ᠬᠥᠬᠡᠬᠤᠲᠠ ᠶᠢᠨ ᠬᠡᠪᠯᠡᠯ ᠤᠨ ᠬᠤᠷᠠᠯ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ︽ | ᠴᠢᠳᠠᠪᠤᠷᠢᠲᠠᠨ ᠤ ᠲᠤᠬᠠᠢ 10 ᠵᠤᠷᠪᠤᠰ ᠰᠢᠨ᠎ᠡ ᠲᠥᠷᠥ ᠶᠢᠨ ᠪᠣᠳᠣᠯᠭ᠎ᠠ︾ ᠶᠢ ᠨᠠᠶᠢᠳᠠᠪᠤᠷᠢᠵᠢᠭᠤᠯᠤᠭᠰᠠᠨ ᠰᠠᠭᠤᠷᠢᠨ | ᠳᠡᠭᠡᠷ᠎ᠡ᠂ ᠬᠥᠬᠡᠬᠤᠲᠠ ᠶᠢᠨ ᠬᠢᠨ 18 ᠵᠤᠷᠪᠤᠰ ᠴᠢᠳᠠᠪᠤᠷᠢᠳᠠᠨ ᠡᠯᠰᠡᠬᠦ ᠠᠷᠭ᠎ᠠ ᠬᠡᠮᠵᠢᠶ᠎ᠡ ᠶᠢ ᠲᠣᠭᠲᠠᠭᠠᠭᠰᠠᠨ | ᠪᠠᠶᠢᠨ᠎ᠠ᠃ | ᠲᠣᠰ ᠤᠳᠠᠭ᠎ᠠ ᠶᠢᠨ ᠠᠷᠭ᠎ᠠ ᠬᠡᠮᠵᠢᠶ᠎ᠡ ᠨᠢ 2025 ᠣᠨ ᠪᠣᠯᠬᠤ ᠳᠤ ᠪᠥᠬᠦ ᠬᠤᠲᠠ ᠶᠢᠨ ᠪᠠᠶᠢᠩᠭᠤ | ᠰᠠᠭᠤᠭ᠎ᠠ ᠬᠥᠮᠥᠨ ᠠᠮᠠ 375 ᠲᠦᠮᠡ ᠶᠢ ᠳᠠᠪᠠᠵᠤ᠂ ᠬᠤᠲᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ | ᠠᠮᠠ 300 ᠲᠦᠮᠡ ᠶᠢ ᠳᠠᠪᠠᠭᠤᠯᠬᠤ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠵᠠᠯᠠᠭᠤ ᠣᠶᠤᠲᠠᠳ ᠪᠠ | ᠬᠥᠬᠡᠬᠤᠲᠠ ᠳᠤ ᠢᠷᠡᠭᠰᠡᠨ ᠠᠵᠢᠯᠲᠠᠳ ᠤᠨ ᠬᠤᠶᠠᠷ ᠶᠡᠭᠡ ᠬᠠᠮᠳᠦ ᠨᠢᠭᠡᠴᠡ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠮᠥᠰ ᠤᠨ ᠬᠠᠮᠤᠭ ᠠᠴᠠ ᠠᠩᠬᠠᠷᠴᠤ ᠪᠠᠶᠢᠭᠰᠠᠨ ᠠᠵᠢᠯ ᠣᠯᠭᠤᠯᠲᠠ᠂ ᠣᠷᠣᠨ ᠰᠠᠭᠤᠴᠠ᠂ ᠰᠤᠷᠭᠠᠨ ᠬᠥᠮᠦᠵᠢᠯ᠂ | ᠡᠮ ᠡᠮᠨᠡᠯᠭᠡ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠲᠠᠯ᠎ᠠ ᠠᠴᠠ ᠭᠠᠷᠳᠠᠵᠤ᠂ ᠳᠥᠷᠪᠡᠨ | ᠲᠠᠯ᠎ᠠ ᠶᠢᠨ 18 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ | ᠨᠢᠭᠡᠳᠦᠭᠡᠷ ᠲᠤ᠂ ᠴᠢᠨᠠᠷ ᠰᠠᠶᠢᠲᠠᠢ ᠠᠵᠢᠯ ᠤᠨ ᠪᠠᠶᠢᠷᠢ ᠶᠢ ᠡᠭᠦᠳᠦᠨ᠎ᠡ᠃ ᠡᠨᠡ ᠳᠣᠬᠠᠢ ᠨᠡᠶᠢᠲᠡ 6 | ᠵᠦᠢᠯ ᠤᠨ ᠠᠷᠭ᠎ᠠ ᠬᠡᠮᠵᠢᠶ᠎ᠡ ᠠᠪᠴᠠᠢ᠃ ᠬᠥᠬᠡᠬᠤᠲᠠ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ | ᠲᠣᠭᠤᠷᠢᠨ ᠳᠤ᠂ ᠦᠢᠯᠡᠳᠦᠨ ᠪᠦᠲᠦᠭᠡᠬᠦ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ ᠪᠠᠷ ᠳᠠᠮᠵᠢᠭᠤᠯᠤᠨ᠂ ︽ | ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠦᠷᠬᠡᠳᠬᠡᠨ | ᠬᠦᠭᠵᠢᠬᠦᠯᠵᠦ᠂ ᠦᠢᠯᠡᠴᠢᠯᠡᠭᠡᠨ ᠤ ᠦᠢᠯᠡᠰ ᠪᠠ ᠰᠢᠨ᠎ᠡ ᠡᠵᠡᠩᠨᠡᠯᠲᠡ ᠶᠢᠨ ᠠᠵᠢᠯ ᠤᠨ ᠪᠠᠶᠢᠷᠢ ᠶᠢ ᠥᠷᠭᠡᠳᠬᠡᠬᠦ ᠶᠢ | ᠬᠥᠭᠵᠢᠭᠦᠯᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠥᠷᠭᠡᠳᠬᠡᠨ᠂ ᠠᠵᠢᠯᠴᠢᠨ ᠡᠯᠰᠡᠬᠦ ᠨᠥᠬᠦᠪᠦᠷᠢ | ᠣᠯᠭᠤᠵᠤ᠂ ᠠᠵᠢᠯ ᠣᠯᠭᠤᠬᠤ ᠦᠢᠯᠡᠴᠢᠯᠡᠭᠡ ᠶᠢ ᠴᠢᠩᠭᠠᠷᠠᠭᠤᠯᠤᠨ᠂ ᠠᠳᠠᠯ ᠦᠢᠯᠡᠰ ᠴᠣᠭᠴᠠᠯᠠᠬᠤ ᠶᠢ | ᠲᠡᠳᠬᠦᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠤ ᠦᠢᠯᠡᠰ ᠤᠨ ᠬᠡᠪᠴᠢᠶ᠎ᠡ ᠶᠢ ᠴᠢᠨᠠᠬᠰᠢᠳᠠ ᠳᠡᠯᠡᠨ᠂ ᠠᠵᠢᠯ | ᠣᠯᠭᠤᠬᠤ ᠣᠷᠣᠨ ᠵᠠᠢ ᠶᠢ ᠴᠢᠨᠠᠬᠰᠢᠳᠠ ᠥᠷᠭᠡᠳᠬᠡᠵᠦ᠂ ᠠᠵᠤ ᠦᠢᠯᠡᠰ ᠤᠨ ᠠᠵᠢᠯ ᠣᠯᠭᠤᠬᠤ ᠴᠢᠳᠠᠪᠤᠷᠢ ᠶᠢ | ᠳᠡᠭᠡᠭᠰᠢᠯᠡᠭᠦᠯᠵᠦ᠂ 3 ᠵᠢᠯ ᠤᠨ ᠳᠣᠲᠣᠷ᠎ᠠ 15 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ | ᠣᠯᠭᠤᠬᠤ ᠶᠢ ᠳᠠᠶᠢᠴᠢᠯᠠᠬᠤ ᠪᠠᠷ ᠴᠢᠷᠮᠠᠶᠢᠨ᠎ᠠ᠃ | ᠬᠤᠶᠠᠳᠤᠭᠠᠷ ᠲᠤ᠂ ᠰᠠᠭᠤᠬᠤ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ | ᠡᠭᠦᠨ ᠳᠤ ᠨᠡᠶᠢᠲᠡ 5 ᠵᠦᠢᠯ ᠤᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ ᠣᠷᠣᠨ ᠰᠠᠭᠤᠴᠠ ᠶᠢᠨ ᠡᠬᠢ | ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠬᠦ᠂ ᠭᠡᠷ ᠪᠠᠶᠢᠰᠢᠩ ᠲᠦᠷᠢᠶᠡᠰᠦᠯᠡᠬᠦ ᠨᠥᠬᠦᠪᠦᠷᠢ ᠣᠯᠭᠤᠬᠤ᠂ ᠭᠡᠷ | ᠪᠠᠶᠢᠰᠢᠩ ᠬᠤᠳᠠᠯᠳᠤᠨ ᠠᠪᠬᠤ ᠭᠠᠶᠢᠯᠢ ᠶᠢᠨ ᠨᠥᠬᠦᠪᠦᠷᠢ ᠣᠯᠭᠤᠬᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠬᠡᠪᠴᠢᠶ᠎ᠡ ᠶᠢ | ᠥᠷᠭᠡᠳᠬᠡᠬᠦ᠂ ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ ᠪᠠ | ᠨᠡᠶᠢᠲᠡ ᠶᠢᠨ ᠪᠠᠶᠢᠷᠢ ᠲᠣᠬᠢᠷᠠᠭᠤᠯᠤᠨ ᠪᠠᠶᠢᠭᠤᠯᠬᠤ ᠶᠢ ᠳᠡᠮᠵᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠭᠠᠳᠠᠨ᠎ᠠ ᠠᠴᠠ ᠢᠷᠡᠭᠰᠡᠨ ᠬᠥᠮᠥᠰ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ | ᠬᠠᠩᠭᠠᠨ᠎ᠠ᠃ | ᠭᠤᠷᠪᠠᠳᠤᠭᠠᠷ ᠲᠤ᠂ ᠰᠤᠷᠭᠠᠨ ᠬᠥᠮᠦᠵᠢᠯ ᠡᠮ ᠡᠮᠨᠡᠯᠭᠡ ᠶᠢᠨ ᠡᠬᠢ ᠪᠠᠶᠠᠯᠢᠭ ᠤᠨ ᠬᠠᠩᠭᠠᠯᠭ᠎ᠠ ᠶᠢ | ᠨᠡᠮᠡᠭᠳᠡᠭᠦᠯᠦᠨ᠎ᠡ᠃ ᠡᠭᠦᠨ ᠳᠤ ᠨᠡᠶᠢᠲᠡ 4 ᠵᠦᠢᠯ ᠤᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ ᠰᠤᠷᠭᠠᠨ | ᠬᠥᠮᠦᠵᠢᠯ᠂ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠬᠦ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ | ᠳᠠᠮᠵᠢᠭᠤᠯᠤᠨ᠂ ᠭᠠᠳᠠᠨ᠎ᠠ ᠠᠴᠠ ᠢᠷᠡᠭᠰᠡᠳ ᠤᠨ ᠦᠷ᠎ᠡ ᠬᠡᠦᠬᠡᠳ ᠤᠨ ︽ᠰᠤᠷᠭᠠᠭᠤᠯᠢ ᠳᠤ ᠠᠮᠠᠷᠬᠠᠨ ᠣᠷᠣᠬᠤ᠂ | ᠰᠠᠶᠢᠨ ᠰᠤᠷᠭᠠᠭᠤᠯᠢ ᠳᠤ ᠣᠷᠣᠬᠤ︾ ᠬᠡᠷᠡᠭᠴᠡᠭᠡ ᠱᠠᠭᠠᠷᠳᠠᠯᠭ᠎ᠠ ᠪᠠ ᠥᠨᠳᠥᠷ ᠬᠢᠷᠢ ᠲᠦᠪᠰᠢᠨ ᠲᠠᠢ ᠡᠮᠴᠢᠯᠡᠭᠡᠨ ᠤ | ᠦᠢᠯᠡᠴᠢᠯᠡᠭᠡ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠠᠯᠢ ᠴᠢᠳᠠᠬᠤ ᠪᠠᠷ ᠬᠠᠩᠭᠠᠬᠤ ᠶᠤᠮ ᠪᠠᠶᠢᠨ᠎ᠠ᠃ ᠡᠭᠦᠨ ᠤ | ᠬᠠᠮᠲᠤ᠂ ᠬᠤᠶᠠᠷ ᠪᠤᠶᠤ ᠭᠤᠷᠪᠠᠨ ᠬᠡᠦᠬᠡᠳ ᠠᠪᠤᠭᠰᠠᠨ ᠬᠥᠬᠡᠬᠤᠲᠠ ᠶᠢᠨ ᠡᠷᠦᠬᠡ ᠠᠮᠠ ᠶᠢᠨ ᠲᠠᠩᠰᠠ ᠲᠠᠢ ᠭᠡᠷ | ᠪᠦᠯᠢ ᠳᠤ ᠬᠡᠦᠬᠡᠳ ᠦᠰᠬᠡᠬᠦ ᠨᠥᠬᠦᠪᠦᠷᠢ ᠮᠥᠩᠭᠦ ᠣᠯᠭᠤᠨ᠎ᠠ᠃ | ᠳᠥᠷᠪᠡᠳᠦᠭᠡᠷ ᠲᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ ᠶᠢ ᠬᠡᠷᠡᠭᠵᠢᠭᠦᠯᠦᠨ᠎ᠡ᠃ ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾᠂ | ᠣᠯᠠᠨ ᠶᠠᠩᠵᠤ ᠶᠢᠨ ᠦᠢᠯᠡᠴᠢᠯᠡᠭᠡᠨ ᠤ ᠲᠠᠪᠴᠠᠩ ᠢ ᠪᠣᠶ ᠪᠣᠯᠭᠠᠬᠤ᠂ ᠬᠤᠲᠠ ᠪᠠᠯᠭᠠᠰᠤᠨ ᠳᠤ ᠡᠷᠦᠬᠡ ᠠᠮᠠ | ᠣᠷᠣᠭᠤᠯᠬᠤ ᠶᠢ ᠪᠥᠬᠦ ᠲᠠᠯ᠎ᠠ ᠪᠠᠷ ᠴᠢᠯᠦᠭᠡᠲᠡᠢ ᠪᠣᠯᠭᠠᠬᠤ᠂ ᠣᠷᠣᠰᠢᠨ ᠰᠠᠭᠤᠬᠤ ᠦᠨᠡᠮᠯᠡᠯ ᠢ ᠭᠦᠢᠴᠡᠳᠬᠡᠬᠦ ᠲᠠᠰ | ᠳᠠᠷᠠᠭᠠᠯᠠᠯ ᠢ ᠳᠥᠭᠦᠮᠴᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠴᠢᠳᠠᠪᠤᠷᠢᠳᠠᠨ ᠳᠠᠳᠠᠬᠤ ᠪᠠᠷ ᠪᠠᠶᠢᠨ᠎ᠠ᠃ | ᠢᠷᠡᠯᠳᠡ᠄ ᠠᠷᠠᠳ ᠤᠨ ᠰᠦᠯᠵᠢᠶ᠎ᠡ |