ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠢᠳᠡᠭᠡᠨ ᠤ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ 6 ᠪᠦᠯᠦᠭ ᠤᠳᠠᠭ᠎ᠠ ᠶᠢᠨ ᠢᠳᠡᠭᠡᠨ ᠤ ᠪᠠᠶᠢᠳᠠᠯ ᠢ ᠵᠠᠷᠯᠠᠨ ᠮᠡᠳᠡᠭᠳᠡᠪᠡ
ᠨᠡᠶᠢᠲᠡᠯᠡᠭᠰᠡᠨ ᠴᠠᠭ᠄
2023/8/7
     ᠵᠠᠬ᠎ᠠ  ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠣᠶᠢᠷ᠎ᠠ ᠳᠤ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠠᠮᠤ ᠪᠤᠳᠠᠭ᠎ᠠ ᠪᠣᠯᠪᠠᠰᠤᠷᠠᠭᠤᠯᠤᠭᠰᠠᠨ ᠡᠳ᠋᠂ ᠢᠳᠡᠭᠡᠨ ᠤᠮᠳᠠᠭᠠᠨ᠂ ᠠᠷᠢᠬᠢᠨ ᠤ ᠵᠦᠢᠯ᠂ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠢᠳᠡᠭᠡᠨ ᠪᠠ ᠣᠨᠴᠠᠭᠠᠶ ᠢᠳᠡᠭᠡᠨ ᠵᠡᠷᠭᠡ ᠬᠤᠷᠢᠨ ᠶᠡᠭᠡ ᠲᠥᠷᠥᠯ ᠤᠨ ᠢᠳᠡᠭᠡᠨ ᠤ 317 ᠪᠦᠯᠦᠭ ᠤᠳᠠᠭ᠎ᠠ ᠶᠢᠨ ᠥᠯᠢᠭᠡᠷ  ᠡᠳ᠋ ᠢ ᠰᠤᠭᠤᠴᠢᠨ ᠠᠪᠴᠤ ᠪᠠᠶᠢᠴᠠᠭᠠᠯᠳᠠ ᠭᠢᠭᠰᠡᠨ ᠳᠤ᠂ 6 ᠪᠦᠯᠦᠭ ᠤᠳᠠᠭ᠎ᠠ ᠶᠢᠨ ᠥᠯᠢᠭᠡᠷ  ᠡᠳ᠋ ᠬᠢᠷᠢ ᠲᠡᠩᠴᠡᠭᠦ ᠥᠬᠡᠶ ᠪᠠᠶᠢᠬᠤ ᠶᠢ ᠪᠠᠶᠢᠴᠠᠭᠠᠨ ᠭᠠᠷᠭᠠᠪᠠ᠃ ᠢᠯᠡᠷᠡᠭᠦᠯᠦᠭᠰᠡᠨ ᠭᠤᠤᠯ ᠠᠰᠠᠭᠤᠳᠠᠯ ᠨᠢ  ᠮᠢᠺᠷᠣᠪ ᠤᠨ ᠪᠣᠬᠢᠷᠲᠤᠯ ᠲᠠᠢ᠂ ᠢᠳᠡᠭᠡᠨ ᠤ ᠨᠡᠮᠡᠯᠲᠡ ᠡᠳ᠋ ᠢ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠭᠰᠡᠨ᠂ ᠶᠠᠰᠤ ᠴᠢᠨᠠᠷ ᠤᠨ ᠬᠦᠢᠴᠡᠳᠭᠡᠯ ᠲᠤᠭ᠎ᠠ ᠪᠠᠷᠢᠮᠵᠢᠶ᠎ᠠ ᠳᠤ  ᠬᠥᠷᠬᠦ‌ᠥᠬᠡᠶ ᠵᠡᠷᠭᠡ ᠠᠰᠠᠭᠤᠳᠠᠯ ᠪᠣᠯᠤᠨ᠎ᠠ᠃ ᠰᠤᠭᠤᠴᠢᠨ ᠪᠠᠶᠢᠴᠠᠭᠠᠯᠲᠠ ᠳᠤ ᠢᠯᠡᠷᠡᠭᠦᠯᠦᠭᠰᠡᠨ ᠬᠢᠷᠢ ᠲᠡᠩᠴᠡᠭᠦ ᠥᠬᠡᠶ ᠢᠳᠡᠭᠡᠨ ᠢ ᠱᠠᠨ ᠰᠢ᠂ ᠵᠢᠶᠠᠩᠰᠦ᠂ ᠵᠧᠵᠢᠶᠠᠩ᠂ ᠱᠠᠨᠳᠦ᠋ᠩ᠂  ᠬᠤᠪᠸᠢ᠂  ᠰᠧᠴᠤᠸᠠᠨ᠂  ᠭᠠᠨᠰᠦ ᠵᠡᠷᠭᠡ ᠮᠤᠵᠢ ᠶᠢᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠨᠲᠡ ᠬᠢᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠢᠯᠡᠳᠬᠦᠨ ᠤ ᠬᠦᠢᠯᠭᠡᠭᠡᠨ ᠤ ᠬᠠᠨᠳᠤᠰᠢ ᠶᠢ ᠪᠠᠶᠢᠴᠠᠭᠠᠨ ᠳᠣᠲᠣᠯᠠᠵᠤ᠂ ᠠᠵᠤ ᠠᠬᠤᠶᠢᠯᠠᠯ ᠢ ᠬᠢᠷᠢ ᠲᠡᠩᠴᠡᠭᠦ ᠥᠬᠡᠶ ᠦᠢᠯᠡᠳᠬᠦᠨ ᠢ ᠵᠠᠬ᠎ᠠ ᠳᠡᠯᠭᠡᠭᠦᠷ ᠠᠴᠠ ᠪᠠᠭᠤᠯᠭᠠᠨ ᠡᠭᠡᠭᠦᠯᠦᠨ ᠠᠪᠴᠢᠷᠠᠬᠤ ᠵᠡᠷᠭᠡ ᠠᠷᠭ᠎ᠠ ᠬᠡᠮᠵᠢᠶ᠎ᠡ ᠠᠪᠴᠤ ᠦᠢᠯᠡᠳᠬᠦᠨ ᠤ ᠠᠶᠤᠯ ᠲᠦᠭᠰᠢᠭᠦᠷᠢ ᠶᠢ ᠬᠢᠵᠠᠭᠠᠷᠯᠠᠬᠤ ᠭᠡᠷᠡᠭᠳᠡᠢ︔  ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠶ᠋ᠳᠪᠦᠷᠢᠯᠡᠬᠦ ᠬᠡᠷᠡᠭᠲᠡᠶ ᠭᠡᠵᠦ ᠱᠠᠭᠠᠷᠳᠠᠵᠠᠢ᠃ ᠁ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1