ᠮᠠᠰᠢᠨ ᠠᠪᠬᠤ ᠬᠥᠮᠥᠰ ᠲᠤ ᠳᠠᠮᠵᠢᠭᠤᠯᠬᠤ ᠰᠠᠶᠢᠨ ᠴᠢᠮᠡᠭᠡ
ᠨᠡᠶᠢᠲᠡᠯᠡᠭᠰᠡᠨ ᠴᠠᠭ᠄
2023/8/7
      ᠣᠶᠢᠷ᠎ᠠ ᠶᠢᠨ ᠬᠤᠭᠤᠴᠠᠭᠠᠨ ᠳᠤ᠂ ᠲᠥᠪ ᠪᠠ ᠣᠷᠣᠨ ᠨᠤᠲᠤᠭ ᠤᠨ ᠬᠢᠨ ᠮᠠᠰᠢᠨ ᠲᠡᠷᠭᠡ ᠬᠤᠳᠠᠯᠳᠤᠨ ᠠᠪᠬᠤ ᠶᠢ ᠬᠢᠵᠠᠭᠠᠷᠯᠠᠬᠤ ᠨᠥᠬᠦᠴᠡᠯ ᠢ ᠰᠤᠯᠠᠳᠬᠠᠵᠦ᠂ ᠬᠡᠷᠡᠭᠯᠡᠭᠡᠨ ᠤ ᠨᠥᠬᠦᠪᠥᠷᠢ  ᠣᠯᠭᠤᠬᠤ᠂  ᠭᠠᠷ  ᠳᠠᠮᠵᠢᠭᠰᠠᠨ  ᠮᠠᠰᠢᠨ  ᠲᠡᠷᠭᠡᠨ ᠤ ᠠᠷᠠᠯᠵᠢᠶ᠎ᠠ ᠳᠤ ᠲᠥᠬᠦᠮ ᠦᠵᠡᠭᠦᠯᠵᠦ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠬᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠡᠯ᠎ᠡ ᠲᠠᠯ᠎ᠠ ᠠᠴᠠ ᠭᠠᠷᠳᠠᠵᠤ᠂ ᠤᠯᠤᠰ ᠤᠨ ᠳᠣᠲᠣᠭᠠᠳᠤ ᠶᠢᠨ ᠮᠠᠰᠢᠨ ᠲᠡᠷᠭᠡᠨ ᠤ ᠠᠵᠤ ᠦᠢᠯᠡᠰ ᠤᠨ ᠵᠠᠬ᠎ᠠ ᠳᠡᠯᠭᠡᠭᠦᠷ ᠤᠨ ᠴᠢᠨᠠᠭᠰᠢᠳᠠ ᠬᠥᠭᠵᠢᠬᠦ ᠶᠢ ᠠᠬᠢᠭᠤᠯᠪᠠ᠃                      ᠤᠮᠠᠷᠠᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠵᠢᠢ ᠰᠢᠤᠸᠠᠢ ᠬᠤᠩ ᠰᠤᠷᠪᠤᠯᠵᠢᠯᠠᠭ᠎ᠠ ᠬᠦᠯᠢᠶᠡᠵᠤ ᠬᠡᠯᠡᠬᠦ ᠳᠡᠭᠡᠨ᠂ ᠤᠢᠢᠷ᠎ᠠ ᠶᠢᠨ ᠬᠤᠭᠤᠴᠠᠭᠠᠨ ᠳᠤ ᠮᠠᠰᠢᠨ ᠲᠡᠷᠭᠡᠨ ᠤ ᠪᠣᠷᠤᠯᠠᠭᠤᠯᠭ᠎ᠠ ᠶᠢ ᠠᠬᠢᠭᠤᠯᠬᠤ ᠤᠯᠠᠨ ᠲᠦᠷᠤ ᠶᠢᠨ ᠪᠤᠳᠤᠯᠭ᠎ᠠ ᠶᠢ ᠨᠡᠶᠢᠲᠡᠯᠡᠭᠰᠡᠨ ᠨᠢ ᠮᠠᠰᠢᠨ ᠲᠡᠷᠭᠡᠨ ᠤ ᠠᠵᠤ ᠦᠢᠯᠡᠰ ᠤᠨ ᠠᠵᠤ ᠠᠬᠤᠢ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠳᠤ ᠠᠰᠢᠭᠲᠠᠢ ᠶᠤᠮ ᠭᠡᠵᠡᠢ᠃      ᠵᠢᠶ ᠰᠢᠤᠸᠠᠢ ᠬᠤᠩ ᠪᠠᠰᠠ ᠬᠡᠯᠡᠬᠦ ᠳᠡᠭᠡᠨ᠂ ᠲᠥᠷᠥ ᠶᠢᠨ  ᠪᠣᠳᠣᠯᠭ᠎ᠠ ᠶᠢ ᠠᠬᠢᠭᠤᠯᠬᠤ ᠳᠤ ᠨᠠᠷᠢᠨ ᠵᠦᠢᠯᠡᠰ ᠢ ᠴᠢᠨᠠᠭᠰᠢᠳᠠ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃ ︽ᠮᠥᠩᠭᠦᠨ  ᠭᠦᠢᠯᠭᠡᠭᠡᠨ ᠤ ᠲᠠᠯ᠎ᠠ ᠪᠠᠷ᠂ ᠬᠦᠦ ᠮᠥᠩᠭᠦ ᠶᠢᠨ ᠨᠣᠷᠮ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠦ᠂ ᠤᠷᠢᠳᠴᠢᠯᠠᠭ᠎ᠠ ᠮᠥᠩᠭᠦᠨ ᠤ ᠬᠠᠷᠢᠴᠠᠯ ᠢ ᠳᠣᠷᠣᠭᠰᠢᠯᠠᠭᠤᠯᠬᠤ ᠵᠡᠷᠭᠡ ᠶᠢ ᠪᠣᠳᠣᠯᠬᠢᠯᠠᠵᠤ ᠪᠣᠯᠤᠨ᠎ᠠ᠃ ᠦᠢᠯᠡᠳᠬᠦᠨ ᠤ ᠲᠠᠯ᠎ᠠ ᠪᠠᠷ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠮᠡᠷᠭᠡᠵᠢᠯ ᠲᠠᠰᠤᠷᠠᠯᠲᠠ ᠦᠭᠡᠶ ᠬᠥᠭᠵᠢᠵᠦ ᠪᠠᠶᠢᠭ᠎ᠠ ᠪᠣᠯᠬᠤᠷ ᠠᠯᠪᠠᠨ ᠤ ᠲᠠᠯ᠎ᠠ ᠠᠴᠠ ᠨᠡᠩ ᠡᠷᠬᠡ ᠰᠦᠷ ᠲᠠᠢ ᠪᠥᠭᠡᠳ ᠨᠠᠶᠢᠳᠠᠪᠤᠷᠢᠲᠠᠶ ᠲᠤᠭ᠎ᠠ ᠪᠠᠷᠢᠮᠲᠠ ᠪᠣᠯᠤᠨ ᠦᠨᠡᠯᠡᠯᠲᠡ ᠬᠢᠵᠦ᠂  ᠬᠡᠷᠡᠭᠯᠡᠭᠴᠢᠳ ᠢ ᠲᠤᠰᠠᠯᠠᠨ ᠪᠤᠰᠤᠳᠴᠢ ᠪᠥᠭᠡᠳ ᠵᠥᠪ ᠲᠠᠨᠢᠯᠲᠠ ᠲᠠᠢ ᠪᠣᠯᠭᠠᠵᠤ᠂  ᠤᠯᠤᠰ ‍ᠤᠨ‌ᠦᠢᠯᠡᠳᠬᠦᠨ ᠤ ᠰᠢᠯᠢᠳᠡᠭ ᠰᠠᠶᠢᠨ ᠨᠡᠷ᠎ᠡ ᠬᠦᠨᠳᠦ ᠶᠢ ᠪᠤᠶ ᠪᠣᠯᠭᠠᠬᠤ ᠬᠡᠷᠡᠭᠲᠡᠶ︾ ᠭᠡᠵᠡᠢ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1