ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠤ ᠭᠦ᠋ ᠴᠧᠩ ᠪᠠᠯᠭᠠᠰᠤᠨ ᠤ ᠨᠠᠮ ᠤᠨ ᠬᠤᠷᠢᠶ᠎ᠠ ᠨᠠᠮ ᠤᠨ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠬᠤ + ᠲᠣᠣᠷᠵᠢᠯ ᠤᠨ ᠵᠠᠰᠠᠯᠲᠠ︾ ᠶᠢ ᠥᠷᠭᠡᠨ ᠢᠶᠠᠷ ᠥᠷᠨᠢᠭᠦᠯᠵᠦ᠂ ᠨᠠᠮ ᠤᠨ ᠪᠠᠶᠢᠭᠤᠯᠤᠯᠲᠠ ᠶᠢ | ᠦᠨᠳᠦᠰᠦᠨ ᠱᠠᠲᠤᠨ ᠤ ᠵᠠᠰᠠᠯᠲᠠ ᠲᠠᠢ ᠭᠦᠨᠵᠡᠭᠡᠢ ᠠᠭᠤᠰᠤᠯᠴᠠᠭᠤᠯᠵᠤ᠂ ᠬᠠᠮᠲᠤᠪᠠᠷ ᠪᠠᠶᠢᠭᠤᠯᠬᠤ᠂ ᠬᠠᠮᠲᠤᠪᠠᠷ | ᠵᠠᠰᠠᠬᠤ᠂ ᠬᠠᠮᠲᠤᠪᠠᠷ ᠡᠳ᠋ᠯᠡᠬᠦ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠤᠢ ᠪᠣᠯᠭᠠᠪᠠ᠃ | ᠪᠠᠯᠭᠠᠰᠤᠨ ᠤ ᠳᠣᠲᠣᠷᠠᠬᠢ 25 ᠵᠠᠰᠠᠭ ᠵᠠᠬᠢᠷᠭᠠᠨ ᠤ ᠲᠣᠰᠬᠤᠨ ᠢ ᠦᠨᠳᠦᠰᠦᠯᠡᠨ 19 ᠲᠤᠤᠷᠴᠢᠯᠠᠯ | ᠲᠣᠭᠤᠷᠢᠭ ᠬᠤᠪᠢᠶᠠᠵᠤ᠂ ᠲᠤᠤᠷᠴᠢᠯᠠᠯ ᠪᠦᠷᠢ ᠳᠤ 1 ᠲᠤᠰᠬᠠᠢ ᠲᠤᠰᠢᠶᠠᠯᠲᠤ ᠲᠣᠬᠢᠷᠠᠭᠤᠯᠵᠤ᠂ ᠦᠨᠳᠦᠰᠦᠨ | ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠵᠠᠢ᠃ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠵᠥᠷᠢᠴᠡᠯ ᠤᠨ ᠡᠶᠡᠳᠡᠭᠦᠯᠭᠡ᠂ ᠠᠷᠠᠳ ᠤᠨ ᠪᠠᠶᠢᠳᠠᠯ ᠵᠡᠷᠭᠡ | ᠲᠠᠯ᠎ᠠ ᠠᠴᠠ ᠭᠠᠷᠳᠠᠵᠤ᠂ ︽ᠨᠠᠷᠢᠯᠢᠭ ᠣᠨᠣᠴᠠᠲᠠᠢ ᠪᠠᠷ ᠦᠢᠯᠡᠴᠢᠯᠡᠵᠦ᠂ ᠣᠯᠠᠨ ᠲᠦᠮᠡᠨ ᠳᠤ ᠳᠥᠭᠦᠮ ᠦᠵᠡᠭᠦᠯᠬᠦ︾ | ᠠᠵᠢᠯ ᠤᠨ ᠣᠶᠢᠯᠠᠭᠠᠭᠳᠠᠬᠤᠨ ᠢᠶᠠᠷ᠂ ︽ᠡᠷᠦᠬᠡ ᠠᠮᠠ ᠶᠢᠨ ᠳᠠᠩᠰᠠ ᠲᠠᠢ ᠬᠥᠮᠥᠨ ᠠᠮᠠ︾ ︽ᠪᠣᠳᠠᠲᠠᠢ ᠪᠠᠶᠢᠭ᠎ᠠ | ᠬᠥᠮᠥᠨ ᠠᠮᠠ︾ ᠵᠡᠷᠭᠡ ᠰᠦᠯᠵᠢᠶᠡᠨ ᠤ ᠡᠬᠡ ᠳᠠᠩᠰᠠ ᠶᠢ ᠪᠠᠶᠢᠭᠤᠯᠤᠨ ᠲᠡᠭᠦᠯᠳᠡᠷᠵᠢᠭᠦᠯᠵᠠᠢ᠂ ᠡᠭᠦᠨ ᠤ ᠬᠠᠮᠲᠤ | ᠡᠷᠦᠬᠡ ᠳᠤ ᠬᠦᠷᠴᠦ ᠰᠤᠷᠪᠤᠯᠵᠢᠯᠠᠬᠤ ᠪᠠ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠦᠶ᠎ᠡ ᠳᠤ ᠣᠯᠵᠤ | ᠮᠡᠳᠡᠭᠰᠡᠨ ᠠᠰᠠᠭᠤᠳᠠᠯ ᠢ ᠲᠡᠮᠳᠡᠭᠯᠡᠵᠦ᠂ ᠰᠢᠢᠳᠪᠦᠷᠢᠯᠡᠵᠦ ᠳᠡᠶᠢᠯᠬᠦ ᠠᠰᠠᠭᠤᠳᠠᠯ ᠢ ᠲᠡᠷᠡ ᠳᠠᠷᠤᠢ ᠳᠤᠨᠢ | ᠰᠢᠢᠳᠪᠦᠷᠢᠯᠡᠵᠦ᠂ ᠰᠢᠢᠳᠪᠦᠷᠢᠯᠡᠵᠦ ᠳᠡᠶᠢᠯᠬᠦ ᠦᠭᠡᠢ ᠶᠢ ᠨᠢ ᠱᠠᠲᠤ ᠳᠠᠷᠠᠭᠠᠯᠠᠨ ᠳᠡᠭᠡᠭᠰᠢ ᠮᠡᠳᠡᠭᠦᠯᠦᠨ | ᠰᠢᠢᠳᠪᠦᠷᠢᠯᠡᠵᠦ᠂ ᠬᠠᠷᠢᠯᠴᠠᠬᠤ ᠳᠤ ᠣᠷᠬᠢᠭᠳᠠᠯ ᠦᠭᠡᠢ᠂ ᠬᠠᠮᠢᠶᠠᠷᠤᠯᠲᠠ ᠳᠤ ᠪᠠᠯᠠᠢ ᠭᠠᠵᠠᠷ ᠦᠭᠡᠢ᠂ | ᠦᠢᠯᠡᠴᠢᠯᠡᠭᠡ ᠳᠤ ᠵᠠᠢ ᠵᠠᠪᠰᠠᠷ ᠦᠭᠡᠢ ᠪᠠᠶᠢᠬᠤ ᠶᠢ ᠪᠡᠶᠡᠯᠡᠭᠦᠯᠵᠦ᠂ ᠲᠣᠰ ᠪᠠᠯᠭᠠᠰᠤᠨ ᠤ ᠨᠠᠮ ᠤᠨ | ᠪᠠᠶᠢᠭᠤᠯᠤᠯᠲᠠ ᠶᠢᠨ ᠲᠣᠣᠷᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ | ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠯᠲᠠ ᠶᠢᠨ ︽ᠡᠴᠦᠰ ᠤᠨ ᠨᠢᠭᠡ ᠮᠧᠲᠷ︾ ᠢ ᠨᠡᠪᠳᠡᠷᠡᠭᠦᠯᠪᠡ᠃ | | | | | | ᠰᠦᠯᠵᠢᠶᠡᠨ ᠤ ᠠᠵᠢᠯᠲᠠᠨ ᠡᠷᠦᠬᠡ ᠳᠠᠷᠠᠭᠠᠯᠠᠨ ᠬᠤᠣᠷ ᠴᠠᠭᠠᠵᠠᠯᠠᠬᠤ ᠪᠠᠶᠢᠴᠠᠭᠠᠯᠲᠠ ᠬᠢᠵᠦ ᠪᠠᠶᠢᠭ᠎ᠠ ᠨᠢ | | | | | ᠰᠦᠯᠵᠢᠶᠡᠨ ᠤ ᠠᠵᠢᠯᠲᠠᠨ ᠲᠣᠰᠬᠤᠨ ᠤ ᠠᠷᠠᠳ ᠲᠤ ᠬᠠᠤᠯᠢ ᠲᠦᠭᠡᠮᠡᠯᠵᠢᠭᠦᠯᠬᠦ ᠠᠮᠤᠷ ᠲᠦᠪᠰᠢᠨ ᠤ | ᠤᠬᠠᠭᠤᠯᠭ᠎ᠠ ᠬᠥᠮᠦᠵᠢᠯ ᠦᠷᠨᠢᠭᠦᠯᠵᠦ ᠪᠠᠶᠢᠭ᠎ᠠ ᠨᠢ | | | | | | | ᠰᠦᠯᠵᠢᠶᠡᠨ ᠤ ᠠᠵᠢᠯᠲᠠᠨ ᠨᠠᠰᠤᠲᠠᠶᠢᠴᠤᠳ ᠲᠤ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠤᠬᠠᠭᠤᠯᠭ᠎ᠠ | ᠬᠥᠮᠦᠵᠢᠯ ᠬᠢᠵᠦ ᠪᠠᠶᠢᠭ᠎ᠠ ᠨᠢ | ᠭᠦ᠋ ᠴᠧᠩ ᠪᠠᠯᠭᠠᠰᠤᠨ ᠤ ᠨᠠᠮ ᠤᠨ ᠬᠤᠷᠢᠶ᠎ᠠ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠵᠤ᠂ ᠰᠦᠯᠵᠢᠶᠡᠨ ᠤ ᠠᠵᠢᠯᠲᠠᠨ ᠤ ︽ᠬᠥᠮᠥᠨ ᠢ ᠰᠠᠶᠢᠨ ᠮᠡᠳᠡᠬᠦ᠂ | ᠭᠠᠵᠠᠷ ᠢ ᠰᠠᠶᠢᠨ ᠮᠡᠳᠡᠬᠦ︾ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ | ᠰᠢᠢᠳᠪᠦᠷᠢᠯᠡᠬᠦ᠂ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠬᠤ ᠪᠠ ᠳᠠᠩᠰᠠᠯᠠᠬᠤ ᠵᠡᠷᠭᠡ ᠠᠵᠢᠯ ᠤᠨ ᠲᠠᠯ᠎ᠠ ᠪᠠᠷ | ᠴᠢᠬᠤᠯᠠ ᠦᠢᠯᠡᠳᠦᠯ ᠭᠠᠷᠭᠠᠭᠰᠠᠨ ᠪᠠᠶᠢᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |