ᠮᠠᠨ ᠤ ᠤᠯᠤᠰ ᠡᠷᠳᠡᠮ ᠤᠨ ᠴᠣᠯᠠ ᠶᠢᠨ ᠬᠠᠤᠯᠢ ᠶᠢ ᠲᠣᠭᠲᠠᠭᠠᠬᠤ ᠪᠠᠷ ᠪᠠᠶᠢᠨ᠎ᠠ᠄ AI ᠪᠠᠷ ᠡᠷᠳᠡᠮ ᠤᠨ ᠴᠣᠯᠠ ᠶᠢᠨ ᠥᠭᠦᠯᠡᠯ ᠢᠶᠠᠨ ᠣᠷᠣᠯᠠᠭᠤᠯᠤᠨ ᠪᠢᠴᠢᠭᠰᠡᠨ ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠬᠤ ᠳᠤ ᠬᠦᠷᠪᠡᠯ ᠡᠷᠳᠡᠮ ᠤᠨ ᠴᠣᠯᠠ ᠶᠢᠨ ᠦᠨᠡᠮᠯᠡᠯ ᠢ ᠬᠦᠴᠦᠨ ᠦᠭᠡᠢ ᠪᠣᠯᠭᠠᠨ᠎ᠠ
ᠨᠡᠶᠢᠲᠡᠯᠡᠭᠰᠡᠨ ᠴᠠᠭ᠄
2023/8/30
      ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠪᠡᠭᠡᠵᠢᠩ ᠤᠨ  8  ᠰᠠᠷ᠎ᠠ ᠶᠢᠨ  28 ᠤ  ᠡᠳᠦᠷ ‍ᠤᠨ‌ᠮᠡᠳᠡᠭᠡ ︵ᠯᠢᠶᠠᠩ ᠰᠢᠶᠤᠤ ᠬᠤᠶ ᠰᠢᠶᠧ ᠶᠠᠨ ᠪᠢᠩ︶ ᠡᠷᠳᠡᠮ ᠤᠨ ᠴᠣᠯᠠ ᠶᠢᠨ ᠬᠠᠤᠯᠢ ᠶᠢᠨ ᠲᠥᠰᠦᠯ ᠢ 28 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ  ᠲᠥᠯᠥᠭᠡᠯᠡᠭᠴᠢᠳ ᠤᠨ  ᠶᠡᠭᠡ  ᠬᠤᠷᠠᠯ ᠤᠨ  ᠪᠠᠶᠢᠩᠭᠤ ᠵᠢᠨ‌ᠬᠤᠷᠢᠶ᠎ᠠ ᠳᠤ ᠬᠢᠨᠠᠨ ᠶᠠᠷᠢᠯᠴᠠᠭᠤᠯᠬᠤ ᠪᠠᠷ  ᠳᠡᠪᠰᠢᠭᠦᠯᠪᠡ᠃        ᠲᠥᠰᠦᠯ ᠳᠤ  ᠡᠷᠳᠡᠮ ᠤᠨ ᠴᠣᠯᠠ ᠣᠯᠤᠭᠰᠠᠳ ᠪᠤᠰᠤᠳ ᠤᠨ ᠪᠡᠶ᠎ᠡ ᠶᠢᠨ ᠬᠢᠷᠢ ᠬᠡᠮ ᠢᠶᠠᠷ ᠪᠤᠰᠤᠳ ᠤᠨ ᠰᠤᠷᠭᠠᠭᠤᠯᠢ ᠳᠤ ᠣᠷᠣᠬᠤ ᠬᠢᠷᠢ ᠬᠡᠮ ᠢ  ᠣᠷᠣᠯᠠᠭᠤᠯᠬᠤ᠂ ᠵᠣᠬᠢᠶᠠᠮᠠᠯ ᠣᠶᠤᠨ ᠴᠢᠳᠠᠪᠤᠷᠢ ᠶᠢ ᠠᠰᠢᠭᠯᠠᠨ ᠡᠷᠳᠡᠮ ᠤᠨ ᠴᠣᠯᠠ ᠶᠢᠨ ᠥᠭᠦᠯᠡᠯ ᠢ ᠣᠷᠣᠯᠠᠨ ᠪᠢᠴᠢᠬᠦ ᠵᠢᠴᠢ ᠡᠷᠳᠡᠮ ᠤᠨ ᠴᠣᠯᠠ ᠤᠯᠭᠤᠬᠤ ᠨᠢᠭᠡᠴᠡ ᠶᠢᠨ ᠬᠢᠨ ᠬᠠᠤᠯᠢ ᠪᠤᠰᠤ ᠪᠠᠷ ᠡᠷᠳᠡᠮ ᠤᠨ ᠴᠣᠯᠠ ᠣᠯᠭᠤᠬᠤ ᠵᠡᠷᠭᠡ ᠦᠢᠯᠡ ᠠᠵᠢᠯᠯᠠᠭ᠎ᠠ ᠶᠢᠨ ᠲᠤᠬᠠᠢ ᠵᠣᠬᠢᠴᠠᠩᠭᠤᠶ ᠬᠠᠤᠯᠢ ᠶᠢᠨ ᠬᠠᠷᠢᠭᠤᠴᠠᠯᠭ᠎ᠠ ᠲᠣᠭᠲᠠᠭᠠᠵᠠᠶ᠃               ᠲᠥᠰᠦᠯ ᠳᠤ ᠨᠡᠶᠢᠲᠡ 7 ᠪᠦᠯᠦᠭ 40 ᠵᠤᠷᠪᠤᠰ ᠲᠠᠢ᠂ ᠡᠭᠦᠨ ᠳᠤ ᠶᠡᠷᠦᠩᠬᠡᠶ ᠲᠦᠷᠢᠮ᠂ ᠡᠷᠳᠡᠮ ᠤᠨ ᠴᠣᠯᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠡᠷᠳᠡᠮ ᠤᠨ ᠴᠣᠯᠠ ᠣᠯᠭᠤᠬᠤ ᠡᠷᠬᠡ ᠶᠢ ᠤᠯᠬᠤ᠂ ᠡᠷᠳᠡᠮ ᠤᠨ ᠴᠣᠯᠠ ᠣᠯᠭᠤᠬᠤ ᠨᠥᠬᠦᠴᠡᠯ᠂ ᠡᠷᠳᠡᠮ ᠤᠨ ᠴᠣᠯᠠ ᠣᠯᠭᠤᠬᠤ ᠵᠢᠷᠤᠮ᠂ ᠡᠷᠳᠡᠮ ᠤᠨ ᠴᠣᠯᠠ ᠶᠢᠨ ᠶᠠᠰᠤ ᠴᠢᠨᠠᠷ ᠤᠨ ᠪᠠᠲᠤᠯᠠᠭ᠎ᠠ ᠬᠢᠭᠡᠳ ᠬᠢᠨᠠᠯᠲᠠ᠂ ᠳᠠᠭᠠᠯᠳᠤᠭᠤᠯᠤᠭᠰᠠᠨ ᠲᠦᠷᠢᠮ ᠵᠡᠷᠭᠡ ᠪᠠᠭᠲᠠᠪᠡ᠃              ᠲᠥᠰᠦᠯ ᠳᠤ᠂ ᠨᠢᠭᠡᠨᠲᠡ ᠡᠷᠳᠡᠮ ᠤᠨ ᠴᠣᠯᠠ ᠣᠯᠤᠭᠰᠠᠳ ᠲᠤ ᠡᠷᠳᠡᠮ ᠤᠨ ᠴᠣᠯᠠ ᠤᠯᠬᠤ ᠶᠠᠪᠤᠴᠠ ᠳᠤ ᠳᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠡᠷᠳᠡᠮ ᠤᠨ ᠴᠣᠯᠠ ᠰᠢᠯᠭᠠᠨ ᠲᠣᠭᠲᠠᠭᠠᠬᠤ ᠺᠣᠮᠢᠰ ᠠᠴᠠ ᠬᠢᠨᠠᠨ  ᠶᠠᠷᠢᠯᠴᠠᠵᠤ ᠲᠣᠭᠲᠠᠭᠠᠭᠠᠳ᠂ ᠡᠷᠳᠡᠮ ᠤᠨ ᠴᠣᠯᠠ ᠣᠯᠭᠤᠬᠤ ᠨᠢᠭᠡᠴᠡ ᠠᠴᠠ ᠡᠷᠳᠡᠮ ᠤᠨ ᠴᠣᠯᠠ ᠶᠢᠨ  ᠦᠨᠡᠮᠯᠡᠯ ᠢ ᠨᠢ  ᠬᠦᠴᠦᠨ  ᠥᠬᠡᠶ ᠪᠣᠯᠭᠠᠨ᠎ᠠ᠄        ᠡᠷᠳᠡᠮ ᠤᠨ ᠴᠣᠯᠠ ᠶᠢᠨ ᠥᠭᠦᠯᠡᠯ ᠪᠤᠶᠤ ᠦᠢᠯᠡᠳᠦᠯᠭᠡ ᠶᠢᠨ ᠦᠷ᠎ᠡ ᠪᠦᠲᠦᠭᠡᠯ ᠳᠤ ᠬᠠᠭᠤᠯᠬᠤ᠂ ᠬᠤᠯᠠᠭᠠᠶᠢᠯᠠᠬᠤ᠂ ᠬᠠᠭᠤᠷᠮᠠᠭ ᠢᠶᠠᠷ ᠵᠣᠬᠢᠶᠠᠬᠤ᠂ ᠲᠤᠭ᠎ᠠ  ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ᠂ ᠵᠣᠬᠢᠶᠠᠮᠠᠯ ᠣᠶᠤᠨ ᠴᠢᠳᠠᠪᠤᠷᠢ ᠪᠠᠷ ᠣᠷᠣᠯᠠᠭᠤᠯᠤᠨ ᠪᠢᠴᠢᠬᠦ ᠵᠡᠷᠭᠡ ᠡᠷᠳᠡᠮ ᠰᠢᠨᠵᠢᠯᠡᠭᠡᠨ ᠤ ᠲᠥᠪ ᠪᠤᠰᠤ ᠦᠢᠯᠡ ᠠᠵᠢᠯᠯᠠᠭ᠎ᠠ ᠣᠷᠣᠰᠢᠵᠤ ᠪᠠᠶᠢᠬᠤ︔      ᠪᠤᠰᠤᠳ ᠤᠨ ᠪᠡᠶ᠎ᠡ ᠶᠢᠨ ᠬᠢᠷᠢ ᠬᠡᠮ ᠢ ᠬᠤᠯᠠᠭᠠᠶᠢᠯᠠᠨ ᠬᠡᠷᠡᠭᠯᠡᠭᠰᠡᠨ᠂ ᠬᠠᠭᠤᠷᠮᠠᠭᠯᠠᠨ ᠬᠡᠷᠡᠭᠯᠡᠭᠰᠡᠨ᠂ ᠪᠤᠰᠤᠳ ᠢ ᠣᠷᠣᠯᠠᠨ ᠰᠤᠷᠭᠠᠭᠤᠯᠢ ᠳᠤ ᠣᠷᠣᠬᠤ ᠬᠢᠷᠢ ᠬᠡᠮ ᠣᠯᠤᠭᠰᠠᠨ᠂ ᠡᠰᠡᠬᠦᠯ᠎ᠡ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠵᠡᠷᠭᠡ ᠬᠠᠤᠯᠢ ᠪᠤᠰᠤ ᠠᠷᠭ᠎ᠠ ᠪᠠᠷᠢᠯ ᠢᠶᠠᠷ ᠰᠤᠷᠭᠠᠭᠤᠯᠢ ᠳᠤ ᠣᠷᠣᠬᠤ  ᠬᠢᠷᠢ ᠬᠡᠮ᠂ ᠲᠡᠭᠦᠰᠬᠦ ᠦᠨᠡᠮᠯᠡᠯ  ᠣᠯᠤᠭᠰᠠᠨ︔        ᠰᠤᠷᠤᠯᠭ᠎ᠠ ᠶᠢᠨ ᠬᠤᠭᠤᠴᠠᠭᠠᠨ ᠳᠤ ᠡᠷᠳᠡᠮ ᠤᠨ ᠴᠣᠯᠠ ᠦᠯᠦ ᠣᠯᠭᠤᠵᠤ ᠪᠣᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠣᠷᠣᠰᠢᠵᠤ ᠪᠠᠶᠢᠬᠤ ᠳᠤ ᠬᠦᠷᠪᠡᠯ ᠡᠷᠳᠡᠮ ᠤᠨ ᠴᠣᠯᠠ ᠶᠢᠨ ᠦᠨᠡᠮᠯᠡᠯ ᠢ ᠨᠢ ᠬᠦᠴᠦᠨ ᠥᠬᠡᠶ ᠪᠣᠯᠭᠠᠨ᠎ᠠ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1