ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/8/31
      8 ᠳ᠋ᠤᠭᠠᠷ ᠰᠠᠷ᠎ᠠ ᠶᠢᠨ 25 ᠤ ᠦᠳᠡ ᠶᠢᠨ ᠡᠮᠦᠨ᠎ᠡ᠂ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠰᠢᠶᠠᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠫᠧᠩ ᠨᠥᠬᠦᠷ ᠲᠣᠭᠲᠠᠬᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠳᠤ ︽ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠤᠶ᠎ᠠ︾ ᠤᠬᠠᠭᠤᠯᠤᠨ ᠲᠠᠶᠢᠯᠪᠤᠷᠢᠯᠠᠵᠤ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠪᠦᠬᠦ ᠺᠠᠳ᠋ᠷ ᠣᠷᠣᠯᠴᠠᠪᠠ᠃
     ᠯᠢ ᠫᠧᠩ ︽ᠬᠦᠰᠡᠯ ᠨᠠᠶᠢᠳᠠᠯᠭ᠎ᠠ ᠪᠠᠨ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠭᠤᠣᠯ ᠰᠡᠳᠦᠪ ᠢᠶᠠᠷ᠂ ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠲᠠᠢ ᠨᠢᠭᠲᠠ ᠤᠶᠠᠯᠳᠤᠭᠤᠯᠤᠨ᠂ ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠬᠠᠯᠠᠮᠵᠢᠯᠠᠵᠤ ᠪᠠᠶᠢᠭ᠎ᠠ ᠭᠦᠨ ᠵᠤᠵᠠᠭᠠᠨ ᠬᠠᠶᠢᠷ᠎ᠠ ᠬᠠᠯᠠᠮᠵᠢ ᠶᠢ ᠭᠦᠨᠵᠡᠭᠡᠢ ᠣᠶᠢᠯᠠᠭᠠᠬᠤ ᠶᠢᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠴᠠᠭ ᠬᠤᠭᠤᠴᠠᠭᠠᠨ ᠤ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠦᠷᠭᠦᠯᠵᠢᠯᠡᠨ ᠰᠠᠶᠢᠲᠤᠷ ᠪᠦᠲᠦᠭᠡᠨ ᠪᠠᠶᠢᠭᠤᠯᠬᠤ ᠲᠤᠬᠠᠢ ᠴᠢᠬᠤᠯᠠ ᠵᠢᠭᠠᠪᠤᠷᠢ ᠶᠢ ᠭᠦᠨᠵᠡᠭᠡᠢ ᠣᠶᠢᠯᠠᠭᠠᠵᠤ᠂ ᠰᠢᠨ᠎ᠡ ᠴᠠᠭ ᠦᠶ᠎ᠡ ᠳᠤ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠬᠤ ᠬᠡᠷᠡᠭᠲᠡᠢ︾ ᠪᠠ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ  ᠠᠬᠢᠭᠤᠯᠤᠶ᠎ᠠ︾ ᠵᠡᠷᠭᠡ ᠭᠤᠣᠯᠳᠠᠯᠭ᠎ᠠ ᠲᠠᠢ ᠠᠵᠢᠯ ᠳᠤ ᠭᠦᠨᠵᠡᠭᠡᠢ ᠪᠥᠭᠡᠳ ᠣᠶᠢᠯᠠᠭᠠᠮᠵᠢᠲᠠᠢ᠂ ᠪᠦᠬᠦ ᠲᠠᠯ᠎ᠠ ᠪᠠᠷ ᠰᠢᠰᠲ᠋ᠥᠮ ᠲᠠᠢ ᠲᠠᠶᠢᠯᠤᠮᠵᠢ ᠬᠢᠵᠡᠢ᠃      ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ︽ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ︾  ᠶᠢᠨ ᠭᠤᠣᠯ ᠠᠭᠤᠯᠭ᠎ᠠ ᠶᠢᠨ ᠲᠤᠬᠠᠢ ᠨᠡᠩ ᠪᠦᠬᠦ ᠲᠠᠯ᠎ᠠ ᠶᠢᠨ ᠲᠠᠨᠢᠯᠲᠠ ᠲᠠᠢ ᠪᠣᠯᠵᠠᠢ ᠭᠡᠵᠦ ᠢᠯᠡᠳᠬᠡᠵᠡᠭᠡᠪᠡ᠃ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠬᠢᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ︽ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠨ᠎ᠠ᠃ ᠬᠤᠶᠢᠰᠢᠳᠠ ᠶᠢᠨ ᠠᠵᠢᠯ ᠳᠤᠮᠳᠠ᠂ ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠶᠢ ᠠᠵᠢᠯ ᠤᠨ ᠦᠢᠯᠡᠳᠦᠯᠭᠡ ᠳᠤ ᠠᠭᠤᠰᠤᠯᠴᠠᠭᠤᠯᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ ᠦᠢᠯᠡᠳᠦᠯᠭᠡᠵᠢᠭᠦᠯᠦᠨ ᠪᠠᠳᠠᠷᠠᠭᠤᠯᠵᠤ᠂ ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠶᠢ ᠯᠠᠪᠳᠠᠭᠤᠨ ᠪᠠᠲᠤᠲᠠᠢ ᠭᠦᠨᠵᠡᠭᠡᠢ ᠠᠬᠢᠭᠤᠯᠵᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠳᠤ ᠨᠠᠶᠢᠳᠠᠪᠤᠷᠢᠵᠢᠭᠤᠯᠤᠨ ᠦᠷ᠎ᠡ ᠵᠢᠮᠢᠰ ᠰᠠᠭᠤᠯᠭᠠᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1