ᠥᠪᠥᠷ ᠮᠣᠩᠭᠤᠯ ᠤᠨ ᠠᠪᠤᠷᠠᠨ ᠲᠤᠰᠠᠯᠠᠬᠤ ᠪᠠᠭ ᠾᠧᠪᠧᠢ ᠳᠤ
ᠨᠡᠶᠢᠲᠡᠯᠡᠭᠰᠡᠨ ᠴᠠᠭ᠄
2023/8/7
      ᠬᠦᠴᠦᠲᠡᠢ ᠳᠠᠯᠠᠢ ᠶᠢᠨ ᠬᠠᠷ᠎ᠠ ᠰᠠᠯᠬᠢᠨ ᠤ ᠨᠥᠯᠥᠭᠡ ᠪᠠᠷ᠂ ᠪᠡᠭᠡᠵᠢᠩ ᠾᠧᠪᠧᠢ ᠵᠡᠷᠭᠡ ᠭᠠᠵᠠᠷ ᠲᠤ ᠠᠭᠠᠳᠠᠷ ᠪᠣᠷᠣᠭᠠᠨ ᠣᠷᠣᠵᠤ ᠠᠭᠤᠯᠠᠨ ᠤ ᠦᠶᠡᠷ ᠪᠠᠭᠤᠵᠤ᠂ ᠣᠯᠠᠨ ᠭᠠᠵᠠᠷ ᠭᠠᠮᠰᠢᠭᠳᠠᠭᠰᠠᠨ ᠪᠠᠶᠢᠨ᠎ᠠ᠃ ᠾᠧᠪᠧᠢ  ᠮᠤᠵᠢ ᠶᠢᠨ ᠵᠦᠸᠧ ᠵᠸᠦ ᠬᠤᠲᠠ ᠪᠠᠷ ᠤᠷᠤᠰᠤᠨ ᠥᠩᠭᠡᠷᠡᠳᠡᠭ ᠭᠤᠷᠪᠠᠨ ᠭᠤᠣᠯ ᠨᠢ ᠵᠡᠷᠭᠡ ᠪᠠᠷ ᠦᠶᠡᠷᠯᠡᠭᠰᠡᠨ ᠪᠣᠯᠬᠤᠷ ᠡᠨᠡ  ᠤᠳᠠᠭ᠎ᠠ ᠬᠠᠮᠤᠭ ᠤᠨ ᠬᠦᠨᠳᠦ ᠨᠣᠴᠢᠲᠠᠢ ᠭᠠᠮᠰᠢᠭᠳᠠᠭᠰᠠᠨ ᠪᠠᠶᠢᠨ᠎ᠠ᠃                              ᠨᠢᠭᠡ ᠨᠢ ᠭᠠᠮᠰᠢᠭᠳᠠᠪᠠᠯ ᠨᠡᠶᠢᠲᠡ ᠣᠯᠠᠨ ᠢᠶᠠᠷ ᠢᠶᠠᠨ ᠲᠤᠰᠠᠯᠠᠳᠠᠭ ᠰᠠᠶᠢᠬᠠᠨ ᠤᠯᠠᠮᠵᠢᠯᠠᠯ ᠲᠠᠢ ᠪᠣᠯᠬᠤᠷ ᠥᠪᠥᠷ ᠮᠣᠩᠭᠤᠯ ᠤᠨ ᠪᠤᠭᠤᠲᠤ᠂ ᠬᠥᠬᠡᠬᠤᠲᠠ᠂ ᠣᠷᠳᠣᠰ᠂ ᠰᠢᠯᠢ ᠶᠢᠨ ᠭᠤᠣᠯ᠂ ᠤᠯᠠᠭᠠᠨᠴᠠᠪ ᠵᠡᠷᠭᠡ ᠭᠠᠵᠠᠷ ᠤᠨ ᠠᠪᠤᠷᠠᠨ ᠲᠤᠰᠠᠯᠠᠬᠤ 6 ᠪᠠᠭ ᠠᠶᠤᠯ ᠠᠴᠠ ᠠᠪᠤᠷᠠᠬᠤ ᠣᠩᠭᠤᠴᠠ᠂ ᠠᠶᠤᠯ ᠠᠴᠠ ᠠᠪᠤᠷᠠᠬᠤ ᠬᠤᠪᠴᠠᠰᠤ ᠵᠡᠷᠭᠡ  ᠪᠡᠯᠡᠳᠬᠡᠯ  ᠲᠣᠨᠣᠭᠯᠠᠯ  ᠠᠪᠴᠤ᠂ ᠾᠧᠪᠧᠢ ᠮᠤᠵᠢ ᠶᠢᠨ ᠵᠦᠸᠧ ᠵᠸᠦ ᠬᠤᠲᠠ ᠶᠢᠨ ᠭᠠᠮᠰᠢᠭᠳᠠᠭᠰᠠᠨ ᠭᠠᠵᠠᠷ ᠲᠤ ᠬᠦᠷᠴᠦ ᠭᠠᠮᠰᠢᠭ ᠠᠴᠠ ᠠᠪᠤᠷᠠᠬᠤ  ᠠᠵᠢᠯᠯᠠᠭ᠎ᠠ ᠥᠷᠨᠢᠭᠦᠯᠵᠦ᠂ 3 ᠤ ᠦᠳᠡ ᠪᠣᠯᠲᠠᠯ᠎ᠠ ᠳᠠᠪᠬᠤᠷᠳᠠᠭᠰᠠᠨ ᠲᠤᠭ᠎ᠠ  ᠪᠠᠷ ᠨᠡᠶᠢᠲᠡ  700  ᠭᠠᠷᠤᠢ  ᠬᠥᠮᠥᠨ ᠢ  ᠰᠢᠯᠵᠢᠭᠦᠯᠦᠨ ᠲᠥᠪᠬᠢᠨᠡᠭᠦᠯᠦᠭᠰᠡᠨ ᠪᠠᠶᠢᠨ᠎ᠠ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1