︽︿ᠲᠣᠭᠲᠠᠬᠤ ᠰᠢᠶᠠᠨ ᠤ ᠴᠡᠨᠡᠭᠯᠡᠵᠦ ᠰᠣᠯᠢᠬᠤ ᠴᠠᠬᠢᠯᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠲᠤᠬᠠᠢ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2023/8/7
      ᠡᠳᠦᠭᠡ ᠮᠡᠳᠡᠭᠦᠯᠦᠨ ᠳᠠᠩᠰᠠᠯᠠᠭᠤᠯᠤᠭᠰᠠᠨ ︽︿ᠲᠣᠭᠲᠠᠬᠤ ᠰᠢᠶᠠᠨ ᠤ ᠴᠡᠨᠡᠭᠯᠡᠵᠦ ᠰᠣᠯᠢᠬᠤ ᠴᠠᠬᠢᠯᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠳᠣᠣᠷᠠᠬᠢ ᠮᠡᠲᠦ ᠲᠣᠳᠣᠷᠬᠠᠶᠢᠯᠠᠶ᠎ᠠ᠄      ᠨᠢᠭᠡ᠂ ᠪᠢᠴᠢᠭ ᠮᠠᠲ᠋ᠧᠷᠢᠶᠠᠯ ᠢ ᠲᠣᠭᠲᠠᠭᠠᠬᠤ ᠶᠢᠨ ᠴᠢᠬᠤᠯᠠ ᠴᠢᠨᠠᠷ      ︽ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2014﹈ 35 ᠳ᠋ᠤᠭᠠᠷ ᠲᠣᠭᠠᠲᠤ︶᠂ ︽ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠵᠡᠷᠭᠡ ᠰᠠᠯᠠᠭ᠎ᠠ ᠮᠥᠴᠢᠷ ᠤᠨ ᠬᠡᠷᠡᠭᠵᠢᠭᠦᠯᠬᠦ ᠰᠠᠨᠠᠯ︾ ︵ᠬᠥᠭᠵᠢᠭᠦᠯᠦᠯᠲᠡ ᠥᠭᠡᠷᠡᠴᠢᠯᠡᠯᠲᠡ ᠡᠨᠧᠷᠭᠢ ᠲᠣᠭᠲᠠᠭᠠᠯ ﹇2022﹈ 53 ᠳ᠋ᠤᠭᠠᠷ ᠲᠣᠭᠠᠲᠤ︶᠂ ︽ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠠᠩ ᠰᠠᠶᠢᠲᠤᠷ ᠳᠡᠮᠵᠢᠬᠦ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠬᠡᠷᠡᠭᠵᠢᠭᠦᠯᠬᠦ ᠰᠠᠨᠠᠯ︾ ︵ᠬᠥᠭᠵᠢᠭᠦᠯᠦᠯᠲᠡ ᠥᠭᠡᠷᠡᠴᠢᠯᠡᠯᠲᠡ ᠶᠡᠷᠦᠩᠬᠡᠶᠢᠯᠡᠭᠰᠡᠨ ﹇2023﹈ 545 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠴᠡᠨᠡᠭᠯᠡᠬᠦ ᠪᠠ ᠰᠣᠯᠢᠬᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠬᠦ ᠲᠥᠰᠥᠯ ︵2021 ︱ 2025 ᠣᠨ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ ᠲᠣᠰ ᠠᠷᠭ᠎ᠠ ᠶᠢ ᠲᠣᠭᠲᠠᠭᠠᠪᠠ᠃      ᠬᠤᠶᠠᠷ᠂ ᠪᠢᠴᠢᠭ ᠮᠠᠲ᠋ᠧᠷᠢᠶᠠᠯ ᠤᠨ ᠭᠤᠣᠯ ᠦᠨᠳᠦᠰᠦᠯᠡᠯ      ᠲᠣᠰ ᠪᠢᠴᠢᠭ ᠮᠠᠲ᠋ᠧᠷᠢᠶᠠᠯ ᠢ ᠲᠣᠭᠲᠠᠭᠠᠬᠤ ᠭᠤᠣᠯ ᠦᠨᠳᠦᠰᠦᠯᠡᠯ ᠪᠣᠯ ︽ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2014﹈ 35 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠪᠣᠯᠣᠨ᠎ᠠ᠃      ᠭᠤᠷᠪᠠ᠂ ᠪᠢᠴᠢᠭ ᠮᠠᠲ᠋ᠧᠷᠢᠶᠠᠯ ᠲᠣᠭᠲᠠᠭᠠᠬᠤ ᠲᠠᠰ ᠳᠠᠷᠠᠭᠠᠯᠠᠯ       ᠲᠣᠰ ᠪᠢᠴᠢᠭ ᠮᠠᠲ᠋ᠧᠷᠢᠶᠠᠯ ᠢ 2023 ᠣᠨ ᠤ 5 ᠳ᠋ᠤᠭᠠᠷ ᠰᠠᠷ᠎ᠠ ᠶᠢᠨ 23 ᠤ ᠡᠳᠦᠷ ᠠᠴᠠ ᠡᠬᠢᠯᠡᠨ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ  ᠵᠦᠪᠯᠡᠯ ᠠᠴᠠ ᠲᠤᠭᠤᠷᠪᠢᠭᠰᠠᠨ ᠪᠥᠭᠡᠳ ᠲᠣᠰ ᠪᠢᠴᠢᠭ ᠮᠠᠲ᠋ᠧᠷᠢᠶᠠᠯ ᠢ ᠨᠡᠶᠢᠲᠡᠯᠡᠬᠦ ᠶᠢᠨ ᠴᠢᠬᠤᠯᠠ ᠴᠢᠨᠠᠷ᠂ ᠰᠤᠳᠤᠯᠬᠤ ᠴᠢᠨᠠᠷ ᠵᠡᠷᠭᠡ ᠠᠭᠤᠯᠭ᠎ᠠ ᠳᠤ ᠪᠠᠶᠢᠴᠠᠭᠠᠨ ᠰᠤᠳᠤᠯᠤᠯᠲᠠ ᠬᠢᠵᠦ ᠨᠤᠲᠠᠯᠠᠯᠲᠠ ᠬᠢᠭᠰᠡᠨ ᠪᠠᠶᠢᠨ᠎ᠠ᠃ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠢ ᠦᠨᠳᠦᠰᠦᠯᠡᠨ᠂ ᠮᠠᠨ ᠤ ᠵᠦᠪᠯᠡᠯ ᠬᠠᠮᠲᠤ ᠪᠠᠷ ᠬᠢᠨᠠᠨ ᠶᠠᠷᠢᠯᠴᠠᠭᠠᠳ ᠡᠴᠦᠰ ᠲᠡᠭᠡᠨ ᠡᠬᠡ ᠨᠣᠣᠷᠠᠭ ᠢ ᠲᠣᠭᠲᠠᠭᠠᠪᠠ᠃ ᠲᠣᠰ ᠪᠢᠴᠢᠭ ᠮᠠᠲ᠋ᠧᠷᠢᠶᠠᠯ ᠢ ᠬᠠᠤᠯᠢ ᠳᠦᠷᠢᠮ ᠤᠨ ᠠᠯᠪᠠᠨ ᠭᠡᠷ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠭᠰᠡᠨ ᠤ ᠳᠠᠷᠠᠭ᠎ᠠ᠂ 4 ᠵᠦᠢᠯ ᠤᠨ ᠰᠠᠨᠠᠯ ᠳᠤᠷᠠᠳᠴᠤ᠂ 4 ᠵᠦᠢᠯ ᠢ ᠭᠥᠯᠢᠶᠡᠨ ᠠᠪᠴᠤ᠂ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠪᠠ᠃      ᠳᠥᠷᠪᠡ᠂ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠡᠳᠦᠷ ᠬᠤᠭᠤᠴᠠᠭ᠎ᠠ ᠵᠢᠴᠢ ᠬᠦᠴᠦᠨ ᠲᠠᠢ ᠬᠤᠭᠤᠴᠠᠭ᠎ᠠ ᠶᠢᠨ ᠲᠣᠳᠣᠷᠬᠠᠶᠢᠯᠠᠯᠲᠠ      ᠲᠣᠰ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ 1 ᠵᠢᠯ᠃ᠢᠷᠡᠯᠳᠡ᠄ ᠲᠤᠭᠳᠠᠬᠤ ᠰᠢᠶᠠᠨ ᠤ ᠵᠠᠰᠠᠭ ᠤᠨ ᠤᠷᠳᠤᠨ ᠤ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1