ᠨᠠᠰᠤᠨ ᠳᠤ ᠥᠯᠥ ᠭᠦᠷᠦᠭᠰᠡᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ | ᠨᠡᠮᠡᠭᠳᠡᠭᠦᠯᠦᠨ᠂ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠶᠢᠨ | ᠲᠦᠯᠦᠭᠡ᠂ 8 ᠳ᠋ᠤᠭᠠᠷ ᠰᠠᠷ᠎ᠠ ᠶᠢᠨ 7 ᠤ ᠡᠳᠦᠷ᠂ ᠭᠤᠸᠠᠩ ᠮᠢᠩ ᠨᠡᠶᠢᠭᠡᠮ ᠲᠣᠭᠤᠷᠢᠭ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ ᠪᠠᠶᠠᠷ | ᠬᠥᠷ ᠲᠠᠢ ᠪᠠᠷ ᠦᠰᠦᠨ ᠪᠤᠶᠢᠵᠢᠶ᠎ᠠ︾ ᠨᠠᠰᠤᠨ ᠳᠤ ᠥᠯᠥ ᠭᠦᠷᠦᠭᠰᠡᠳ ᠤᠨ ᠵᠣᠨ ᠤ ᠠᠮᠠᠷᠠᠯᠲᠠ ᠶᠢᠨ ᠬᠦᠳᠡᠯᠭᠡᠭᠡᠨ | ᠦᠷᠨᠢᠭᠦᠯᠪᠡ᠃ | | | | | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢ ᠨᠠᠰᠤᠨ ᠳᠤ ᠥᠯᠥ ᠭᠦᠷᠦᠭᠰᠡᠳ ᠲᠤ | ᠤᠰᠤᠨ ᠳᠤ ᠵᠢᠪᠬᠦ ᠠᠴᠠ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ | ᠲᠦᠪᠰᠢᠨ ᠵᠡᠷᠭᠡ ᠮᠡᠳᠡᠯᠭᠡ ᠶᠢ ᠲᠠᠶᠢᠯᠪᠤᠷᠢᠯᠠᠨ ᠥᠭᠴᠡᠢ᠃ ᠡᠭᠦᠨ ᠤ ᠬᠠᠮᠲᠤ ᠭᠤᠣᠯᠳᠠᠭᠤ ᠵᠤᠨ ᠤ ᠤᠯᠠᠷᠢᠯ ᠤᠨ | ᠤᠮᠪᠠᠯᠲᠠ ᠪᠠᠷ ᠭᠠᠷᠳᠠᠨ ᠬᠢᠬᠦ ᠴᠡᠭ ᠪᠣᠯᠭᠠᠨ ᠬᠡᠦᠬᠡᠳ ᠤᠳ ᠲᠤ ᠤᠰᠤᠨ ᠳᠤ ᠵᠢᠪᠬᠦ ᠠᠴᠠ ᠰᠡᠷᠭᠡᠶᠢᠯᠡᠬᠦ ᠠᠮᠤᠷ | ᠲᠦᠪᠰᠢᠨ ᠤ ᠬᠥᠮᠦᠵᠢᠯ ᠤᠨ ᠮᠡᠳᠡᠯᠭᠡ ᠶᠢ ᠲᠠᠶᠢᠯᠪᠤᠷᠢᠯᠠᠨ ᠥᠭᠴᠦ᠂ ᠤᠰᠤᠨ ᠳᠤ ᠵᠢᠪᠴᠦ ᠦᠬᠦᠭᠰᠡᠨ ᠬᠡᠷᠡᠭ ᠤᠨ | ᠵᠢᠱᠢᠶ᠎ᠡ ᠪᠠ ᠲᠤᠭ᠎ᠠ ᠪᠠᠷᠢᠮᠲᠠ ᠪᠠᠷ ᠬᠡᠭᠡᠷ᠎ᠡ ᠶᠢᠨ ᠤᠮᠪᠠᠯᠲᠠ ᠶᠢᠨ ᠠᠶᠤᠯ ᠲᠦᠭᠰᠢᠭᠦᠷᠢ ᠶᠢ ᠳᠡᠯᠭᠡᠨ ᠦᠵᠡᠭᠦᠯᠪᠡ᠃ | ᠬᠡᠦᠬᠡᠳ ᠤᠳ ᠲᠤ ᠥᠪᠡᠷ ᠤᠨ ᠠᠮᠤᠷ ᠲᠦᠪᠰᠢᠨ ᠢᠶᠠᠨ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠥᠪᠡᠷ ᠤᠨ | ᠴᠢᠳᠠᠪᠤᠷᠢ ᠶᠢᠨ ᠬᠡᠪᠴᠢᠶᠡᠨ ᠠᠴᠠ ᠪᠠᠨ ᠬᠡᠲᠦᠷᠡᠭᠰᠡᠨ ᠠᠰᠠᠭᠤᠳᠠᠯ ᠢ ᠰᠢᠢᠳᠪᠦᠷᠢᠯᠡᠵᠦ ᠪᠣᠯᠬᠤ ᠦᠭᠡᠢ᠂ ᠵᠠᠪᠠᠯ | ᠥᠪᠡᠷ ᠤᠨ ᠠᠮᠤᠷ ᠲᠦᠪᠰᠢᠨ ᠢᠶᠠᠨ ᠪᠠᠲᠤᠯᠠᠬᠤ ᠬᠡᠷᠡᠭᠲᠡᠢ ᠭᠡᠵᠦ ᠰᠡᠷᠡᠮᠵᠢᠯᠡᠭᠦᠯᠵᠦ ᠪᠠᠶᠢᠨ᠎ᠠ᠃ | | | | | | | | ᠲᠣᠰ ᠤᠳᠠᠭᠠᠨ ᠤ ᠠᠵᠢᠯᠯᠠᠭ᠎ᠠ ᠳᠤ ᠨᠠᠰᠤᠨ ᠳᠤ ᠥᠯᠥ ᠭᠦᠷᠦᠭᠰᠡᠳ ᠲᠤ ᠮᠠᠰᠢ ᠣᠯᠠᠨ ᠠᠮᠤᠷ ᠲᠦᠪᠰᠢᠨ ᠤ | ᠮᠡᠳᠡᠯᠭᠡ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠶᠢᠯᠪᠤᠷᠢᠯᠠᠨ ᠥᠭᠴᠦ᠂ ᠪᠠᠶᠠᠷ ᠴᠡᠩᠭᠡᠯ ᠤᠨ ᠳᠤᠮᠳᠠ ᠨᠠᠰᠤᠨ ᠳᠤ | ᠥᠯᠥ ᠭᠦᠷᠦᠭᠰᠡᠳ ᠲᠤ ᠰᠢᠨ᠎ᠡ ᠮᠡᠳᠡᠯᠭᠡ ᠰᠤᠷᠤᠯᠴᠠᠭᠤᠯᠵᠤ᠂ ᠣᠯᠠᠨ ᠢ ᠬᠠᠪᠰᠤᠷᠤᠨ ᠠᠮᠤᠷ ᠲᠦᠪᠰᠢᠨ᠂ ᠪᠠᠶᠠᠷ | ᠬᠥᠷ ᠲᠠᠢ ᠵᠣᠨ ᠤ ᠠᠮᠠᠷᠠᠯᠲᠠ ᠶᠢᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |