠭ᠄
2023/8/3
     ᠳᠤᠮᠳᠠᠳᠤ ᠤᠯᠤᠰ ᠤᠨ ᠠᠷᠠᠳ ᠤᠨ ᠪᠠᠩᠬᠢ 8 ᠳ᠋ᠤᠭᠠᠷ ᠰᠠᠷ᠎ᠠ ᠶᠢᠨ 1 ᠤ ᠡᠳᠦᠷ ᠢᠯᠡᠷᠬᠡᠶᠢᠯᠡᠬᠦ ᠳᠡᠭᠡᠨ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠳᠤ ᠵᠦᠷᠢᠶᠡᠴᠢᠯᠡᠭᠰᠡᠨ ᠣᠷᠣᠨ ᠰᠠᠭᠤᠴᠠ ᠶᠢᠨ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ ᠂ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠪᠠ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠬᠤ ᠶᠢ ᠦᠷᠭᠦᠯᠵᠢᠯᠡᠨ ᠬᠥᠲᠥᠯᠥᠨ ᠵᠢᠯᠤᠭᠤᠳᠴᠤ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠨ ᠬᠠᠩᠭᠠᠨ᠎ᠠ᠃ ᠬᠤᠳᠠᠯᠳᠤᠭᠠᠨ ᠤ ᠪᠠᠩᠬᠢ ᠶᠢ ᠵᠢᠯᠤᠭᠤᠳᠤᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠦᠯᠡᠳᠡᠭᠡᠯ ᠬᠦᠦ ᠶᠢᠨ ᠨᠣᠷᠮ᠎ᠠ ᠳᠤ ᠬᠠᠤᠯᠢ ᠶᠣᠰᠣᠭᠠᠷ ᠡᠮᠬᠢ ᠵᠢᠷᠤᠮ ᠲᠠᠢ ᠲᠤᠬᠢᠷᠠᠭᠤᠯᠤᠯᠳᠠ ᠬᠢᠨ᠎ᠡ ᠭᠡᠵᠡᠢ᠃      ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠲᠤᠬᠠᠢ ᠶᠢᠨ ᠡᠳᠦᠷ ᠬᠤᠷᠠᠯᠳᠤᠭᠤᠯᠤᠭᠰᠠᠨ ᠳᠣᠣᠷ᠎ᠠ ᠬᠠᠭᠠᠰ ᠵᠢᠯ ᠤᠨ ᠠᠵᠢᠯ ᠤᠨ ᠬᠤᠷᠠᠯᠳᠤᠭᠠᠨ ᠠᠴᠠ᠂ ᠲᠣᠭᠲᠠᠭᠤᠨ ᠪᠥᠭᠡᠳ ᠡᠷᠡᠭᠦᠯ ᠵᠣᠭᠤᠰᠤᠨ ᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠷᠢᠯᠢᠭ ᠣᠨᠣᠴᠠᠲᠠᠢ ᠪᠥᠭᠡᠳ ᠬᠦᠴᠦᠲᠡᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠦᠷᠭᠦᠯᠵᠢᠯᠡᠨ ᠰᠠᠶᠢᠵᠢᠷᠠᠭᠤᠯᠤᠨ ᠲᠣᠭᠲᠠᠪᠤᠷᠢᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠳᠤ ᠵᠣᠭᠤᠰ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ ᠭᠡᠵᠦ ᠳᠤᠷᠠᠳᠤᠨ ᠭᠠᠷᠭᠠᠪᠠ᠃ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠦᠭᠡᠢ ᠬᠥᠭᠵᠢᠯᠲᠡ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠶᠡᠭᠡ ᠪᠠᠷ ᠲᠡᠮᠵᠢᠨ᠎ᠠ᠃ ᠬᠦᠦ ᠮᠥᠩᠭᠦ ᠶᠢᠨ ᠨᠤᠷᠮ᠎ᠠ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠪᠠ ᠰᠠᠭᠤᠭᠠᠯᠢ ᠠᠷᠠᠳ ᠤᠨ ᠢᠲᠡᠭᠡᠮᠵᠢᠲᠦ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ ᠲᠣᠭᠲᠠᠭᠤᠨ ᠪᠠᠭᠤᠷᠠᠭᠤᠯᠤᠨ᠎ᠠ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠪᠠᠷᠢᠮᠲᠠᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠣᠷᠴᠢᠨ ᠲᠣᠭᠤᠷᠢᠨ ᠢ ᠦᠨᠡᠨᠬᠦ ᠰᠢᠯᠢᠳᠡᠭᠵᠢᠭᠦᠯᠦᠨ᠎ᠡ᠃       ᠬᠤᠷᠠᠯ ᠠᠴᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠲᠡᠮᠵᠢᠨ᠎ᠡ᠃ ︽ᠮᠥᠩᠭᠦᠨ ᠭᠦᠢᠯᠭᠡᠭᠡᠨ ᠤ ᠠᠷᠪᠠᠨ ᠵᠢᠷᠭᠤᠭᠠᠨ ᠵᠤᠷᠪᠤᠰ︾ ᠢ ᠰᠠᠶᠢᠲᠤᠷ ᠨᠠᠶᠢᠳᠠᠪᠤᠷᠢᠵᠢᠭᠤᠯᠵᠤ᠂ ᠪᠠᠲᠤᠯᠠᠭᠠᠲᠤ ᠲᠤᠰᠢᠶᠠᠬᠤ ᠠᠰᠠᠷ ᠤᠨ ᠵᠢᠭᠡᠯᠡᠯᠭᠡ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠬᠦ ᠬᠤᠭᠤᠴᠠᠭ᠎ᠠ ᠶᠢ ᠤᠷᠲᠤᠳᠬᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠣᠷᠣᠨ ᠰᠠᠭᠤᠴᠠ ᠶᠢᠨ ᠲᠦᠷᠢᠶᠡᠰᠦᠯᠡᠯ᠂ ᠬᠤᠲᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠵᠡᠷᠭᠡ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠤᠨ᠎ᠠ ᠭᠡᠵᠦ ᠲᠤᠷᠠᠳᠤᠨ ᠭᠠᠷᠭᠠᠪᠠ᠃       ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ᠂ ᠬᠤᠷᠠᠯ ᠠᠴᠠ ᠱᠠᠭᠠᠷᠳᠠᠭᠰᠠᠨ ᠨᠢ᠂ ᠮᠥᠩᠭᠦᠨ ᠭᠦᠢᠯᠭᠡᠭᠡᠨ ᠢᠶᠠᠷ ᠣᠷᠣᠨ ᠨᠤᠲᠤᠭ ᠤᠨ ᠥᠷᠢ ᠥᠭᠴᠡᠭᠡᠨ ᠤ ᠲᠦᠭᠰᠢᠭᠦᠷᠢ ᠶᠢ ᠠᠷᠢᠯᠭᠠᠬᠤ ᠠᠵᠢᠯ ᠢ ᠳᠡᠮᠵᠢᠬᠦ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠭᠠᠵᠠᠷ ᠣᠷᠣᠨ ᠪᠠ ᠪᠠᠶᠢᠭᠤᠯᠤᠮᠵᠢ ᠶᠢᠨ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠭᠠᠵᠢ ᠪᠠ ᠠᠷᠭ᠎ᠠ ᠪᠠᠷᠢᠯ ᠢ ᠪᠠᠶᠠᠯᠢᠭᠵᠢᠭᠤᠯᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃       ᠲᠠᠨᠢᠯᠴᠠᠭᠤᠯᠤᠭᠰᠠᠨ ᠢᠶᠠᠷ᠂ ᠳᠣᠣᠷ᠎ᠠ ᠬᠠᠭᠠᠰ ᠵᠢᠯ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠰᠢᠰᠲ᠋ᠧᠮ ᠤᠨ ᠬᠢᠨ ᠬᠤᠷᠸ᠎ᠠ ᠲᠣᠬᠢᠷᠠᠭᠤᠯᠤᠯ ᠡᠵᠡᠮᠳᠡᠯ ᠢ ᠨᠠᠷᠢᠯᠢᠭ ᠣᠨᠣᠴᠠᠲᠠᠢ ᠪᠠᠷ ᠬᠦᠴᠦᠲᠡᠢ ᠬᠡᠷᠡᠭᠵᠢᠭᠦᠯᠵᠦ᠂ ᠰᠥᠷᠭᠡᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠨᠥᠭᠡᠴᠡᠯᠡᠯᠲᠡ ᠶᠢ ᠴᠢᠩᠭᠠᠳᠬᠠᠨ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠤᠨ᠎ᠠ᠃ᠢᠷᠡᠯᠲᠡ᠄ ᠰᠢᠨᠬᠤᠸᠠ ᠬᠤᠷᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1