140 ᠵᠢᠯ ᠳᠤ ᠦᠭᠡᠢ ᠶᠡᠭᠡ ᠪᠣᠷᠣᠭᠠᠨ ᠣᠷᠣᠪᠠ
ᠨᠡᠶᠢᠲᠡᠯᠡᠭᠰᠡᠨ ᠴᠠᠭ᠄
2023/8/4
       7 ᠳ᠋ᠤᠭᠠᠷ ᠰᠠᠷ᠎ᠠ ᠶᠢᠨ 29 ᠤ ᠡᠳᠦᠷ ᠠᠴᠠ 8 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ᠂ ᠤᠮᠠᠷᠠᠲᠤ ᠣᠷᠣᠨ᠂ ᠬᠠᠲᠤᠨ ᠭᠤᠣᠯ᠂ ᠬᠤᠸᠠᠢ ᠾᠧ ᠭᠤᠣᠯ ᠵᠡᠷᠭᠡ ᠭᠠᠵᠠᠷ ᠲᠤ ᠨᠢᠭᠡ ᠤᠳᠠᠭᠠᠨ ᠤ ᠤᠨᠴᠠ ᠰᠢᠷᠦᠭᠦᠨ ᠪᠣᠷᠣᠭᠠᠨ ᠣᠷᠣᠪᠠ᠃                      ᠬᠠᠮᠢᠶᠠᠳᠡᠢ ᠲᠤᠭ᠎ᠠ ᠪᠠᠷᠢᠮᠲᠠ ᠠᠴᠠ ᠦᠵᠡᠪᠡᠯ᠂ 8 ᠳ᠋ᠤᠭᠠᠷ ᠰᠠᠷ᠎ᠠ ᠶᠢᠨ 1 ᠤ ᠡᠳᠦᠷ ᠤᠨ 9 ᠴᠠᠭ ᠪᠣᠯᠲᠠᠯ᠎ᠠ ᠂ ᠲᠣᠰ ᠡᠭᠡᠯᠵᠢ ᠶᠢᠨ ᠦᠷᠭᠦᠯᠵᠢᠯᠡᠭᠰᠡᠨ ᠰᠢᠷᠦᠭᠦᠨ ᠪᠣᠷᠣᠭᠠᠨ ᠤ ᠳᠤᠮᠳᠠ᠂ ᠾᠧᠪᠸᠢ ᠮᠤᠵᠢ ᠶᠢᠨ ᠰᠢᠩ ᠲᠠᠢ ᠬᠤᠲᠠ ᠶᠢᠨ ᠯᠢᠨᠴᠧᠩ ᠰᠢᠶᠠᠨ ᠤ ᠵᠣᠣ ᠵᠤᠸᠠᠩ ᠤᠨ ᠯᠢᠶᠠᠩ  ᠵᠢᠶᠠ ᠵᠤᠸᠠᠩ ᠥᠷᠲᠡᠭᠡ ᠳᠤ ᠬᠠᠮᠤᠭ ᠤᠨ ᠶᠡᠭᠡ ᠪᠣᠷᠣᠭᠠᠨ ᠣᠷᠣᠵᠤ᠂ ᠬᠤᠷ᠎ᠠ ᠲᠤᠨᠣᠳᠠᠰᠤᠨ ᠤ ᠬᠡᠮᠵᠢᠶ᠎ᠡ ᠨᠢ ᠨᠡᠶᠢᠲᠡ 1003 ᠮᠢᠯᠢᠮᠧᠲᠷ ᠲᠤ ᠬᠦᠷᠴᠡᠶ᠃ ᠡᠩ ᠤᠨ ᠵᠢᠯ ᠳᠤ᠂ ᠰᠢᠩ ᠲᠠᠢ ᠬᠤᠲᠠ ᠶᠢᠨ ᠵᠢᠯ ᠤᠨ ᠳᠤᠮᠳᠠᠴᠢ ᠬᠤᠷ᠎ᠠ ᠲᠤᠨᠤᠳᠠᠰᠤᠨ ᠤ ᠬᠡᠮᠵᠢᠶ᠎ᠡ ᠨᠢ ᠪᠠᠷᠤᠭ 500 ᠮᠢᠯᠢᠮᠧᠲᠷ ᠪᠠᠶᠢᠳᠠᠭ᠂ ᠡᠨᠡ ᠤᠳᠠᠭ᠎ᠠ ᠬᠤᠶᠠᠷᠬᠠᠨ ᠬᠤᠨᠤᠭ ᠲᠤ᠂ ᠬᠤᠶᠠᠷ ᠵᠢᠯ ᠤᠨ ᠪᠣᠷᠣᠭᠠᠨ ᠤ ᠬᠡᠮᠵᠢᠶ᠎ᠡ ᠲᠠᠢ ᠲᠡᠩᠴᠡᠭᠰᠡᠨ ᠰᠢᠷᠦᠬᠦᠨ ᠪᠣᠷᠤᠭ᠎ᠠ ᠤᠷᠤᠭᠰᠠᠨ ᠪᠠᠶᠢᠨ᠎ᠠ᠃                      ︽ᠪᠡᠭᠡᠵᠢᠩ ᠬᠤᠲᠠ ᠶᠢᠨ ᠬᠤᠶᠠᠷ ᠭᠠᠵᠠᠷ ᠤᠨ ᠬᠤᠷ᠎ᠠ ᠲᠤᠨᠤᠳᠠᠰᠤᠨ ᠤ ᠬᠡᠮᠵᠢᠶ᠎ᠡ ᠨᠡᠶᠢᠲᠡ  700 ᠮᠢᠯᠢᠮᠧᠲᠷ ᠡᠴᠡ‌‍ᠲ᠋ᠠᠪᠠᠵᠤ᠂ 2012 ᠣᠨ ᠤ ︿7 · 21﹀ ᠤ ᠣᠨᠴᠠ ᠶᠡᠭᠡ ᠰᠢᠷᠦᠭᠦᠨ ᠪᠣᠷᠣᠭᠠᠨ ᠤ ᠬᠡᠮᠵᠢᠶ᠎ᠡ  ᠠᠴᠠ ᠬᠤᠯᠠ  ᠳᠠᠪᠠᠭᠰᠠᠨ ᠪᠠᠶᠢᠨ᠎ᠠ᠂ ᠡᠶᠢᠮᠤ ᠪᠠᠶᠢᠳᠡᠯ ᠲᠤᠶᠢᠯ ᠤᠨ ᠬᠤᠪᠤᠷ ᠲᠤᠬᠢᠶᠠᠯᠳᠤᠳᠠᠭ︾ ᠭᠡᠵᠦ ᠲᠥᠪ ᠤᠨ ᠴᠠᠭ ᠠᠭᠤᠷ ᠤᠨ ᠰᠢᠨᠵᠢᠯᠡᠬᠡᠨ ᠤ ᠰᠲ᠋ᠠᠨᠼ ᠤᠨ ᠠᠬᠠᠯᠠᠬᠤ ᠮᠡᠳᠡᠭᠡᠯᠡᠭᠴᠢ ᠮᠠ ᠰᠢᠤᠸᠠᠢ ᠴᠢᠶᠠᠨ ᠬᠡᠯᠡᠵᠦ ᠪᠠᠶᠢᠯ᠎ᠠ᠃                ᠮᠠ ᠰᠢᠤᠸᠠᠢ ᠴᠢᠶᠠᠨ ᠬᠡᠯᠡᠬᠦ ᠳᠡᠭᠡᠨ᠂ ᠲᠣᠰ ᠤᠳᠠᠭᠠᠨ ᠤ ᠤᠨᠴᠠ ᠰᠢᠷᠦᠬᠦᠨ ᠪᠤᠷᠤᠭ᠎ᠠ ᠡᠶᠢᠮᠤ ᠬᠡᠳᠤᠨ ᠤᠨᠴᠠᠯᠢᠭ ᠲᠠᠢ᠂ ᠲᠤᠬᠠᠶᠢᠯᠡᠪᠡᠯ ᠦᠷᠭᠦᠯᠵᠢᠯᠡᠬᠦ ᠴᠠᠭ ᠨᠢ ᠣᠷᠳᠣ᠂ ᠨᠥᠯᠥᠭᠡᠯᠡᠬᠦ ᠬᠡᠪᠴᠢᠶ᠎ᠡ ᠨᠢ ᠥᠷᠭᠡᠨ᠂  ᠪᠣᠷᠣᠭᠠᠨ ᠤ ᠬᠡᠮᠵᠢᠶ᠎ᠡ   ᠨᠢ ᠶᠡᠭᠡ᠂ ᠬᠡᠰᠡᠭ ᠭᠠᠵᠠᠷ ᠤᠨ ᠲᠤᠨᠤᠳᠠᠰᠤᠨ ᠤ ᠬᠡᠮᠵᠢᠶ᠎ᠡ ᠨᠢ ᠬᠡᠮᠵᠢᠭᠳᠡᠯ ᠠᠴᠠ ᠲᠠᠪᠠᠭᠰᠠᠨ ᠪᠠᠶᠢᠨ᠎ᠠ ᠬᠡᠵᠠᠢ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1