ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠵᠢᠯᠲᠠᠨ | ᠠᠵᠢᠯᠴᠢᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠣᠯᠪᠠᠰᠤᠨ᠂ ᠡᠷᠡᠭᠦᠯ᠂ | ᠪᠣᠬᠢᠷᠲᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠬᠡᠯᠪᠡᠷᠢ ᠶᠢ ᠢᠳᠡᠪᠬᠢᠲᠡᠢ | ᠰᠠᠨᠠᠭᠠᠴᠢᠯᠠᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 6 ᠤ ᠦᠳᠡ ᠶᠢᠨ ᠡᠮᠦᠨ᠎ᠡ᠂ ᠲᠣᠭᠲᠠᠬᠤ ᠰᠢᠶᠠᠨ ᠤ | ᠠᠵᠢᠯᠲᠠᠨ ᠠᠵᠢᠯᠴᠢᠨ ᠤ ᠮᠣᠷᠢᠲᠤ ᠴᠡᠷᠢᠭ ᠤᠨ ᠠᠵᠢᠯᠯᠠᠭ᠎ᠠ ᠢ ᠯᠢ ᠨᠢᠭᠡᠳᠦᠭᠡᠷ ᠮᠠᠯᠵᠢᠯ ᠤᠨ ᠲᠠᠯᠠᠪᠠᠢ ᠶᠢᠨ | ᠲᠡᠵᠢᠭᠡᠨ ᠦᠷᠡᠵᠢᠭᠦᠯᠬᠦ ᠬᠦᠷᠢᠶᠡᠯᠡᠩ ᠳᠤ ᠡᠬᠢᠯᠡᠪᠡ᠃ ᠪᠦᠬᠦ ᠰᠢᠶᠠᠨ ᠤ 80 ᠭᠠᠷᠤᠢ ᠲᠤᠭᠤᠢ ᠲᠡᠷᠭᠡᠨ ᠳᠤ | ᠪᠠᠭ᠋ᠠᠲᠠᠢ ᠬᠥᠮᠥᠰ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠵᠠᠢ᠃ | | | | | ᠲᠤᠩᠭᠠᠯᠠᠭ ᠰᠠᠶᠢᠬᠠᠨ ᠨᠡᠷᠡᠨ ᠤ ᠲᠤᠶᠠᠭ᠎ᠠ ᠪᠠᠷ᠂ ᠵᠤᠨ ᠤ ᠤᠷᠢᠬᠠᠨ ᠰᠠᠯᠬᠢᠨ ᠤ ᠠᠶᠠᠰ ᠢᠶᠠᠷ᠂ 30 | ᠺᠢᠯᠤᠮᠥᠲᠷ ᠤᠨ ᠬᠥᠳᠡᠭᠡ ᠲᠣᠰᠬᠤᠨ ᠤ ᠠᠶᠠᠨ ᠳᠤ᠂ ᠲᠤᠭᠤᠢ ᠲᠡᠷᠭᠡᠨ ᠳᠤ ᠪᠠᠭ᠋ᠠᠲᠠᠢ ᠬᠥᠮᠥᠰ᠂ ᠴᠤᠭ | ᠵᠢᠪᠬᠤᠭ᠎ᠠ ᠪᠠᠨ ᠪᠠᠳᠠᠷᠠᠭᠤᠯᠵᠤ᠂ ᠵᠠᠮ ᠳᠠᠭᠠᠤ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠨᠤᠭᠤᠳ ᠢ | ᠪᠦᠷᠢᠯᠳᠦᠭᠦᠯᠪᠡ᠃ | | | | | | | | | | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠶᠢᠨ ᠵᠣᠷᠢᠯᠭ᠎ᠠ ᠨᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠣᠷᠴᠢᠨ ᠠᠬᠤᠢ ᠶᠢ ᠬᠠᠮᠠᠭᠠᠯᠠᠬᠤ ᠠᠮᠢᠳᠤᠷᠠᠯ ᠤᠨ ᠣᠶᠢᠯᠠᠭᠠᠭᠳᠠᠬᠤᠨ ᠢ ᠰᠠᠨᠠᠭᠠᠴᠢᠯᠠᠨ᠂ | ᠠᠵᠢᠯᠲᠠᠨ ᠠᠵᠢᠯᠴᠢᠨ ᠤ ᠪᠡᠶ᠎ᠡ ᠮᠠᠬᠠᠪᠤᠳ ᠤᠨ ᠬᠡᠪ ᠴᠢᠨᠠᠷ ᠢ ᠴᠢᠩᠭᠠᠳᠬᠠᠵᠤ᠂ ᠪᠣᠬᠢᠷᠲᠤᠯ ᠦᠭᠡᠢ ᠶᠠᠪᠤᠵᠤ | ᠰᠠᠭᠤᠬᠤ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠥᠷᠭᠡᠨ ᠣᠯᠠᠨ ᠠᠵᠢᠯᠲᠠᠨ ᠠᠵᠢᠯᠴᠢᠨ | ᠣᠯᠠᠨ ᠲᠦᠮᠡᠨ ᠤ ᠪᠣᠬᠢᠷᠲᠤᠯ ᠦᠭᠡᠢ ᠶᠠᠪᠤᠵᠤ ᠰᠠᠭᠤᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠷᠡᠭᠯᠡᠭᠡ᠂ ᠡᠷᠡᠭᠦᠯ ᠮᠡᠨᠳᠦ ᠠᠮᠢᠳᠤᠷᠠᠬᠤ ᠶᠢ ᠬᠥᠲᠥᠯᠥᠨ ᠵᠢᠯᠤᠭᠤᠳᠴᠤ᠂ ᠤᠬᠠᠮᠰᠠᠷ ᠠᠴᠠ ᠪᠠᠨ ᠪᠣᠯᠪᠠᠰᠤᠨ ᠡᠷᠡᠭᠦᠯ | ᠂ ᠪᠣᠬᠢᠷᠲᠤᠯ ᠦᠭᠡᠢ ᠣᠷᠴᠢᠨ ᠠᠬᠤᠢ ᠶᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠤᠨ ᠰᠠᠨᠠᠭᠠᠴᠢᠯᠠᠭᠴᠢ᠂ | ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠬᠤ ᠶᠢᠨ ᠲᠥᠯᠥᠭᠡ ᠶᠤᠮ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |