ᠲᠥᠪ ᠪᠠᠩᠬᠢ᠄ ᠬᠤᠳᠠᠯᠳᠤᠭᠠᠨ ᠤ ᠪᠠᠩᠬᠢ ᠶᠢ ᠵᠢᠯᠣᠭᠤᠳᠤᠨ ᠬᠤᠪᠢ ᠬᠥᠮᠥᠨ ᠤ ᠣᠷᠣᠨ ᠰᠠᠭᠤᠴᠠ ᠶᠢᠨ | ᠵᠢᠭᠡᠯᠡᠯᠭᠡ ᠶᠢᠨ ᠦᠯᠡᠳᠡᠭᠡᠯ ᠬᠦᠦ ᠶᠢᠨ ᠨᠣᠷᠮ᠎ᠠ ᠳᠤ ᠬᠠᠤᠯᠢ ᠶᠤᠰᠤᠭᠠᠷ ᠡᠮᠬᠢ ᠵᠢᠷᠤᠮ ᠲᠠᠢ ᠲᠤᠬᠢᠷᠠᠭᠤᠯᠤᠯᠳᠠ ᠬᠢᠨ᠎ᠡ | ᠳᠤᠮᠳᠠᠳᠤ ᠤᠯᠤᠰ ᠤᠨ ᠠᠷᠠᠳ ᠤᠨ ᠪᠠᠩᠬᠢ 1 ᠤ ᠡᠳᠦᠷ ᠢᠯᠡᠷᠬᠡᠶᠢᠯᠡᠬᠦ ᠳᠡᠭᠡᠨ᠂ ᠬᠤᠲᠠ ᠶᠢᠨ ᠪᠠᠶᠢᠳᠠᠯ ᠳᠤᠨᠢ | ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠳᠤ ᠣᠷᠣᠨ ᠰᠠᠭᠤᠴᠠ ᠶᠢᠨ ᠢᠲᠡᠭᠡᠮᠵᠢᠲᠦ ᠵᠢᠭᠡᠯᠡᠯᠭᠡ ᠶᠢᠨ | ᠵᠥᠷᠢᠶᠡᠲᠦ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ᠂ ᠬᠤᠪᠢ ᠬᠥᠮᠥᠨ ᠤ ᠣᠷᠣᠨ | ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠪᠠ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠬᠤ ᠶᠢ | ᠦᠷᠭᠦᠯᠵᠢᠯᠡᠨ ᠬᠥᠲᠥᠯᠥᠨ ᠵᠢᠯᠤᠭᠤᠳᠴᠤ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠪᠠ ᠰᠠᠶᠢᠵᠢᠷᠠᠭᠤᠯᠬᠤ | ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠨ ᠬᠠᠩᠭᠠᠨ᠎ᠠ᠃ ᠬᠤᠳᠠᠯᠳᠤᠭᠠᠨ ᠤ ᠪᠠᠩᠬᠢ ᠶᠢ | ᠵᠢᠯᠤᠭᠤᠳᠤᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠦᠯᠡᠳᠡᠭᠡᠯ ᠬᠦᠦ ᠶᠢᠨ ᠨᠣᠷᠮ᠎ᠠ ᠳᠤ | ᠬᠠᠤᠯᠢ ᠶᠣᠰᠣᠭᠠᠷ ᠡᠮᠬᠢ ᠵᠢᠷᠤᠮ ᠲᠠᠢ ᠲᠤᠬᠢᠷᠠᠭᠤᠯᠤᠯᠳᠠ ᠬᠢᠨ᠎ᠡ ᠭᠡᠵᠡᠢ᠃ | ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ᠲᠤᠬᠠᠢ ᠶᠢᠨ ᠡᠳᠦᠷ ᠬᠤᠷᠠᠯᠳᠤᠭᠤᠯᠤᠭᠰᠠᠨ ᠳᠣᠣᠷ᠎ᠠ ᠬᠠᠭᠠᠰ ᠵᠢᠯ ᠤᠨ ᠠᠵᠢᠯ ᠤᠨ ᠬᠤᠷᠠᠯᠳᠤᠭᠠᠨ | ᠠᠴᠠ᠂ ᠲᠣᠭᠲᠠᠭᠤᠨ ᠪᠥᠭᠡᠳ ᠡᠷᠡᠭᠦᠯ ᠵᠣᠭᠤᠰᠤᠨ ᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠷᠢᠯᠢᠭ | ᠣᠨᠣᠴᠠᠲᠠᠢ ᠪᠥᠭᠡᠳ ᠬᠦᠴᠦᠲᠡᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠦᠷᠭᠦᠯᠵᠢᠯᠡᠨ | ᠰᠠᠶᠢᠵᠢᠷᠠᠭᠤᠯᠤᠨ ᠲᠣᠭᠲᠠᠪᠤᠷᠢᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠲᠣᠭᠲᠠᠭᠤᠨ ᠢᠶᠠᠷ | ᠨᠡᠮᠡᠭᠳᠡᠬᠦ ᠳᠤ ᠵᠣᠭᠤᠰ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ | ᠭᠡᠵᠦ ᠳᠤᠷᠠᠳᠤᠨ ᠭᠠᠷᠭᠠᠪᠠ᠃ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ | ᠪᠣᠳᠣᠯᠭ᠎ᠠ ᠶᠢᠨ ᠪᠠᠭᠠᠵᠢ ᠶᠢᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ᠂ ᠪᠣᠬᠢᠷᠲᠤᠯ ᠦᠭᠡᠢ ᠬᠥᠭᠵᠢᠯᠲᠡ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ | ᠶᠡᠭᠡ ᠪᠠᠷ ᠲᠡᠮᠵᠢᠨ᠎ᠠ᠃ ᠬᠦᠦ ᠮᠥᠩᠭᠦ ᠶᠢᠨ ᠨᠤᠷᠮ᠎ᠠ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠪᠠ | ᠰᠠᠭᠤᠭᠠᠯᠢ ᠠᠷᠠᠳ ᠤᠨ ᠢᠲᠡᠭᠡᠮᠵᠢᠲᠦ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ ᠲᠣᠭᠲᠠᠭᠤᠨ | ᠪᠠᠭᠤᠷᠠᠭᠤᠯᠤᠨ᠎ᠠ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠪᠠᠷᠢᠮᠲᠠᠯᠠᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠣᠷᠴᠢᠨ ᠲᠣᠭᠤᠷᠢᠨ ᠢ ᠦᠨᠡᠨᠬᠦ ᠰᠢᠯᠢᠳᠡᠭᠵᠢᠭᠦᠯᠦᠨ᠎ᠡ᠃ | ᠬᠤᠷᠠᠯ ᠠᠴᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠲᠡᠮᠵᠢᠨ᠎ᠡ᠃ ︽ᠮᠥᠩᠭᠦᠨ ᠭᠦᠢᠯᠭᠡᠭᠡᠨ ᠤ ᠠᠷᠪᠠᠨ ᠵᠢᠷᠭᠤᠭᠠᠨ ᠵᠤᠷᠪᠤᠰ︾ ᠢ ᠰᠠᠶᠢᠲᠤᠷ | ᠨᠠᠶᠢᠳᠠᠪᠤᠷᠢᠵᠢᠭᠤᠯᠵᠤ᠂ ᠪᠠᠲᠤᠯᠠᠭᠠᠲᠤ ᠲᠤᠰᠢᠶᠠᠬᠤ ᠠᠰᠠᠷ ᠤᠨ ᠵᠢᠭᠡᠯᠡᠯᠭᠡ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠬᠦ | ᠬᠤᠭᠤᠴᠠᠭ᠎ᠠ ᠶᠢ ᠤᠷᠲᠤᠳᠬᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠲᠣᠭᠲᠠᠭᠤᠨ | ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠣᠷᠣᠨ ᠰᠠᠭᠤᠴᠠ ᠶᠢᠨ ᠲᠦᠷᠢᠶᠡᠰᠦᠯᠡᠯ᠂ ᠬᠤᠲᠠ ᠶᠢᠨ | ᠳᠤᠮᠳᠠᠬᠢ ᠲᠣᠰᠬᠤᠨ ᠤ ᠥᠭᠡᠷᠡᠴᠢᠯᠡᠯᠲᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠵᠡᠷᠭᠡ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠤᠨ᠎ᠠ ᠭᠡᠵᠦ | ᠲᠤᠷᠠᠳᠤᠨ ᠭᠠᠷᠭᠠᠪᠠ᠃ | ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠲᠠᠯ᠎ᠠ ᠪᠠᠷ᠂ ᠬᠤᠷᠠᠯ ᠠᠴᠠ ᠱᠠᠭᠠᠷᠳᠠᠭᠰᠠᠨ ᠨᠢ᠂ ᠮᠥᠩᠭᠦᠨ ᠭᠦᠢᠯᠭᠡᠭᠡᠨ ᠢᠶᠠᠷ ᠣᠷᠣᠨ ᠨᠤᠲᠤᠭ ᠤᠨ ᠥᠷᠢ | ᠥᠭᠴᠡᠭᠡᠨ ᠤ ᠲᠦᠭᠰᠢᠭᠦᠷᠢ ᠶᠢ ᠠᠷᠢᠯᠭᠠᠬᠤ ᠠᠵᠢᠯ ᠢ ᠳᠡᠮᠵᠢᠬᠦ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ | ᠬᠡᠷᠡᠭᠲᠡᠢ᠃ ᠭᠤᠣᠯᠳᠠᠯᠭ᠎ᠠ ᠲᠠᠢ ᠭᠠᠵᠠᠷ ᠣᠷᠣᠨ ᠪᠠ ᠪᠠᠶᠢᠭᠤᠯᠤᠮᠵᠢ ᠶᠢᠨ ᠲᠦᠭᠰᠢᠭᠦᠷᠢ ᠶᠢ ᠰᠢᠢᠳᠪᠦᠷᠢᠯᠡᠬᠦ ᠠᠵᠢᠯ ᠢ | ᠦᠷᠭᠦᠯᠵᠢᠯᠡᠨ ᠲᠦᠯᠬᠢᠨ ᠠᠬᠢᠭᠤᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠪᠠᠭᠠᠵᠢ ᠪᠠ ᠠᠷᠭ᠎ᠠ ᠪᠠᠷᠢᠯ ᠢ ᠪᠠᠶᠠᠯᠢᠭᠵᠢᠭᠤᠯᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ | ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ | ᠬᠤᠷᠠᠯ ᠠᠴᠠ᠂ ᠭᠠᠳᠠᠭᠠᠳᠤ ᠭᠤᠪᠢᠭᠤᠯᠭ᠎ᠠ ᠶᠢᠨ ᠲᠦᠷᠦ ᠶᠢᠨ ᠪᠣᠳᠣᠯᠭ᠎ᠠ ᠶᠢᠨ ᠬᠠᠩᠭᠠᠯᠭ᠎ᠠ ᠶᠢ ᠴᠢᠩᠭᠠᠳᠬᠠᠨ | ᠰᠠᠶᠢᠵᠢᠷᠠᠭᠤᠯᠵᠤ᠂ ᠭᠠᠳᠠᠭᠠᠳᠤ ᠭᠤᠪᠢᠭᠤᠯᠭ᠎ᠠ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠠᠵᠢᠯᠯᠠᠬᠤ ᠶᠢ | ᠬᠠᠮᠠᠭᠠᠯᠠᠨ᠎ᠠ᠃ ᠬᠢᠯᠢ ᠠᠯᠤᠰᠯᠠᠭᠰᠠᠨ ᠪᠡᠯᠡ ᠮᠥᠩᠭᠦ ᠶᠢᠨ ᠬᠡᠯᠪᠡᠯᠵᠡᠯ ᠤᠨ ᠪᠠᠶᠢᠳᠠᠯ ᠢ ᠨᠢᠭᠲᠠ ᠠᠩᠬᠠᠷᠴᠤ᠂ ᠬᠤᠷᠸ᠎ᠠ | ᠲᠠᠯ᠎ᠠ ᠶᠢᠨ ᠬᠢᠨᠠᠭᠤᠷ ᠪᠣᠯᠭᠤᠮᠵᠢᠲᠠᠢ ᠬᠠᠮᠢᠶᠠᠷᠤᠯᠲᠠ ᠪᠠ ᠵᠢᠱᠢᠯᠲᠡ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ | ᠂ ᠠᠷᠠᠳ ᠤᠨ ᠵᠣᠭᠤᠰᠤᠨᠤ ᠭᠤᠪᠢᠭᠤᠯᠭ᠎ᠠ ᠶᠢᠨ ᠨᠤᠷᠮ᠎ᠠ ᠶᠢ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ | ᠳᠡᠭᠡᠷ᠎ᠡ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠭᠠᠳᠠᠭᠠᠳᠤ ᠭᠤᠪᠢᠭᠤᠯᠭ᠎ᠠ ᠶᠢᠨ | ᠠᠷᠠᠯᠵᠢᠶ᠎ᠠ ᠶᠢ ᠳᠥᠭᠦᠮᠴᠢᠯᠡᠬᠦ ᠵᠡᠷᠭᠡ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠭᠦᠨᠵᠡᠭᠡᠢ ᠲᠦᠯᠬᠢᠨ | ᠠᠬᠢᠭᠤᠯᠤᠨ᠎ᠠ᠃ ᠭᠠᠳᠠᠭᠠᠳᠤ ᠭᠤᠪᠢᠭᠤᠯᠭ᠎ᠠ ᠶᠢᠨ ᠵᠠᠬ᠎ᠠ ᠳᠡᠯᠭᠡᠭᠦᠷ ᠤᠨ ᠡᠷᠡᠭᠦᠯ ᠡᠮᠬᠢ ᠳᠢᠭᠯᠢᠮ ᠢ ᠬᠠᠮᠠᠭᠠᠯᠠᠵᠤ᠂ | ᠨᠢᠭᠤᠴᠠ ᠵᠣᠭᠤᠰ ᠤᠨ ᠫᠦᠰᠡ᠂ ᠬᠢᠯᠢ ᠠᠯᠤᠰᠯᠠᠨ ᠵᠣᠭᠤᠰ ᠨᠠᠭᠠᠳᠬᠤ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠡᠭᠦᠨ ᠠᠴᠠ ᠭᠠᠳᠠᠨ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠭᠠᠳᠠᠭᠠᠳᠤ | ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠪᠠᠰᠠ ᠮᠥᠩᠭᠦᠨ ᠭᠦᠢᠯᠭᠡᠭᠡᠨ ᠤ ᠤᠯᠠᠨ ᠤᠯᠤᠰ ᠤᠨ | ᠬᠠᠮᠲᠤᠷᠠᠯᠴᠠᠭ᠎ᠠ ᠪᠣᠯᠣᠨ ᠮᠥᠩᠭᠦᠨ ᠭᠦᠢᠯᠭᠡᠭᠡᠨ ᠤ ᠦᠢᠯᠡᠰ ᠤᠨ ᠥᠨᠳᠥᠷ ᠲᠦᠪᠰᠢᠨ ᠢᠶᠠᠷ ᠨᠡᠭᠡᠭᠡᠯᠳᠡ ᠬᠢᠬᠦ ᠶᠢ | ᠭᠦᠨᠵᠡᠭᠡᠶᠢᠷᠡᠭᠦᠯᠦᠨ᠎ᠡ᠃ ᠬᠢᠯᠢ ᠶᠢᠨ ᠭᠠᠳᠠᠨᠠᠬᠢ ᠪᠡᠯᠡ ᠣᠷᠣᠭᠤᠯᠤᠭᠴᠢ ᠶᠢᠨ ᠳᠤᠮᠳᠠᠳᠤ ᠤᠯᠤᠰ ᠤᠨ ᠵᠠᠬ᠎ᠠ | ᠳᠡᠯᠭᠡᠭᠦᠷ ᠲᠤ ᠪᠡᠯᠡ ᠣᠷᠣᠭᠤᠯᠬᠤ ᠵᠢᠷᠤᠮ ᠢ ᠳᠥᠭᠦᠮᠴᠢᠯᠡᠵᠦ᠂ ᠪᠡᠯᠡ ᠣᠷᠣᠭᠤᠯᠵᠤ ᠪᠣᠯᠬᠤ ᠡᠳ᠋ ᠬᠥᠷᠥᠩᠭᠡ ᠶᠢᠨ | ᠲᠦᠷᠦᠯ ᠵᠦᠢᠯ ᠢ ᠪᠠᠶᠠᠯᠢᠭᠵᠢᠭᠤᠯᠤᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠬᠠᠮᠢᠶᠠᠷᠤᠯᠲᠠ ᠶᠢᠨ ᠬᠢᠷᠢ | ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠲᠣᠭᠠᠵᠢᠭᠤᠯᠤᠭᠰᠠᠨ ᠠᠷᠠᠳ ᠤᠨ ᠵᠣᠭᠤᠰ ᠢ ᠰᠤᠳᠤᠯᠤᠨ ᠨᠡᠭᠡᠭᠡᠬᠦ | ᠲᠤᠷᠰᠢᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ᠲᠠᠨᠢᠯᠴᠠᠭᠤᠯᠤᠭᠰᠠᠨ ᠢᠶᠠᠷ᠂ ᠳᠣᠣᠷ᠎ᠠ ᠬᠠᠭᠠᠰ ᠵᠢᠯ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ᠂ | ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠰᠢᠰᠲ᠋ᠧᠮ ᠤᠨ ᠬᠢᠨ ᠬᠤᠷᠸ᠎ᠠ | ᠲᠣᠬᠢᠷᠠᠭᠤᠯᠤᠯ ᠡᠵᠡᠮᠳᠡᠯ ᠢ ᠨᠠᠷᠢᠯᠢᠭ ᠣᠨᠣᠴᠠᠲᠠᠢ ᠪᠠᠷ ᠬᠦᠴᠦᠲᠡᠢ ᠬᠡᠷᠡᠭᠵᠢᠭᠦᠯᠵᠦ᠂ ᠰᠥᠷᠭᠡᠦ ᠦᠶᠡᠯᠡᠯ ᠤᠨ | ᠬᠤᠭᠤᠴᠠᠭᠠᠨ ᠤ ᠲᠣᠬᠢᠷᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠨᠥᠭᠡᠴᠡᠯᠡᠯᠲᠡ ᠶᠢ ᠴᠢᠩᠭᠠᠳᠬᠠᠨ᠂ ᠠᠵᠤ | ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠤᠨ᠎ᠠ᠃ | ᠢᠷᠡᠯᠲᠡ᠄ ᠰᠢᠨᠬᠤᠸᠠ ᠬᠤᠷᠢᠶ᠎ᠠ |