ᠰᠤᠷᠪᠤᠯᠵᠢᠯᠠᠭᠴᠢ ᠶᠢᠨ ᠪᠠᠶᠢᠴᠠᠭᠠᠯᠳᠠ — ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠤᠭᠤᠳᠴᠤ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠭᠤᠯᠬᠤ ᠶᠢᠨ ᠬᠦᠴᠢᠷᠳᠡᠯ ᠨᠢ ᠬᠠᠮᠢᠭ᠎ᠠ ᠪᠠᠶᠢᠬᠤ ᠪᠣᠶ︖
ᠨᠡᠶᠢᠲᠡᠯᠡᠭᠰᠡᠨ ᠴᠠᠭ᠄
2023/8/3
      ᠬᠡᠷᠡᠮ ᠢ ᠰᠡᠯᠪᠢᠨ ᠵᠠᠰᠠᠵᠤ᠂ ᠬᠤᠭᠤᠯᠠᠢ ᠲᠣᠣᠷ ᠢ ᠬᠡᠷᠡᠮ ᠳᠤ ᠤᠷᠤᠭᠤᠯᠬᠤ ᠁ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠᠷ ᠳᠠᠮᠵᠢᠨ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠰᠠᠭᠤᠭᠠᠯᠢ ᠠᠷᠠᠳ ᠤᠨ ᠲᠣᠭᠤᠷᠢᠭ ᠴᠣ᠋ ᠰᠢᠨ᠎ᠡ ᠪᠠᠶᠢᠳᠠᠯ ᠲᠠᠢ ᠪᠣᠯᠪᠠ᠃ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠦᠢᠯᠡᠴᠢᠯᠡᠭᠡᠨ ᠤ ᠲᠠᠪᠴᠠᠩ ᠤᠨ ᠨᠡᠶᠢᠲᠡᠯᠡᠭᠰᠡᠨ ᠮᠡᠳᠡᠭᠡ ᠵᠠᠩᠭᠢ ᠳᠤ ᠢᠯᠡᠷᠡᠭᠦᠯᠦᠭᠰᠡᠨ ᠢᠶᠠᠷ᠂ 2023 ᠣᠨ ᠤ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠵᠢᠵᠢᠭ ᠲᠣᠭᠤᠷᠢᠭ ᠵᠡᠷᠭᠡ 5 ᠬᠠᠭᠤᠴᠢᠨ ᠪᠠᠭ᠎ᠠ ᠲᠣᠭᠤᠷᠢᠭ ᠤᠨ ᠠᠰᠠᠷ ᠤᠨ ᠭᠤᠣᠯ ᠴᠣᠭᠴᠠ ᠶᠢ ᠥᠭᠡᠷᠡᠴᠢᠯᠡᠬᠦ ᠢᠨᠵᠧᠨᠧᠷᠢᠩ ᠤᠨ ᠪᠡᠯᠡ ᠮᠥᠩᠭᠦ ᠶᠢᠨ ᠢᠷᠡᠯᠲᠡ ᠨᠢ ︱ ᠵᠠᠰᠠᠭ ᠤᠨ ᠣᠷᠳᠣᠨ ᠤ ᠪᠡᠯᠡ ᠣᠷᠣᠭᠤᠯᠤᠯᠲᠠ 100% ᠳᠤ ᠬᠥᠷᠪᠡ᠃      ᠬᠤᠲᠠ ᠪᠣᠯ ᠡᠯ᠎ᠡ ᠲᠥᠷᠥᠯ ᠤᠨ ᠡᠯᠧᠮᠧᠨ᠋ᠲ ᠡᠬᠢ ᠪᠠᠶᠠᠯᠢᠭ ᠪᠠ ᠠᠵᠤ ᠠᠬᠤᠢ ᠨᠡᠶᠢᠭᠡᠮ ᠤᠨ ᠠᠵᠢᠯᠯᠠᠭ᠎ᠠ ᠬᠠᠮᠤᠭ ᠤᠨ ᠲᠥᠪᠯᠡᠷᠡᠭᠰᠡᠨ ᠭᠠᠵᠠᠷ ᠣᠷᠣᠨ ᠮᠥᠨ᠂ ᠬᠠᠭᠤᠴᠢᠨ ᠪᠠ ᠬᠠᠭᠤᠷᠠᠴᠢᠷᠠᠭᠰᠠᠨ ᠪᠠᠭ᠎ᠠ ᠲᠣᠭᠤᠷᠢᠭ ᠤᠨ ᠥᠭᠡᠷᠡᠴᠢᠯᠡᠯᠲᠡ ᠪᠣᠯ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠴᠢᠬᠤᠯᠠ ᠭᠠᠷᠳᠠᠴᠠ ᠮᠥᠨ᠃ ᠣᠶᠢᠷ᠎ᠠ ᠶᠢᠨ ᠵᠢᠯ ᠠᠴᠠ ᠨᠠᠰᠢ᠂ ᠨᠡᠶᠢᠭᠡᠮ ᠤᠨ ᠬᠥᠷᠥᠩᠭᠡ ᠶᠢ ᠳᠠᠶᠢᠴᠢᠯᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠭᠤᠯᠬᠤ ᠬᠦᠰᠡᠯ ᠱᠠᠭᠠᠷᠳᠠᠯᠭ᠎ᠠ ᠥᠨᠳᠥᠷ ᠪᠤᠯᠵᠠᠢ᠃ ᠲᠡᠭᠡᠪᠡᠯ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ᠂ ᠮᠠᠨ ᠤ ᠣᠷᠣᠨ ᠤ ᠨᠡᠶᠢᠭᠡᠮ ᠤᠨ ᠬᠥᠷᠥᠩᠭᠡ ᠶᠢᠨ ᠣᠷᠣᠯᠴᠠᠭᠰᠠᠨ ᠪᠠᠶᠢᠳᠠᠯ ᠶᠠᠮᠠᠷ ᠵᠡᠷᠭᠡ ᠪᠣᠶ︖  ᠬᠦᠴᠢᠷᠳᠡᠯ ᠨᠢ ᠬᠠᠮᠢᠭ᠎ᠠ ᠪᠠᠶᠢᠬᠤ ᠪᠤᠢ︖ ᠬᠡᠷᠬᠢᠨ ᠠᠰᠠᠭᠤᠳᠠᠯ ᠢ ᠰᠢᠢᠳᠪᠦᠷᠢᠯᠡᠨ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠰᠤᠯᠠ ᠵᠠᠳᠠᠭᠠᠢ ᠡᠬᠢ ᠪᠠᠶᠠᠯᠢᠭ ᠢ ᠠᠮᠢᠯᠠᠭᠤᠯᠬᠤ ᠪᠤᠢ︖ ᠰᠤᠷᠪᠤᠯᠵᠢᠯᠠᠭᠴᠢ ᠭᠦᠨᠵᠡᠭᠡᠢ ᠪᠠᠶᠢᠴᠠᠭᠠᠯᠲᠠ  ᠦᠷᠨᠢᠭᠦᠯᠵᠠᠢ᠃      ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠥᠭᠡᠷᠡᠴᠢᠯᠡᠯᠲᠡ ᠶᠢᠨ ᠪᠡᠯᠡ ᠮᠥᠩᠭᠦ ᠳᠤ ᠡᠳ᠋ ᠤᠨ ᠵᠠᠰᠠᠭ ᠲᠤ ᠲᠦᠰᠢᠭᠯᠡᠬᠦ ᠬᠡᠮᠵᠢᠶ᠎ᠡ ᠦᠨᠳᠦᠷ       ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠦᠷᠢᠳᠬᠡᠯ ᠠᠴᠠ ᠦᠵᠡᠪᠡᠯ᠄ 2019 ᠣᠨ ᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠤᠲᠠ ᠪᠠᠯᠭᠠᠰᠤᠨ ᠤ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠪᠠᠶᠢᠭᠤᠯᠬᠤ ᠡᠨᠡ ᠬᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠠᠶᠢᠷᠢᠯᠠᠭᠤᠯᠤᠭᠰᠠᠨ ᠠᠴᠠ ᠨᠠᠰᠢ᠂ ᠥᠪᠥᠷ ᠮᠣᠩᠭᠤᠯ ᠨᠡᠶᠢᠲᠡ 5108 ᠪᠠᠭ᠎ᠠ ᠲᠤᠭᠤᠷᠢᠭ᠂ 67.76 ᠲᠦᠮᠡᠨ ᠡᠷᠦᠬᠡ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠪᠠᠷᠢᠯᠭ᠎ᠠ ᠶᠢᠨ ᠲᠠᠯᠠᠪᠠᠶ ᠨᠢ 5911 ᠲᠦᠮᠡᠨ ᠲᠡᠭᠰᠢ ᠳᠥᠷᠪᠡᠯᠵᠢᠨ ᠮᠧᠲᠷ᠂ 190 ᠭᠠᠷᠤᠢ ᠲᠦᠮᠡᠨ ᠬᠥᠮᠥᠨ ᠠᠮᠠ ᠳᠤ ᠠᠰᠢᠭ ᠬᠦᠷᠲᠡᠭᠡᠵᠦ᠂ ᠨᠡᠶᠢᠲᠡ 148 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠤᠷᠢᠳ ᠬᠤᠵᠢᠳ 10 ᠲᠦᠮᠡ ᠰᠢᠬᠠᠮ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃       ︽ᠣᠳᠣᠬᠠᠨ ᠳᠤ᠂ ᠬᠠᠭᠤᠴᠢᠨ ᠪᠠ ᠬᠠᠭᠤᠴᠢᠷᠠᠭᠰᠠᠨ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢᠨ ᠪᠡᠯᠡ ᠮᠥᠩᠭᠦ ᠶᠢᠨ ᠢᠷᠡᠯᠲᠡ ᠶᠢᠨ ᠳᠣᠲᠣᠷ᠎ᠠ᠂ ᠲᠥᠪ ᠤᠨ ᠨᠥᠬᠦᠪᠦᠷᠢ ᠪᠡᠯᠡ ᠮᠥᠩᠭᠦ ᠶᠢᠨ ᠡᠵᠡᠯᠡᠬᠦ ᠬᠠᠷᠢᠴᠠᠯ 52%᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢᠨ ᠡᠵᠡᠯᠡᠬᠦ ᠬᠠᠷᠢᠴᠠᠯ 7.4% ᠂ ᠣᠷᠣᠨ ᠨᠤᠲᠤᠭ ᠤᠨ ᠲᠤᠰᠬᠠᠢ ᠵᠦᠢᠯ ᠤᠨ ᠵᠢᠭᠡᠯᠡᠯᠭᠡ ᠶᠢᠨ ᠡᠵᠡᠯᠡᠬᠦ ᠬᠠᠷᠢᠴᠠᠯ 12%᠂ ᠴᠠᠬᠢᠯᠭᠠᠨ ᠬᠦᠴᠦ᠂ ᠮᠡᠳᠡᠭᠡ ᠬᠤᠯᠪᠣᠭ᠎ᠠ᠂ ᠰᠢᠲᠠᠮᠠᠬᠠᠢ ᠬᠡᠢ ᠵᠡᠷᠭᠡ ᠬᠤᠭᠤᠯᠠᠢ ᠱᠤᠭᠤᠮ ᠤᠨ ᠨᠢᠭᠡᠴᠢ ᠶᠢᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ 7.4%᠂ ᠰᠠᠭᠤᠭᠠᠯᠢ ᠠᠷᠠᠳ ᠤᠨ ᠥᠪᠡᠷ ᠢᠶᠠᠨ ᠴᠤᠭᠯᠠᠭᠤᠯᠤᠭᠰᠠᠨ ᠡᠵᠡᠯᠡᠬᠦ ᠬᠠᠷᠢᠴᠠᠯ 1% ᠣᠷᠴᠢᠮ ︵ᠭᠤᠣᠯᠳᠠᠭᠤ ᠰᠠᠭᠤᠭᠠᠯᠢ ᠠᠷᠠᠳ ᠤᠨ ᠴᠣᠩᠬᠤ ᠰᠣᠯᠢᠬᠤ᠂ ᠡᠷᠦᠬᠡ ᠶᠢᠨ ᠳᠣᠲᠣᠷᠠᠬᠢ ᠬᠤᠭᠤᠯᠠᠢ ᠲᠣᠣᠷ  ᠢ ᠥᠭᠡᠷᠡᠴᠢᠯᠡᠬᠦ ᠪᠠᠭᠲᠠᠨ᠎ᠠ︶᠂ ᠪᠤᠰᠤᠳ ᠨᠢ ᠣᠷᠣᠨ ᠨᠤᠲᠤᠭ ᠤᠨ ᠥᠪᠡᠷ ᠢᠶᠠᠨ ᠴᠤᠭᠯᠠᠭᠤᠯᠤᠭᠰᠠᠨ ᠪᠠᠶᠢᠨ᠎ᠠ᠃ ᠨᠡᠶᠢᠭᠡᠮ ᠤᠨ ᠪᠡᠯᠡ ᠮᠥᠩᠭᠦ ᠶᠢᠨ ᠡᠵᠡᠯᠡᠬᠦ ᠬᠠᠷᠢᠴᠠᠯ ᠨᠡᠯᠢᠶᠡᠳ ᠪᠠᠭ᠎ᠠ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠳᠠᠨ ᠰᠤᠷᠪᠤᠯᠵᠢᠯᠠᠭᠴᠢ ᠳᠤ ᠬᠡᠯᠡᠵᠡᠢ᠃       ᠣᠶᠢᠯᠠᠭᠠᠭᠰᠠᠨ ᠢᠶᠠᠷ᠂ ᠬᠠᠭᠤᠴᠢᠨ ᠪᠠ ᠬᠠᠭᠤᠴᠢᠷᠠᠭᠰᠠᠨ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢ ᠭᠤᠣᠯᠳᠠᠭᠤ ᠰᠠᠭᠤᠷᠢ ᠲᠥᠷᠥᠯ᠂ ᠲᠡᠭᠦᠯᠳᠡᠷᠵᠢᠭᠦᠯᠬᠦ ᠲᠥᠷᠥᠯ᠂ ᠳᠡᠭᠡᠭᠰᠢᠯᠡᠭᠦᠯᠬᠦ ᠲᠥᠷᠥᠯ ᠭᠡᠵᠦ ᠬᠤᠪᠢᠶᠠᠨ᠎ᠠ᠃ ᠡᠭᠦᠨ ᠳᠤ᠂ ᠰᠠᠭᠤᠷᠢ ᠲᠥᠷᠥᠯ ᠳᠤ ᠭᠤᠣᠯᠳᠠᠭᠤ ᠪᠠᠭ᠎ᠠ ᠲᠣᠭᠤᠷᠢᠭ ᠤᠨ ᠳᠣᠲᠣᠭᠠᠳᠤ ᠵᠢᠴᠢ ᠪᠠᠭ᠎ᠠ ᠲᠣᠭᠤᠷᠢᠭ ᠲᠠᠢ ᠰᠢᠭᠤᠳ ᠬᠤᠯᠪᠣᠭᠳᠠᠬᠤ ᠤᠰᠤ ᠬᠠᠩᠭᠠᠬᠤ᠂ ᠤᠰᠤ ᠵᠠᠯᠠᠬᠤ᠂ ᠴᠠᠬᠢᠯᠭᠠᠨ ᠬᠠᠩᠭᠠᠬᠤ᠂ ᠰᠢᠯᠵᠢᠮᠡᠯ ᠮᠡᠳᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠵᠢᠴᠢ ᠭᠡᠷᠡᠯ ᠰᠢᠷᠬᠡᠭ ᠢ ᠡᠷᠦᠬᠡ ᠳᠤ ᠣᠷᠣᠭᠤᠯᠬᠤ᠂ ᠠᠭᠠᠷ ᠲᠠᠬᠢ ᠤᠳᠠᠰᠤ ᠶᠢ ᠡᠮᠬᠢᠯᠡᠵᠦ ᠴᠡᠭᠴᠡᠯᠡᠬᠦ ︵ᠭᠠᠵᠠᠷ ᠲᠤ ᠣᠷᠣᠭᠤᠯᠬᠤ︶ ᠪᠠ ᠪᠠᠷᠢᠯᠭ᠎ᠠ ᠶᠢᠨ ᠣᠯᠠᠨ ᠨᠡᠶᠢᠲᠡ ᠶᠢᠨ ᠣᠷᠣᠨ ᠪᠠᠶᠢᠷᠢ ᠶᠢ ᠰᠡᠯᠪᠢᠨ ᠵᠠᠰᠠᠬᠤ ᠵᠡᠷᠭᠡ ᠪᠠᠭᠲᠠᠨ᠎ᠠ᠃ ᠲᠡᠭᠦᠯᠳᠡᠷᠵᠢᠭᠦᠯᠬᠦ ᠲᠥᠷᠥᠯ ᠳᠤ ᠭᠤᠣᠯᠳᠠᠭᠤ ᠳᠦᠷᠢᠮ ᠠᠴᠠ ᠵᠥᠷᠢᠴᠡᠭᠰᠡᠨ ᠪᠠᠷᠢᠯᠭ᠎ᠠ᠂ ᠠᠳᠠᠯ ᠠᠬᠤᠢ ᠳᠤ ᠬᠡᠷᠡᠭᠯᠡᠬᠦ ᠭᠡᠷ ᠪᠠᠶᠢᠰᠢᠩ᠂ ᠴᠠᠬᠢᠯᠭᠠᠨ ᠴᠡᠨᠡᠭᠯᠡᠬᠦ ᠪᠡᠯᠡᠳᠬᠡᠮᠵᠢ᠂ ᠰᠠᠭᠤᠭᠠᠯᠢ ᠠᠷᠠᠳ ᠤᠨ ᠠᠵᠢᠯᠯᠠᠭᠠᠨ ᠤ ᠥᠷᠥᠭᠡ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠂ ᠨᠣᠭᠤᠭᠠᠷᠠᠭᠤᠯᠵᠤ ᠭᠤᠶᠣᠵᠢᠭᠤᠯᠬᠤ ᠵᠡᠷᠭᠡ ᠪᠠᠭᠲᠠᠨ᠎ᠠ᠃ ᠳᠡᠭᠡᠭᠰᠢᠯᠡᠭᠦᠯᠬᠦ ᠲᠥᠷᠥᠯ ᠳᠤ ᠭᠤᠣᠯᠳᠠᠭᠤ ᠨᠡᠶᠢᠭᠡᠮ ᠲᠣᠭᠤᠷᠢᠭ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠵᠢᠴᠢ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠬᠥᠮᠦᠵᠢᠯ᠂ ᠭᠡᠷ ᠤᠨ ᠶᠠᠪᠤᠳᠠᠯ ᠠᠷᠢᠭᠤᠨ ᠴᠡᠪᠡᠷ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠰᠢᠤᠳᠠᠨ ᠲᠦᠷᠭᠡᠨ ᠬᠦᠷᠭᠡᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠵᠡᠷᠭᠡ ᠨᠡᠶᠢᠭᠡᠮ ᠲᠣᠭᠤᠷᠢᠭ ᠤᠨ ᠲᠤᠰᠬᠠᠢ ᠦᠢᠯᠡᠴᠢᠯᠡᠭᠡᠨ ᠤ ᠪᠡᠯᠡᠳᠬᠡᠮᠵᠢ ᠪᠠᠭᠲᠠᠨ᠎ᠠ᠃      ︽ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠪᠣᠳᠠᠲᠠᠢ ᠥᠭᠡᠷᠡᠴᠢᠯᠡᠬᠦ ᠶᠠᠪᠤᠴᠠ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ‌‍ᠤ ᠬᠤᠲᠠ ᠪᠠᠯᠭᠠᠰᠤ ᠶᠢᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠬᠦ ᠮᠡᠷᠭᠡᠵᠢᠯ ᠤᠨ ᠵᠢᠯᠤᠭᠤᠳᠬᠤ ᠳᠦᠷᠢᠮ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠰᠠᠭᠤᠷᠢ ᠲᠥᠷᠥᠯ ᠤᠨ ᠥᠭᠡᠷᠡᠴᠢᠯᠡᠪᠡᠰᠦ ᠵᠣᠬᠢᠬᠤ ᠶᠢ ᠨᠢ ᠪᠦᠬᠦᠨ ᠢ ᠥᠭᠡᠷᠡᠴᠢᠯᠡᠵᠦ᠂  ᠲᠡᠭᠦᠯᠳᠡᠷᠵᠢᠭᠦᠯᠬᠦ ᠲᠥᠷᠥᠯ ᠵᠦᠢᠯ ᠤᠨ ᠥᠭᠡᠷᠡᠴᠢᠯᠡᠪᠡᠰᠦ ᠵᠣᠬᠢᠬᠤ ᠶᠢ ᠨᠢ ᠢᠯᠡᠭᠦᠬᠡᠨ ᠲᠡᠭᠦᠯᠳᠡᠷᠵᠢᠭᠦᠯᠵᠦ᠂ ᠲᠡᠭᠡᠭᠰᠢᠡᠯᠡᠬᠦᠯᠬᠦ ᠲᠥᠷᠥᠯ ᠵᠦᠢᠯ ᠢ ᠢᠳᠡᠪᠬᠢᠲᠡᠢ ᠠᠬᠢᠭᠤᠯᠬᠤ ᠵᠠᠷᠴᠢᠮ ᠶᠣᠰᠣᠭᠠᠷ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠥᠭᠡᠷᠡᠴᠢᠯᠡᠬᠦ ᠠᠭᠤᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠬᠤ ᠬᠡᠷᠡᠭᠲᠡᠢ᠃ ᠡᠯ᠎ᠡ ᠭᠠᠵᠠᠷ ᠤᠨ ᠡᠳ᠋ ᠤᠨ ᠬᠦᠴᠦᠨ ᠵᠡᠷᠭᠡ ᠡᠯ᠎ᠡ ᠵᠦᠢᠯ ᠤᠨ ᠬᠦᠴᠦᠨ ᠵᠦᠢᠯ ᠤᠨ ᠬᠢᠵᠠᠭᠠᠷᠯᠠᠯ ᠠᠴᠠ ᠪᠣᠯᠵᠤ᠂ ᠣᠳᠣᠬᠠᠨ ᠳᠤ ᠰᠠᠭᠤᠷᠢ ᠲᠥᠷᠥᠯ ᠤᠨ ᠥᠭᠡᠷᠡᠴᠢᠯᠡᠯᠲᠡ ᠶᠢ ᠨᠡᠶᠢᠳᠡᠮ ᠪᠦᠷᠬᠦᠭᠦᠯᠵᠦ᠂ ᠲᠡᠭᠦᠯᠳᠡᠷᠵᠢᠭᠦᠯᠬᠦ ᠲᠥᠷᠥᠯ ᠤᠨ       ᠥᠭᠡᠷᠡᠴᠢᠯᠡᠯᠲᠡ ᠶᠢ ᠢᠳᠡᠭ ᠢᠳᠡᠭ ᠢᠶᠠᠷ ᠥᠷᠨᠢᠭᠦᠯᠵᠦ᠂ ᠳᠡᠭᠡᠭᠰᠢᠯᠡᠭᠦᠯᠬᠦ ᠲᠥᠷᠥᠯ ᠤᠨ ᠥᠭᠡᠷᠡᠴᠢᠯᠡᠯᠲᠡ ᠶᠢ ᠲᠤᠷᠰᠢᠯᠲᠠ ᠶᠢᠨ ᠴᠡᠭ ᠢᠶᠠᠷ ᠲᠦᠯᠬᠢᠨ ᠠᠬᠢᠭᠤᠯᠵᠤ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭᠴᠢ ᠳᠤ  ᠬᠡᠯᠡᠵᠡᠢ᠃       ᠨᠡᠶᠢᠭᠡᠮ ᠤᠨ ᠬᠥᠷᠥᠩᠭᠡ ᠨᠢ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠭᠦᠯᠬᠦ᠂ ᠥᠨᠳᠥᠷ ᠦᠷ᠎ᠡ ᠠᠰᠢᠭ ᠲᠠᠢ᠂ ᠴᠢᠨᠠᠷ ᠰᠠᠶᠢᠲᠠᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠭᠡᠪᠡᠴᠦ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠲᠣ ᠶᠢᠨ ᠬᠡᠷᠡᠭᠵᠢᠭᠦᠯᠵᠦ ᠪᠠᠶᠢᠭ᠎ᠠ ᠵᠢᠷᠤᠮᠵᠢᠯ ᠤᠨ ᠬᠢᠵᠠᠭᠠᠷᠯᠠᠯ᠂ ᠬᠠᠭᠤᠴᠢᠨ ᠪᠠᠭ᠎ᠠ ᠲᠣᠭᠤᠷᠢᠭ ᠤᠨ ᠨᠡᠮᠡᠭᠳᠡᠯ ᠤᠨ ᠣᠷᠣᠨ ᠵᠠᠢ ᠬᠢᠵᠠᠭᠠᠷᠲᠠᠢ᠂ ᠢᠵᠢ ᠪᠦᠷᠢᠳᠦᠭᠰᠡᠨ ᠮᠥᠩᠭᠦᠨ ᠭᠦᠢᠯᠭᠡᠭᠡᠨ ᠤ ᠪᠠᠭᠠᠵᠢ ᠳᠤᠲᠠᠭᠳᠠᠵᠤ ᠪᠠᠶᠢᠬᠤ ᠵᠡᠷᠭᠡ ᠶᠢᠨ ᠨᠥᠯᠥᠭᠡ ᠠᠴᠠ ᠪᠣᠯᠵᠤ᠂ ᠨᠡᠶᠢᠭᠡᠮ ᠤᠨ ᠬᠥᠷᠥᠩᠭᠡ ᠶᠢᠨ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠬᠤ ᠳᠤ ᠮᠥᠨ ᠬᠦ ︽ᠪᠡᠯᠡ ᠣᠷᠣᠭᠤᠯᠬᠤ ᠳᠤᠷ᠎ᠠ ᠦᠭᠡᠢ᠂ ᠪᠡᠯᠡ ᠣᠷᠣᠭᠤᠯᠬᠤ ᠵᠣᠷᠢᠭ ᠦᠭᠡᠢ᠂ ᠪᠡᠯᠡ ᠣᠷᠣᠭᠤᠯᠵᠤ ᠳᠡᠶᠢᠯᠬᠦ ᠦᠭᠡᠢ︾ ᠵᠡᠷᠭᠡ ᠲᠣᠪᠣᠶᠢᠮ᠎ᠠ ᠠᠰᠠᠭᠤᠳᠠᠯ ᠣᠷᠣᠰᠢᠵᠤ ᠪᠠᠶᠢᠨ᠎ᠠ᠃       ︽ᠣᠳᠣᠬᠠᠨ ᠳᠤ ᠨᠡᠶᠢᠭᠡᠮ ᠤᠨ ᠪᠡᠯᠡ ᠣᠷᠣᠭᠤᠯᠤᠯᠲᠠ ᠶᠢ ᠲᠠᠲᠠᠵᠤ ᠠᠪᠴᠢᠷᠠᠬᠤ ᠲᠠᠯ᠎ᠠ ᠪᠠᠷ ᠭᠤᠣᠯᠳᠠᠭᠤ ᠴᠠᠬᠢᠯᠭᠠᠨ ᠦᠢᠯᠡᠳᠪᠦᠷᠢ᠂ ᠮᠡᠳᠡᠭᠡ ᠬᠤᠯᠪᠣᠭ᠎ᠠ ᠵᠡᠷᠭᠡ ᠡᠵᠡᠩᠨᠡᠯᠲᠡ ᠶᠢᠨ ᠨᠢᠭᠡᠴᠢ ᠠᠴᠠ ᠪᠡᠯᠡ ᠭᠠᠷᠭᠠᠵᠤ᠂ ᠤᠰᠤ ᠬᠡᠢ ᠢᠯᠴᠢ ᠶᠢᠨ ᠬᠤᠭᠤᠯᠠᠢ ᠲᠣᠣᠷ ᠵᠡᠷᠭᠡ ᠬᠠᠭᠤᠴᠢᠨ ᠪᠠᠭ᠎ᠠ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠬᠦ ᠶᠠᠪᠤᠳᠠᠯ ᠪᠠᠭᠲᠠᠵᠤ ᠪᠠᠶᠢᠨ᠎ᠠ᠃ ᠨᠢᠳᠤᠨᠤᠨ ᠪᠦᠬᠦ ᠬᠤᠲᠠ ᠶᠢᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠬᠦ ᠪᠡᠯᠡ ᠣᠷᠣᠭᠤᠯᠤᠯᠲᠠ ᠶᠢᠨ 18 ᠳ᠋ᠦᠩᠰᠢᠭᠤᠷ ᠲᠥᠭᠦᠷᠢᠭ ᠤᠨ ᠳᠣᠲᠣᠷᠠᠬᠢ 1 ᠳ᠋ᠦᠩᠰᠢᠭᠤᠷ ᠲᠥᠭᠦᠷᠢᠭ ᠨᠢ ᠴᠠᠬᠢᠯᠭᠠᠨ ᠬᠦᠴᠦ᠂ ᠮᠡᠳᠡᠭᠡ ᠬᠤᠯᠪᠣᠭ᠎ᠠ ᠵᠡᠷᠭᠡ ᠡᠵᠡᠩᠨᠡᠯᠲᠡ ᠶᠢᠨ ᠬᠤᠳᠠᠯᠳᠤᠭᠠᠴᠢᠨ ᠤ ᠳᠡᠮᠵᠢᠯᠭᠡ ᠠᠴᠠ ᠪᠣᠯᠤᠭᠰᠠᠨ ᠶᠤᠮ︾ ᠭᠡᠵᠦ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠬᠡᠯᠡᠪᠡ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠸ᠎ᠠ ᠠᠵᠤ ᠠᠬᠤᠢ ᠶᠢᠨ ᠰᠤᠳᠤᠯᠭᠠᠨ ᠤ ᠲᠥᠪ ᠤᠨ ᠨᠡᠶᠢᠭᠡᠮ ᠤᠨ ᠬᠥᠭᠵᠢᠯᠲᠡ ᠶᠢᠨ ᠰᠤᠳᠤᠯᠭᠠᠨ ᠤ ᠭᠠᠵᠠᠷ ᠤᠨ ᠳᠠᠷᠤᠭ᠎ᠠ ᠼᠤᠤ ᠶᠦᠩ ᠫᠢᠩ᠂ ᠥᠭᠡᠷᠡᠴᠢᠯᠡᠯᠲᠡ ᠶᠢᠨ ᠪᠡᠯᠡ ᠮᠥᠩᠭᠦ ᠶᠢᠨ ᠡᠳ᠋ ᠤᠨ ᠵᠠᠰᠠᠭ ᠤᠨ ᠲᠦᠰᠢᠭᠯᠡᠬᠦ ᠬᠡᠮᠵᠢᠶ᠎ᠡ ᠥᠨᠳᠥᠷ᠂ ᠨᠡᠶᠢᠭᠡᠮ ᠤᠨ ᠬᠥᠷᠥᠩᠭᠡ ᠤᠷᠤᠭᠤᠯᠬᠤ ᠢᠳᠡᠪᠬᠢᠵᠢᠯ ᠳᠣᠣᠷ᠎ᠠ᠂ ᠣᠯᠠᠨ ᠡᠰᠢᠲᠦ ᠪᠡᠯᠡ  ᠴᠤᠭᠯᠠᠭᠤᠯᠬᠤ ᠲᠣᠭᠲᠠᠴᠠ ᠬᠠᠷᠠᠬᠠᠨ ᠪᠠᠶᠢᠭᠤᠯᠤᠭᠠᠳᠤᠢ᠂ ᠴᠥᠭᠡᠨ ᠪᠤᠰᠤ ᠭᠠᠵᠠᠷ ᠣᠷᠣᠨ ᠤ ᠥᠭᠡᠷᠡᠴᠢᠯᠡᠯᠲᠡ ᠶᠢᠨ ᠪᠡᠯᠡ ᠮᠥᠩᠭᠦ ᠨᠢ ᠭᠤᠣᠯᠳᠠᠭᠤ ᠡᠳ᠋ ᠤᠨ ᠵᠠᠰᠠᠭ ᠤᠨ ᠨᠥᠬᠦᠪᠦᠷᠢ ᠳᠤ ᠲᠦᠰᠢᠭᠯᠡᠵᠦ ᠪᠠᠶᠢᠨ᠎ᠠ︔ ᠥᠭᠡᠷᠡᠴᠢᠯᠡᠭᠰᠡᠨ ᠤ ᠳᠠᠷᠠᠭᠠᠬᠢ ᠦᠷᠭᠦᠯᠵᠢᠯᠡᠨ ᠬᠠᠮᠠᠭᠠᠯᠠᠬᠤ ᠪᠡᠯᠡ ᠮᠥᠩᠭᠦ᠂ ᠰᠠᠭᠤᠭᠠᠯᠢ ᠠᠷᠠᠳ ᠤᠨ ᠬᠡᠷᠡᠭ ᠵᠥᠪᠯᠡᠬᠦ ᠳᠦᠷᠢᠮ ᠵᠢᠴᠢ ᠵᠠᠯᠭᠠᠮᠵᠢ ᠬᠠᠮᠢᠶᠠᠷᠤᠯᠲᠠ ᠶᠢᠨ ᠲᠣᠭᠲᠠᠴᠠ ᠵᠡᠷᠭᠡ ᠪᠠᠷ ᠳᠤᠲᠠᠮᠠᠭ ᠪᠠᠶᠢᠨ᠎ᠠ  ᠭᠡᠵᠦ ᠵᠢᠭᠠᠨ ᠭᠠᠷᠭᠠᠵᠠᠢ᠃      ᠣᠶᠢᠯᠠᠭᠠᠭᠰᠠᠨ ᠢᠶᠠᠷ᠂ ᠪᠤᠰᠤᠳ ᠵᠠᠷᠢᠮ ᠮᠤᠵᠢ ᠣᠷᠣᠨ ᠳᠤ᠂ ᠨᠡᠶᠢᠭᠡᠮ ᠤᠨ ᠬᠦᠴᠦᠨ ᠤ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠬᠤ ᠢᠳᠡᠪᠬᠢᠵᠢᠯ ᠨᠢ ᠮᠥᠨ ᠴᠦ ᠥᠨᠳᠥᠷ ᠪᠢᠰᠢ ᠪᠠᠶᠢᠳᠠᠭ᠂ ᠡᠶᠢᠮᠦᠷᠬᠦ ᠦᠵᠡᠭᠳᠡᠯ ᠨᠢ ᠨᠢᠭᠡᠨᠲᠡ ᠣᠯᠠᠨ ᠭᠠᠵᠠᠷ ᠤᠨ ᠨᠡᠶᠢᠲᠡᠯᠢᠭ ᠴᠢᠨᠠᠷ ᠪᠣᠯᠤᠭᠰᠠᠨ ᠪᠠᠶᠢᠨ᠎ᠠ᠃      ᠲᠤᠷᠰᠢᠯᠲᠠ ᠶᠢᠨ ᠴᠡᠭ ᠢᠶᠠᠷ ᠵᠠᠮᠴᠢᠯᠠᠭᠤᠯᠵᠤ᠂ ︽ᠪᠦᠷᠢᠨ ᠪᠦᠲᠦᠨ ᠣᠷᠣᠨ ᠰᠠᠭᠤᠴᠠ ᠶᠢᠨ ᠨᠡᠶᠢᠭᠡᠮ ᠲᠣᠭᠤᠷᠢᠭ︾ ᠤᠨ ᠥᠯᠢᠭᠡᠷ ᠳᠡᠪᠲᠡᠷ ᠢ ᠴᠢᠨᠠᠷ ᠰᠠᠶᠢᠲᠠᠢ ᠪᠣᠶ ᠪᠣᠯᠭᠠᠨ᠎ᠠ       2020 ᠣᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠲᠣᠳᠣᠷᠬᠠᠢ ᠱᠠᠭᠠᠷᠳᠠᠭᠰᠠᠨ ᠨᠢ᠂ ᠬᠤᠲᠠ ᠪᠠᠯᠭᠠᠰᠤᠨ ᠤ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠬᠦ ᠶᠠᠪᠤᠴᠠ ᠳᠤ᠂ ᠵᠠᠰᠠᠭ ᠤᠨ ᠣᠷᠳᠣᠨ ᠬᠢᠭᠡᠳ ᠰᠠᠭᠤᠭᠠᠯᠢ ᠠᠷᠠᠳ᠂ ᠨᠡᠶᠢᠭᠡᠮ ᠤᠨ ᠬᠦᠴᠦᠨ ᠥᠭᠡᠷᠡᠴᠢᠯᠡᠯᠲᠡ ᠶᠢᠨ ᠪᠡᠯᠡ ᠮᠥᠩᠭᠦ ᠶᠢ ᠵᠦᠢ ᠵᠣᠬᠢᠰᠲᠠᠢ ᠪᠠᠷ ᠬᠠᠮᠲᠤ ᠪᠠᠷ ᠡᠭᠦᠷᠭᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃       ᠮᠠᠨ ᠤ ᠣᠷᠣᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ‌‍ᠶᠢ ᠠᠬᠢᠭᠤᠯᠬᠤ ᠶᠠᠪᠤᠴᠠ ᠳᠤ᠂ ᠪᠠᠰᠠ ᠨᠡᠶᠢᠭᠡᠮ ᠤᠨ ᠬᠦᠴᠦᠨ ᠤ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠬᠤ ᠶᠢ ᠢᠳᠡᠪᠬᠢᠲᠡᠢ ᠠᠬᠢᠭᠤᠯᠤᠭᠰᠠᠨ ᠪᠥᠭᠡᠳ ᠡᠳᠦᠢ ᠲᠡᠳᠦᠢ ᠠᠮᠵᠢᠯᠲᠠ ᠣᠯᠣᠭᠰᠠᠨ ᠪᠠᠶᠢᠨ᠎ᠠ᠃       ᠪᠤᠭᠤᠲᠤ ᠬᠤᠲᠠ ᠶᠢᠨ ᠨᠥᠬᠦᠷᠯᠡᠯ ᠠᠷᠪᠠ ᠶᠢᠰᠦᠳᠦᠭᠡᠷ ᠥᠭᠡᠷᠡᠴᠢᠯᠡᠯᠲᠡ ᠶᠢᠨ ᠲᠥᠷᠥᠯ ᠵᠦᠢᠯ ᠳᠤ᠂ ᠳᠤᠮᠳᠠᠳᠤ ᠤᠯᠤᠰ ᠤᠨ ᠲᠡᠮᠦᠷ ᠵᠠᠮ ᠤᠨ ᠺᠣᠮᠫᠠᠨᠢ ᠶᠢᠨ ᠠᠷᠪᠠᠳᠤᠭᠠᠷ ᠲᠣᠪᠴᠢᠶ᠎ᠠ ᠶᠢᠨ ᠡᠷᠡᠭᠦᠯ ᠮᠡᠨᠳᠦ ᠶᠢᠨ ᠰᠤᠪᠢᠯᠠᠯᠲᠠ ᠶᠢᠨ ᠺᠣᠮᠫᠠᠨᠢ ᠶᠢᠨ 6000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠲᠡᠳᠡᠨ ᠠᠪᠴᠢᠷᠠᠵᠤ᠂ ᠭᠦᠸᠧᠯᠦ ᠶᠢᠨ ᠬᠦᠷᠢᠶᠡᠨ ᠳᠤ 4 ᠳᠠᠪᠬᠤᠷ 5600 ᠲᠡᠭᠰᠢ ᠳᠥᠷᠪᠡᠯᠵᠢᠨ ᠮᠧᠲᠷ ᠤᠨ ︽ᠰᠤᠪᠢᠯᠠᠯᠲᠠ ᠶᠢᠨ ᠲᠥᠪ︾ ᠢ ᠰᠢᠨ᠎ᠡ ᠪᠠᠷ ᠪᠠᠶᠢᠭᠤᠯᠵᠤ᠂ 128 ᠣᠷᠣ ᠲᠣᠬᠢᠷᠠᠭᠤᠯᠤᠨ᠂ ᠪᠦᠬᠦᠯᠢ ᠡᠳᠦᠷ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠵᠦ ᠪᠠᠶᠢᠨ᠎ᠠ᠃      ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠯᠠᠨ ᠲᠢᠶᠠᠨ ᠵᠡᠭᠡᠯᠢ ᠭᠤᠳᠤᠮᠵᠢ ᠶᠢᠨ ᠠᠯᠪᠠᠨ ᠭᠡᠷ ᠤᠨ ᠬᠢᠨ ︽ᠦᠢᠯᠡᠳᠦᠯᠭᠡ ᠶᠢᠨ ᠮᠥᠩᠭᠦ ᠶᠢ ᠬᠠᠮᠲᠤ ᠪᠠᠷ ᠪᠠᠶᠢᠭᠤᠯᠬᠤ︾ ᠶᠢᠨ ᠲᠥᠷᠥᠯ ᠵᠦᠢᠯ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠢ ᠪᠣᠯᠣᠨ ᠰᠠᠭᠤᠭ᠎ᠠ ᠭᠠᠵᠠᠷ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠣᠬᠢᠴᠠᠭᠤᠯᠵᠤ ᠪᠠᠶᠢᠭᠠᠳ ᠨᠡᠶᠢᠭᠡᠮ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠬᠠᠮᠠᠭᠠᠯᠠᠬᠤ᠂ ᠥᠭᠡᠷᠡᠴᠢᠯᠡᠨ ᠰᠠᠶᠢᠵᠢᠷᠠᠭᠤᠯᠬᠤ᠂ ᠳᠡᠭᠡᠭᠰᠢᠯᠡᠭᠦᠯᠬᠦ ᠳᠤ ᠬᠦᠴᠦᠨ ᠴᠢᠳᠠᠯ ᠢ ᠨᠢ ᠭᠠᠷᠭᠠᠭᠤᠯᠵᠤ᠂  ᠲᠢᠶᠧ ᠪᠧᠢ ᠨᠡᠶᠢᠭᠡᠮ ᠲᠣᠭᠤᠷᠢᠭ ᠂ ᠤᠯᠠᠭᠠᠨ ᠪᠠᠭ᠎ᠠ ᠲᠣᠭᠤᠷᠢᠭ ᠲᠤ ᠵᠣᠯ ᠵᠢᠷᠭᠠᠯᠲᠤ  ᠠᠮᠦᠭᠤᠯᠠᠩᠳᠦ ᠲᠠᠯᠠᠪᠠᠢ ᠵᠡᠷᠭᠡ ᠶᠢ ᠪᠠᠶᠢᠭᠤᠯᠵᠤ᠂ ᠰᠠᠭᠤᠭᠠᠯᠢ ᠠᠷᠠᠳ ᠲᠤ ᠵᠤᠭ᠎ᠠ ᠴᠡᠩᠭᠡᠯ ᠤᠨ ᠰᠠᠶᠢᠨ ᠭᠠᠵᠠᠷ ᠬᠠᠩᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢᠰᠢᠬᠤ ᠳᠤ ᠲᠣᠬᠢᠷᠠᠮᠵᠢᠲᠠᠢ ᠲᠡᠰ ᠢ ᠦᠨᠳᠦᠰᠦᠨ ᠠᠴᠠ ᠨᠢ ᠳᠡᠭᠡᠭᠰᠢᠯᠡᠭᠦᠯᠵᠡᠢ᠃ᠪᠦᠷᠢᠨ ᠪᠦᠲᠦᠨ ᠰᠠᠭᠤᠷᠢᠰᠢᠭᠰᠠᠨ ᠨᠡᠶᠢᠭᠡᠮ ᠲᠣᠭᠤᠷᠢᠭ ᠤᠨ ᠳᠤᠲᠠᠭᠤᠳᠠᠯ ᠢ ᠨᠥᠬᠦᠪᠦᠷᠢᠯᠡᠬᠦ ᠪᠠ ᠪᠣᠬᠢᠷᠲᠤᠯ ᠦᠭᠡᠢ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠲᠠᠢ ᠤᠶᠠᠯᠳᠤᠭᠤᠯᠤᠨ᠂ ᠮᠠᠨ ᠤ ᠣᠷᠣᠨ ᠨᠢᠭᠡᠨᠲᠡ ᠨᠡᠶᠢᠲᠡ 47 ᠬᠤᠲᠠ ᠪᠠᠯᠭᠠᠰᠤ ᠶᠢᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠲᠡᠭᠦᠯᠳᠡᠷᠵᠢᠭᠦᠯᠵᠦ ᠳᠡᠭᠡᠭᠰᠢᠯᠡᠭᠦᠯᠬᠦ ᠲᠥᠷᠥᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠡᠭᠦᠨ ᠳᠤ 7 ᠲᠥᠷᠥᠯ ᠵᠦᠢᠯ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠷᠢᠯᠴᠠᠬᠤ ᠴᠡᠭ ᠤᠨ ᠨᠠᠷᠢᠨ ᠬᠠᠭᠤᠳᠠᠰᠤ ᠶᠢᠨ ᠲᠥᠷᠥᠯ ᠵᠦᠢᠯ ︵ᠪᠥᠬᠦ ᠤᠯᠤᠰ ᠲᠤ ᠳᠡᠯᠭᠡᠷᠡᠭᠦᠯᠦᠭᠰᠡᠨ ᠲᠤᠷᠰᠢᠯᠭ᠎ᠠ︶ ᠳᠤ ᠵᠢᠭᠰᠠᠭᠠᠨ ᠣᠷᠣᠭᠤᠯᠪᠠ᠃ ᠵᠢᠱᠢᠶ᠎ᠡ ᠦᠵᠡᠭᠦᠯᠬᠦ ᠲᠥᠷᠥᠯ ᠵᠦᠢᠯ ᠳᠤ ᠨᠡᠶᠢᠭᠡᠮ ᠲᠣᠭᠤᠷᠢᠭ ᠤᠨ ᠠᠵᠢᠯᠯᠠᠭ᠎ᠠ᠂ ᠨᠠᠰᠤᠲᠠᠨ ᠢ ᠠᠰᠠᠷᠠᠵᠤ ᠨᠢᠯᠬᠠᠰ ᠢ ᠰᠠᠭᠠᠲᠠᠭᠤᠯᠬᠤ᠂ ᠰᠣᠶᠣᠯ ᠡᠷᠡᠭᠦᠯ ᠬᠠᠮᠠᠭᠠᠯᠠᠯ ᠵᠡᠷᠭᠡ ᠡᠯ᠎ᠡ ᠲᠥᠷᠥᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠠᠭᠤᠯᠭ᠎ᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠡᠯᠡᠳᠬᠡᠮᠵᠢ ᠶᠢᠨ ᠳᠤᠲᠠᠭᠤᠳᠠᠯ ᠢ ᠤᠯᠠᠮ ᠨᠢᠭᠡ ᠠᠯᠬᠤᠮ ᠨᠥᠬᠦᠪᠦᠷᠢᠯᠡᠵᠦ᠂ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ ᠪᠠᠷ ︽ᠪᠦᠷᠢᠨ ᠪᠦᠲᠦᠨ ᠣᠷᠣᠰᠢᠨ ᠰᠠᠭᠤᠬᠤ ᠨᠡᠶᠢᠭᠡᠮ ᠲᠣᠭᠤᠷᠢᠭ︾ ᠤᠨ ᠥᠯᠢᠭᠡᠷ ᠵᠢᠱᠢᠶᠡᠴᠢ ᠢ ᠪᠣᠶ ᠪᠣᠯᠭᠠᠵᠤ᠂ ᠰᠠᠭᠤᠭᠠᠯᠢ ᠠᠷᠠᠳ ᠤᠨ 15 ᠮᠢᠨᠦ᠋ᠲ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠶᠢ ᠪᠠᠶᠢᠭᠤᠯᠤᠨ᠎ᠠ᠃       2021 ᠣᠨ ᠠᠴᠠ ᠨᠠᠰᠢ᠂ ᠮᠠᠨ ᠤ ᠣᠷᠣᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ  ᠦᠭᠡᠷᠡᠴᠢᠯᠡᠯᠳᠡ ᠲᠤᠮᠳᠠ ᠨᠡᠶᠢᠭᠡᠮ ᠤᠨ ᠪᠡᠯᠡ ᠣᠷᠣᠭᠤᠯᠤᠯᠲᠠ ᠶᠢ ᠲᠠᠲᠠᠵᠤ 2648 ᠴᠠᠬᠢᠯᠭᠠᠨ ᠴᠡᠨᠡᠭᠯᠡᠬᠦ ᠪᠠᠭᠠᠨ᠎ᠠ ᠪᠠᠶᠢᠭᠤᠯᠵᠤ᠂ ᠣᠶᠤᠨᠲᠤ ᠲᠦᠷᠭᠡᠨ ᠬᠦᠷᠭᠡᠯᠲᠡ ᠶᠢᠨ ᠠᠪᠳᠠᠷ᠎ᠠ ᠶᠢ 295 ᠰᠢᠨ᠎ᠡ ᠪᠠᠷ ᠨᠡᠮᠡᠭᠳᠡᠭᠦᠯᠪᠡ᠃       ᠣᠯᠠᠨ ᠲᠠᠯ᠎ᠠ ᠪᠠᠷ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠬᠠᠮᠲᠤ ᠪᠠᠷ ᠡᠭᠦᠷᠭᠡᠯᠡᠬᠦ ᠶᠢ ᠤᠷᠢᠶᠠᠯᠠᠵᠦ ᠪᠠᠶᠢᠨ᠎ᠠ      ᠨᠡᠶᠢᠭᠡᠮ ᠤᠨ ᠬᠥᠷᠥᠩᠭᠡ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠬᠤ ᠳᠤ ᠨᠡᠶᠢᠲᠡᠯᠢᠭ ᠵᠢᠱᠢᠶ᠎ᠡ ᠪᠠᠷ ᠵᠠᠮᠴᠢᠯᠠᠵᠤ ᠪᠠᠶᠢᠭᠰᠠᠨ ᠠᠴᠠ ᠪᠦᠬᠦ ᠲᠠᠯ᠎ᠠ ᠪᠠᠷ ᠬᠥᠭᠵᠢᠨ ᠴᠡᠴᠡᠭᠯᠡᠬᠦ ᠪᠣᠯᠲᠠᠯ᠎ᠠ ᠣᠳᠣᠬᠠᠨ ᠳᠤ ᠪᠠᠰᠠ ᠵᠢᠭᠠᠬᠠᠨ ᠬᠦᠴᠢᠷᠲᠡᠢ ᠪᠠᠶᠢᠨ᠎ᠠ᠃ ᠲᠡᠭᠡᠪᠡᠯ᠂ ᠲᠦᠭᠵᠢᠷᠡᠯ᠂ ᠬᠦᠴᠢᠷᠳᠡᠯ ᠨᠢ ᠬᠠᠮᠢᠭ᠎ᠠ ᠪᠠᠶᠢᠬᠤ ᠪᠣᠶ︖      ︽ᠪᠡᠯᠡ ᠣᠷᠣᠭᠤᠯᠤᠯᠲᠠ ᠶᠢᠨ ᠠᠴᠢ ᠬᠠᠷᠢᠭᠤᠯᠲᠠ ᠶᠢᠨ ᠦᠶᠡᠯᠡᠯ ᠤᠨ ᠬᠤᠭᠤᠴᠠᠭ᠎ᠠ ᠤᠷᠲᠤ᠂ ᠬᠠᠷᠢᠭᠤᠯᠲᠠ ᠶᠢᠨ ᠨᠣᠷᠮ᠎ᠠ ᠳᠣᠣᠷ᠎ᠠ᠂ ᠠᠰᠢᠭ ᠣᠷᠣᠯᠭ᠎ᠠ ᠪᠠᠭ᠎ᠠ ᠪᠣᠯᠬᠤᠷ ᠠᠵᠤ ᠠᠬᠤᠶᠢᠯᠠᠯ ᠤᠳ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢᠨ ᠲᠦᠷᠦᠯ ᠵᠦᠢᠯ ᠲᠤ ᠣᠷᠣᠯᠴᠠᠬᠤ ᠳᠤᠷ᠎ᠠ ᠦᠭᠡᠢ ᠪᠣᠯᠵᠠᠢ᠂ ᠣᠳᠣᠬᠠᠨ ᠳᠤ ᠨᠡᠶᠢᠭᠡᠮ ᠤᠨ ᠬᠢᠵᠠᠭᠠᠷᠲᠠᠢ ᠪᠡᠯᠡ ᠣᠷᠣᠭᠤᠯᠤᠯᠲᠠ ᠨᠢ ᠭᠤᠣᠯᠳᠠᠭᠤ ᠡᠵᠡᠩᠨᠡᠯᠲᠡ ᠶᠢᠨ ᠠᠰᠢᠭ ᠣᠷᠣᠯᠭ᠎ᠠ ᠲᠠᠢ ᠵᠦᠢᠯᠡᠰ ᠲᠤ ᠲᠥᠪᠯᠡᠷᠡᠵᠦ ᠪᠠᠶᠢᠨ᠎ᠠ᠂ ᠵᠢᠱᠢᠶᠡᠯᠡᠪᠡᠯ ᠲᠦᠷᠭᠡᠨ ᠬᠦᠷᠭᠡᠯᠲᠡ ᠶᠢᠨ  ᠠᠪᠳᠠᠷ᠎ᠠ᠂ ᠨᠠᠰᠤᠵᠢᠯ ᠤᠨ ᠠᠰᠠᠷᠠᠮᠵᠢ ᠶᠢᠨ ᠲᠥᠪ ᠵᠡᠷᠭᠡ ᠪᠣᠯᠣᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠵᠢᠭᠠᠨ ᠭᠠᠷᠭᠠᠪᠠ᠃       ︽ᠮᠠᠨ ᠤ ᠬᠤᠲᠠ ᠬᠡᠳᠦᠶᠢᠪᠡᠷ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠳᠤᠮᠳᠠ ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ ᠤᠯᠤᠰ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠲᠠ ᠶᠢᠨ ᠱᠠᠭᠠᠷᠳᠠᠯᠭ᠎ᠠ ᠲᠠᠢ ᠬᠠᠷᠢᠴᠠᠭᠤᠯᠪᠠᠯ ᠮᠥᠨ ᠬᠦ ᠵᠥᠷᠢᠶ᠎ᠡ ᠲᠠᠢ ᠪᠠᠶᠢᠭᠰᠠᠭᠠᠷ ᠶᠤᠮ᠃ ᠡᠨᠡ ᠨᠢ ᠭᠤᠣᠯᠳᠠᠭᠤ᠄ ᠬᠤᠰᠢᠭᠤ ᠰᠢᠶᠠᠨ ᠲᠣᠭᠤᠷᠢᠭ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠮᠥᠨ ᠬᠦ ᠲᠡᠳᠦᠢ ᠥᠨᠳᠥᠷ ᠪᠢᠰᠢ᠂ ᠭᠤᠣᠯ ᠰᠢᠯᠲᠠᠭᠠᠨ  ᠨᠢ ᠣᠷᠣᠨ ᠨᠤᠲᠤᠭ ᠤᠨ ᠡᠳ᠋ ᠤᠨ ᠵᠠᠰᠠᠭ ᠤᠨ ᠡᠳ᠋ ᠤᠨ ᠬᠦᠴᠦᠨ ᠬᠦᠷᠦᠯᠴᠡᠬᠦ ᠦᠭᠡᠢ ᠠᠴᠠ ᠪᠣᠯᠵᠤ᠂ ᠪᠠᠷᠢᠯᠭ᠎ᠠ ᠶᠢᠨ ᠠᠵᠢᠯ ᠤᠨ ᠠᠬᠢᠴᠠ ᠵᠡᠷᠭᠡ ᠠᠵᠢᠯ ᠢ ᠤᠳᠠᠭᠠᠰᠢᠷᠠᠭᠤᠯᠤᠭᠰᠠᠨ ᠳᠤ ᠣᠷᠣᠰᠢᠨ᠎ᠠ᠃ ᠨᠡᠶᠢᠭᠡᠮ ᠤᠨ ᠬᠥᠷᠥᠩᠭᠡ ᠮᠥᠩᠭᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠣᠯᠴᠠᠬᠤ ᠶᠢ ᠲᠡᠮᠡᠴᠡᠨ ᠣᠯᠬᠤ ᠠᠷᠭ᠎ᠠ ᠵᠠᠮ  ᠨᠢ ᠰᠢᠯᠤᠭᠤᠨ ᠪᠤᠰᠤ᠂ ᠲᠥᠷᠥ ᠶᠢᠨ ᠪᠣᠳᠣᠯᠭ᠎ᠠ ᠨᠢ ᠴᠢᠩᠭ᠎ᠠ ᠪᠠᠶᠢᠵᠤ᠂ ᠰᠠᠭᠤᠷᠢ ᠲᠥᠷᠥᠯ ᠤᠨ ᠬᠠᠭᠤᠴᠢᠨ ᠪᠠ ᠬᠠᠭᠤᠴᠢᠷᠠᠭᠰᠠᠨ ᠪᠠᠭ᠎ᠠ ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠨᠢ ᠦᠨᠳᠦᠰᠦᠨ ᠳᠡᠭᠡᠨ ᠠᠰᠢᠭ ᠣᠯᠵᠠᠪᠤᠷᠢ ᠦᠭᠡᠢ᠂ ᠪᠡᠯᠡ ᠣᠷᠣᠭᠤᠯᠤᠯᠲᠠ ᠪᠠᠷ ᠶᠡᠭᠡ᠂ ᠵᠠᠶᠢᠯᠠᠰᠢ ᠦᠭᠡᠢ ᠬᠡᠷᠡᠭᠴᠡᠭᠡ ᠱᠠᠭᠠᠷᠳᠠᠯᠭ᠎ᠠ ᠶᠢᠨ ᠲᠥᠷᠥᠯ ᠤᠨ ᠲᠥᠷᠥᠯ ᠵᠦᠢᠯ ᠳᠤ ᠬᠠᠷᠢᠶᠠᠯᠠᠭᠳᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠰᠡᠷᠭᠡᠶᠢᠯᠡᠨ ᠠᠷᠢᠯᠭᠠᠬᠤ ᠲᠥᠷᠥ ᠶᠢᠨ ᠪᠣᠳᠣᠯᠭ᠎ᠠ ᠶᠢᠨ ᠬᠢᠵᠠᠭᠠᠷᠯᠠᠯ ᠠᠴᠠ ᠪᠣᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠬᠦᠴᠢᠷᠳᠡᠯ ᠨᠡᠯᠢᠶᠡᠳ ᠶᠡᠭᠡ ᠪᠠᠶᠢᠵᠤ᠂ ᠪᠡᠯᠡ ᠴᠤᠭᠯᠠᠭᠤᠯᠬᠤ ᠠᠷᠭ᠎ᠠ ᠵᠠᠮ ᠲᠠᠩ ᠴᠤᠯᠭᠤᠢ ᠪᠠᠶᠢᠨ᠎ᠠ︾ ᠭᠡᠵᠦ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠭᠠᠵᠤ ᠭᠠᠷᠭᠠᠪᠠ᠃       ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠪᠡᠯᠡ ᠮᠥᠩᠭᠦ ᠶᠢᠨ ᠣᠷᠣᠭᠤᠯᠤᠯᠲᠠ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ ᠳᠡᠭᠡᠷ᠎ᠡ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠪᠡᠭᠡᠵᠢᠩ ᠤᠨ ᠨᠡᠶᠢᠰᠯᠡᠯ ᠤᠨ ᠨᠡᠭᠡᠭᠡᠨ ᠬᠥᠭᠵᠢᠭᠦᠯᠦᠯᠲᠡ ᠶᠢᠨ ᠬᠤᠪᠢ ᠡᠵᠡᠮᠳᠡᠬᠦ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠶᠠᠨ ᠰᠠᠨᠠᠭᠤᠯᠬᠤ ᠳᠠᠭᠠᠨ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ᠂ ᠦᠯᠡᠳᠡᠭᠡᠯ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠠᠵᠤ ᠠᠬᠤᠢ ᠶᠢᠨ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠪᠢᠴᠢᠯ ᠡᠷᠭᠢᠯᠲᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠡᠢ᠃       ︽ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠬᠤ ᠲᠠᠯ᠎ᠠ ᠪᠠᠷ᠂ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠣᠯᠭᠠᠬᠤ᠂ ᠦᠢᠯᠡᠴᠢᠯᠡᠭᠡᠨ ᠤ ᠠᠰᠢᠭ ᠣᠷᠣᠯᠭ᠎ᠠ ᠶᠢᠨ ᠳᠠᠯᠳᠠ ᠬᠦᠴᠦᠨ ᠢ ᠠᠭᠤᠳᠠᠯᠬᠤ ᠵᠢᠴᠢ ᠵᠣᠬᠢᠴᠠᠩᠭᠤᠢ ᠡᠳ᠋ ᠤᠨ ᠵᠠᠰᠠᠭ ᠭᠠᠶᠢᠯᠢ ᠶᠢᠨ ᠬᠠᠷᠠᠭᠠᠯᠵᠠᠯ ᠢᠶᠠᠷ ᠳᠠᠮᠵᠢᠭᠤᠯᠤᠨ᠂ ᠣᠯᠠᠨ ᠲᠠᠯ᠎ᠠ ᠪᠠᠷ ᠬᠠᠮᠲᠤ ᠪᠠᠷ ᠡᠭᠦᠷᠭᠡᠯᠡᠬᠦ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠪᠠᠶᠢᠭᠤᠯᠵᠤ᠂ ᠬᠠᠭᠤᠴᠢᠨ ᠪᠠ ᠬᠠᠭᠤᠴᠢᠷᠠᠭᠰᠠᠨ ᠪᠠᠭ᠎ᠠ ᠲᠣᠭᠤᠷᠢᠭ ᠢ ᠥᠭᠡᠷᠡᠴᠢᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ︾ ᠭᠡᠵᠦ ᠼᠤᠤ ᠶᠦᠩ ᠫᠢᠩ ᠰᠠᠨᠠᠭᠤᠯᠵᠠᠢ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠰᠤᠯᠠ ᠪᠠᠶᠢᠬᠤ ᠭᠠᠵᠠᠷ ᠢ ᠠᠮᠢᠳᠤᠯᠢᠭ ᠪᠣᠯᠭᠠᠵᠤ᠂ ᠪᠠᠭᠲᠠᠭᠠᠮᠵᠢ ᠶᠢᠨ ᠨᠣᠷᠮ᠎ᠠ ᠶᠢ ᠲᠣᠬᠢᠷᠠᠭᠤᠯᠤᠨ ᠨᠡᠮᠡᠭᠳᠡᠭᠦᠯᠬᠦ᠂ ᠬᠡᠷᠡᠭᠴᠡᠭᠡ ᠶᠢ ᠬᠤᠪᠢᠷᠠᠭᠤᠯᠬᠤ ᠵᠡᠷᠭᠡ ᠪᠠᠷ ᠳᠠᠮᠵᠢᠭᠤᠯᠤᠨ ᠨᠡᠶᠢᠭᠡᠮ ᠤᠨ ᠬᠦᠴᠦᠨ ᠤ ᠪᠡᠯᠡ ᠣᠷᠣᠭᠤᠯᠤᠯᠲᠠ ᠶᠢ ᠲᠠᠲᠠᠬᠤ ᠬᠡᠷᠡᠭᠲᠡᠢ᠃ PPP ᠵᠠᠭᠪᠤᠷ ᠢᠶᠠᠷ ᠳᠠᠮᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠠᠴᠠ ᠪᠡᠯᠡ ᠨᠡᠶᠢᠯᠡᠭᠦᠯᠦᠭᠰᠡᠨ ᠺᠣᠮᠫᠠᠨᠢ ᠪᠠᠶᠢᠭᠤᠯᠤᠨ ᠡᠵᠡᠩᠨᠡᠯᠲᠡ ᠶᠢᠨ ᠭᠤᠣᠯ ᠴᠣᠭᠴᠠ ᠪᠣᠯᠭᠠᠵᠤ᠂ ᠨᠢᠭᠡ ᠴᠣᠭᠴᠠᠵᠢᠭᠤᠯᠤᠨ ᠥᠭᠡᠷᠡᠴᠢᠯᠡᠨ ᠡᠵᠡᠩᠨᠡᠬᠦ ᠶᠢ ᠬᠡᠷᠡᠭᠵᠢᠭᠦᠯᠦᠨ᠎ᠡ᠃ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ᠂ ᠡᠮᠴᠢᠯᠡᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ ᠪᠠᠭ᠎ᠠ ᠲᠣᠭᠤᠷᠢᠭ ᠵᠢᠴᠢ ᠡᠷᠬᠢᠨ ᠲᠣᠭᠤᠷᠢᠨ ᠤ ᠦᠯᠡᠳᠡᠭᠡᠯ ᠡᠬᠢ ᠪᠠᠶᠠᠯᠢᠭ ᠢ ᠠᠭᠤᠳᠠᠯᠬᠤ ᠪᠠᠷ ᠳᠠᠮᠵᠢᠭᠤᠯᠤᠨ᠂ ᠥᠮᠴᠢᠯᠡᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠡᠷᠬᠢᠨ ᠲᠣᠭᠤᠷᠢᠨ ᠤ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠠᠰᠢᠭ ᠣᠯᠵᠠᠪᠤᠷᠢ ᠵᠢᠴᠢ ᠪᠠᠭ᠎ᠠ ᠲᠣᠭᠤᠷᠢᠭ ᠤᠨ ᠣᠯᠠᠨ ᠨᠡᠶᠢᠲᠡ ᠶᠢᠨ ᠠᠰᠢᠭ ᠣᠯᠵᠠᠪᠤᠷᠢ ᠶᠢ ᠰᠢᠯᠵᠢᠭᠦᠯᠦᠨ ᠥᠭᠭᠦᠨ᠎ᠡ᠂ ᠡᠭᠦᠨ ᠳᠤ ᠲᠡᠷᠭᠡᠨ ᠵᠤᠭᠰᠤᠭᠠᠯ᠂ ᠴᠠᠬᠢᠯᠭᠠᠨ ᠴᠡᠨᠡᠭᠯᠡᠬᠦ ᠱᠣᠩ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠶᠢ ᠪᠠᠭᠲᠠᠭᠠᠵᠤ᠂ ᠪᠡᠯᠡ ᠣᠷᠣᠭᠤᠯᠤᠯᠲᠠ ᠶᠢ ᠡᠭᠡᠭᠦᠯᠦᠨ ᠬᠤᠷᠢᠶᠠᠬᠤ ᠶᠢ ᠪᠡᠶᠡᠯᠡᠭᠦᠯᠦᠨ᠎ᠡ᠃       ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠪᠠᠶᠢᠭᠤᠯᠤᠯᠲᠠ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠲᠣᠭᠲᠠᠴᠠ ᠶᠢ ᠬᠠᠶᠢᠨ ᠰᠦᠪᠡᠭᠴᠢᠯᠡᠨ᠎ᠡ      ᠪᠦᠬᠦ ᠤᠯᠤᠰ ᠢ ᠪᠠᠷᠠᠯᠠᠬᠤᠶ᠎ᠠ᠂ ᠭᠤᠸᠠᠩᠵᠧᠦ ᠬᠤᠳᠠ ︽ᠬᠤᠸᠠᠷ ᠬᠠᠳᠬᠤᠬᠤ︾ ᠢᠶᠠᠷ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠵᠤ ᠪᠤᠢ᠃ ᠡᠨᠡ ᠵᠢᠯ ᠤᠨ 5 ᠳ᠋ᠤᠭᠠᠷ ᠰᠠᠷ᠎ᠠ ᠶᠢᠨ 17  ᠤ ᠡᠳᠦᠷ᠂ ᠭᠤᠸᠠᠩᠵᠧᠦ ᠬᠤᠳᠠ ᠶᠢᠨ ᠬᠢᠨ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠭᠤᠯᠬᠤ ᠪᠦᠬᠦ ᠶᠠᠪᠤᠴᠠ ᠶᠢᠨ ᠠᠷᠭ᠎ᠠ ᠶᠢ ᠨᠡᠶᠢᠲᠡᠯᠡᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠵᠠᠬ᠎ᠠ ᠳᠡᠯᠭᠡᠭᠦᠷᠴᠢᠯᠡᠬᠦ ᠳᠦᠷᠢᠮ ᠲᠠᠢ ᠪᠣᠯᠭᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠬᠦ ᠳᠤ ᠬᠦᠴᠦ ᠨᠡᠮᠡᠷᠢᠯᠡᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠡᠵᠡᠩᠨᠡᠯᠲᠡ ᠪᠣᠯᠣᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃      ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ᠬᠤᠲᠠ ᠪᠠᠯᠭᠠᠰᠤᠨ ᠤ ᠬᠠᠭᠤᠴᠢᠨ ᠪᠠᠭ᠎ᠠ ᠲᠣᠭᠤᠷᠢᠭ ᠢ ᠴᠡᠭᠴᠡᠯᠡᠨ ᠥᠭᠡᠷᠡᠴᠢᠯᠡᠬᠦ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 2020 ᠣᠨ ᠳᠤ ᠬᠥᠬᠡᠬᠤᠲᠠ ᠶᠢᠨ ᠬᠢᠨ ︽ᠬᠥᠬᠡᠬᠤᠲᠠ ᠶᠢᠨ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠪᠡ᠃ ᠡᠨᠡ ᠵᠢᠯ᠂ ᠤᠯᠤᠰ ᠤᠨ ᠤᠳᠤᠷᠢᠳᠤᠮᠵᠢ ᠶᠢᠨ ᠴᠢᠨᠠᠷᠲᠠᠢ ᠰᠠᠨᠠᠯ ᠶᠣᠰᠣᠭᠠᠷ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ ᠰᠢᠨ᠎ᠡ ᠪᠠᠷ ᠵᠠᠰᠠᠪᠤᠷᠢ ᠣᠷᠣᠭᠤᠯᠵᠤ᠂ ᠥᠭᠡᠷᠡᠴᠢᠯᠡᠬᠦ ᠠᠭᠤᠯᠭ᠎ᠠ᠂ ᠥᠭᠡᠷᠡᠴᠢᠯᠡᠬᠦ ᠪᠠᠷᠢᠮᠵᠢᠶ᠎ᠠ᠂ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠪᠡᠯᠡ ᠮᠥᠩᠭᠦ ᠶᠢᠨ ᠨᠥᠬᠦᠪᠦᠷᠢ᠂ ᠡᠯ᠎ᠡ ᠲᠥᠷᠥᠯ ᠤᠨ ᠭᠠᠷᠳᠠᠮ ᠢ ᠭᠦᠢᠴᠡᠳᠬᠡᠬᠦ᠂ ᠲᠥᠪ ᠤᠨ ᠪᠡᠯᠡ ᠮᠥᠩᠭᠦ ᠭᠤᠶᠤᠴᠢᠯᠠᠬᠤ᠂ ᠰᠠᠭᠤᠭᠠᠯᠢ ᠠᠷᠠᠳ ᠪᠡᠯᠡ ᠮᠥᠩᠭᠦ ᠭᠠᠷᠭᠠᠬᠤ᠂ ᠨᠡᠶᠢᠭᠡᠮ ᠤᠨ ᠬᠥᠷᠥᠩᠭᠡ ᠶᠢᠨ ᠳᠡᠮᠵᠢᠯᠭᠡ᠂ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ᠂ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠣᠯᠭᠠᠬᠤ ᠵᠡᠷᠭᠡ ᠲᠠᠯ᠎ᠠ ᠪᠠᠷ ᠴᠥᠮ ᠲᠣᠳᠣᠷᠬᠠᠢ ᠲᠣᠭᠲᠠᠭᠠᠯ ᠭᠠᠷᠭᠠᠵᠤ᠂ ᠲᠥᠷᠥ ᠶᠢᠨ ᠪᠣᠳᠣᠯᠭ᠎ᠠ ᠶᠢᠨ ᠤᠷᠢᠳᠠᠪᠠᠷ ᠬᠡᠷᠡᠭᠵᠢᠭᠦᠯᠬᠦ ᠪᠠ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃     ︽ᠡᠨᠡ ᠵᠢᠯ ᠪᠢᠳᠡ ᠬᠤᠳᠠᠯᠳᠤᠭᠠᠨ ᠤ ᠪᠠᠩᠬᠢ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠦᠢᠯᠡᠳᠬᠦᠨ ᠪᠣᠯᠣᠨ ᠦᠢᠯᠡᠴᠢᠯᠡᠭᠡᠨ ᠤ ᠲᠠᠯ᠎ᠠ ᠪᠠᠷ ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠡᠵᠡᠮᠳᠡᠵᠦ ᠪᠣᠯᠬᠤ᠂ ᠬᠤᠳᠠᠯᠳᠤᠭᠠᠨ ᠤ ᠦᠢᠯᠡᠰ ᠢ ᠦᠷᠭᠦᠯᠵᠢᠯᠡᠭᠦᠯᠵᠦ ᠪᠣᠯᠬᠤ ᠤᠷᠢᠲᠠᠯ ᠳᠣᠣᠷ᠎ᠠ᠂ ᠬᠤᠲᠠ ᠪᠠᠯᠭᠠᠰᠤᠨ ᠤ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠬᠦ ᠠᠵᠤ ᠠᠬᠤᠶᠢᠯᠠᠯ ᠪᠣᠯᠣᠨ ᠵᠦᠢᠯᠡᠰ ᠲᠤ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠵᠦ ᠪᠠᠶᠢᠨ᠎ᠠ︾ ᠭᠡᠵᠦ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃      ᠥᠪᠡᠷᠲᠡᠭᠡᠨ ᠵᠠᠰᠠᠬᠤ ᠣᠷᠣᠨ ᠤ ᠲᠠᠯ᠎ᠠ ᠠᠴᠠ ᠴᠤ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠭᠤᠯᠵᠤ᠂ ᠬᠡᠨ ᠪᠡᠯᠡ ᠣᠷᠣᠭᠤᠯᠪᠠᠯ ᠬᠡᠨ ᠠᠰᠢᠭ ᠬᠦᠷᠳᠡᠬᠦ ᠵᠠᠷᠴᠢᠮ ᠢᠶᠠᠷ᠂ ᠡᠨᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ ᠡᠷᠬᠢᠯᠡᠵᠦ᠂ ᠪᠣᠳᠠᠲᠠᠢ ᠪᠠᠷ  ᠡᠷᠬᠢᠯᠡᠨ᠎ᠡ᠃ ︽ᠲᠠᠷᠠᠭᠠᠴᠢ ᠶᠢᠨ ᠠᠯᠬᠤᠮ ᠳᠤ᠂ ᠪᠢᠳᠡ ᠨᠡᠶᠢᠭᠡᠮ ᠤᠨ ᠬᠦᠴᠦᠨ ᠢ  ᠲᠠᠳᠠᠬᠤ ᠵᠠᠷ ᠮᠡᠳᠡᠭᠡ ᠲᠠᠯᠪᠢᠬᠤ ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠪᠠᠶᠢᠭᠤᠯᠬᠤ᠂ ᠣᠶᠤᠨᠲᠤ ᠲᠦᠷᠭᠡᠨ  ᠬᠦᠷᠭᠡᠯᠳᠡ ᠶᠢᠨ ᠠᠪᠳᠠᠷ᠎ᠠ ᠲᠠᠯᠪᠢᠬᠤ ᠵᠡᠷᠭᠡ ᠠᠷᠭ᠎ᠠ ᠮᠠᠶ᠋ᠢᠭ ᠢᠶᠠᠷ ᠥᠭᠡᠷᠡᠴᠢᠯᠡᠯᠲᠡ ᠳᠤ ᠣᠷᠣᠯᠴᠠᠭᠤᠯᠵᠤ᠂ ᠬᠤᠲᠠ ᠪᠠᠯᠭᠠᠰᠤ ᠶᠢᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠢ ︿ᠪᠡᠯᠡ ᠣᠷᠣᠭᠤᠯᠤᠯᠲᠠ ᠪᠡᠯᠡ ᠲᠤᠬᠢᠷᠠᠭᠤᠯᠭ᠎ᠠ + ᠵᠢᠷᠤᠭ ᠲᠥᠯᠥᠪᠯᠡᠭᠡ + ᠥᠭᠡᠷᠡᠴᠢᠯᠡᠯᠲᠡ + ᠡᠵᠡᠩᠨᠡᠯᠲᠡ + ᠠᠳᠠᠯ ᠠᠬᠤᠢ﹀ ᠶᠢᠨ ᠪᠥᠬᠦ ᠶᠠᠪᠤᠴᠠ ᠶᠢ ᠨᠢᠭᠡ ᠴᠣᠭᠴᠠᠵᠢᠭᠤᠯᠤᠭᠰᠠᠨ ᠰᠢᠰᠲ᠋ᠧᠮᠳᠦ ᠦᠢᠯᠡᠴᠢᠯᠡᠭᠡ ᠬᠠᠩᠭᠠᠬᠤ ᠡᠵᠡᠩᠨᠡᠯᠲᠡ ᠶᠢᠨ ᠭᠤᠣᠯ ᠴᠣᠭᠴᠠ ᠶᠢᠨ ᠦᠢᠯᠡᠴᠢᠯᠡᠭᠡ ᠬᠡᠷᠡᠭᠵᠢᠭᠦᠯᠬᠦ ᠶᠢ ᠵᠣᠷᠢᠭᠵᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠠᠷᠢᠵᠠᠢ᠃ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1