ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ︽ᠰᠢᠮ᠎ᠡ ᠲᠡᠵᠢᠭᠡᠯᠳᠦ ᠬᠤᠭᠤᠯᠠ ᠲᠣᠬᠢᠷᠠᠭᠤᠯᠤᠭᠴᠢ︾ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/8/9
      ᠠᠵᠢᠯ ᠤᠨ ᠪᠠᠶᠢᠷᠢ ᠰᠢᠯᠵᠢᠵᠦ ᠠᠵᠢᠯ ᠤᠨ ᠪᠠᠶᠢᠷᠢ ᠬᠦᠯᠢᠶᠡᠵᠦ ᠪᠠᠶᠢᠭ᠎ᠠ ᠠᠵᠢᠯᠲᠠᠨ ᠠᠵᠢᠯᠴᠢᠨ᠂ ᠬᠥᠯᠥᠰᠦᠨ ᠠᠵᠢᠯᠴᠢᠨ᠂ ᠰᠢᠨ᠎ᠡ ᠠᠵᠢᠯ ᠣᠯᠬᠤ ᠬᠡᠯᠪᠡᠷᠢ ᠶᠢᠨ ᠬᠥᠳᠡᠯᠮᠦᠷᠢᠴᠢᠨ᠂ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠪᠦᠷᠢᠯᠳᠦᠭᠦᠨ᠂ ᠣᠷᠣᠯᠭ᠎ᠠ ᠪᠠᠭᠠᠲᠠᠢ ᠠᠵᠢᠯᠲᠠᠨ ᠠᠵᠢᠯᠴᠢᠨ ᠵᠡᠷᠭᠡ ᠠᠵᠢᠯ ᠣᠯᠬᠤ ᠳᠤ ᠬᠦᠴᠢᠷᠲᠡᠢ ᠬᠥᠳᠡᠯᠮᠦᠷᠢᠯᠡᠬᠦ ᠴᠢᠳᠠᠪᠤᠷᠢ ᠲᠠᠢ ᠬᠠᠮᠲᠤᠯᠢᠭ ᠢ ᠬᠠᠪᠰᠤᠷᠤᠨ ᠠᠵᠢᠯ ᠣᠯᠬᠤ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠵᠢᠯ ᠣᠯᠬᠤ ᠠᠷᠭ᠎ᠠ ᠵᠠᠮ ᠢ ᠨᠢ ᠥᠷᠭᠡᠳᠬᠡᠨ᠂ ᠭᠡᠷ ᠪᠦᠯᠢ ᠶᠢᠨ ᠣᠷᠣᠯᠭ᠎ᠠ ᠶᠢ ᠨᠢ ᠨᠡᠮᠡᠭᠳᠡᠭᠦᠯᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠬᠦ ᠶᠢᠨ ᠲᠥᠯᠥᠭᠡ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠣᠶᠢᠷ᠎ᠠ ᠶᠢᠨ ᠬᠤᠭᠤᠴᠠᠭᠠᠨ ᠳᠤ ︽ᠰᠢᠮ᠎ᠡ  ᠲᠡᠵᠢᠭᠡᠯᠳᠦ ᠬᠤᠭᠤᠯᠠ ᠲᠣᠬᠢᠷᠠᠭᠤᠯᠤᠭᠴᠢ︾ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠡᠷᠭᠢᠯᠡᠬᠦ ᠪᠠᠷ ᠪᠠᠶᠢᠨ᠎ᠠ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠪᠣᠯᠪᠠᠰᠤᠷᠠᠭᠤᠯᠤᠯ ᠤᠨ ᠲᠤᠰᠬᠠᠢ ᠮᠡᠷᠭᠡᠵᠢᠯ ︵ᠬᠢᠴᠢᠶᠡᠯ︶᠄      ᠰᠢᠮ᠎ᠡ ᠲᠡᠵᠢᠭᠡᠯᠳᠦ ᠬᠤᠭᠤᠯᠠ ᠲᠣᠬᠢᠷᠠᠭᠤᠯᠤᠭᠴᠢ      ᠬᠤᠶᠠᠷ᠂ ᠪᠣᠯᠪᠠᠰᠤᠷᠠᠭᠤᠯᠬᠤ ᠡᠲᠡᠭᠡᠳ᠄       ᠲᠣᠭᠲᠠᠬᠤ ᠰᠢᠶᠠᠨ ᠤ ᠬᠠᠷᠢᠶ᠎ᠠ ᠲᠣᠭᠤᠷᠢᠭ ᠤᠨ 18 ︱ 60 ᠪᠦᠬᠦᠯᠢ ᠨᠠᠰᠤᠨ ᠤ ᠠᠵᠢᠯ ᠤᠨ ᠪᠠᠶᠢᠷᠢ ᠰᠢᠯᠵᠢᠵᠦ ᠠᠵᠢᠯ ᠬᠦᠯᠢᠶᠡᠵᠦ ᠪᠠᠶᠢᠭ᠎ᠠ ᠠᠵᠢᠯᠲᠠᠨ ᠠᠵᠢᠯᠴᠢᠨ᠂ ᠬᠥᠯᠥᠰᠦᠨ ᠠᠵᠢᠯᠴᠢᠨ᠂ ᠰᠢᠨ᠎ᠡ ᠠᠵᠢᠯ ᠣᠯᠬᠤ ᠬᠡᠯᠪᠡᠷᠢ ᠶᠢᠨ ᠬᠥᠳᠡᠯᠮᠦᠷᠢᠴᠢᠨ᠂ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠪᠦᠷᠢᠯᠳᠦᠭᠦᠨ᠂ ᠣᠷᠣᠯᠭ᠎ᠠ ᠪᠠᠭᠠᠲᠠᠢ ᠠᠵᠢᠯᠲᠠᠨ ᠠᠵᠢᠯᠴᠢᠨ ᠵᠡᠷᠭᠡ ᠬᠥᠳᠡᠯᠮᠦᠷᠢᠯᠡᠬᠦ ᠴᠢᠳᠠᠪᠤᠷᠢ ᠲᠠᠢ ᠠᠵᠢᠯ ᠣᠯᠬᠤ ᠳᠤ ᠬᠦᠴᠢᠷᠲᠡᠢ ᠬᠠᠮᠲᠤᠯᠢᠭ᠃      ᠭᠤᠷᠪᠠ᠂ ᠪᠣᠯᠪᠠᠰᠤᠷᠠᠭᠤᠯᠬᠤ ᠬᠥᠮᠥᠨ ᠤ ᠲᠤᠭ᠎ᠠ ᠪᠠ ᠴᠠᠭ ᠬᠤᠭᠤᠴᠠᠭ᠎ᠠ᠄      ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠳᠥᠷᠪᠡᠨ ᠬᠤᠭᠤᠴᠠᠭ᠎ᠠ ᠬᠤᠪᠢᠶᠠᠨ ᠡᠷᠭᠢᠯᠡᠵᠦ᠂ ᠬᠤᠭᠤᠴᠠᠭ᠎ᠠ ᠪᠦᠷᠢ ᠶᠢᠨ ᠪᠣᠯᠪᠠᠰᠤᠷᠠᠯ ᠤᠨ ᠰᠣᠷᠣᠭᠴᠢ 50 ᠬᠥᠮᠥᠨ ᠪᠠᠶᠢᠵᠤ᠂ ᠨᠡᠶᠢᠲᠡ 200 ᠰᠣᠷᠣᠭᠴᠢ ᠡᠯᠰᠡᠨ᠎ᠡ᠃ ᠠᠩᠭᠢ ᠡᠬᠢᠯᠡᠬᠦ ᠴᠠᠭ ᠲᠤ ᠨᠡᠷ᠎ᠡ ᠮᠡᠳᠡᠭᠦᠯᠦᠭᠡᠳ ᠪᠦᠬᠦᠯᠢ 50 ᠰᠣᠷᠣᠭᠴᠢ ᠪᠠᠶᠢᠪᠠᠯ ᠳᠠᠷᠤᠢ ᠠᠩᠭᠢ ᠡᠬᠢᠯᠡᠭᠦᠯᠵᠦ ᠪᠣᠯᠣᠨ᠎ᠠ᠂ ᠬᠤᠭᠤᠴᠠᠭ᠎ᠠ ᠪᠦᠷᠢ ᠶᠢᠨ ᠬᠢᠴᠢᠶᠡᠯ ᠤᠨ ᠴᠠᠭ ᠨᠢ 200 ᠬᠢᠴᠢᠶᠡᠯ ᠤᠨ ᠴᠠᠭ᠂ ᠨᠡᠶᠢᠲᠡ 20 ᠡᠳᠦᠷ ᠪᠣᠯᠣᠨ᠎ᠠ᠃      ᠳᠥᠷᠪᠡ᠂ ᠪᠣᠯᠪᠠᠰᠤᠷᠠᠭᠤᠯᠬᠤ ᠭᠠᠵᠠᠷ᠄      ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠴᠢᠨ ᠤ ᠰᠣᠶᠣᠯ ᠤᠨ ᠣᠷᠳᠣᠨ᠃      ᠲᠠᠪᠤ᠂ ᠪᠤᠰᠤᠳ ᠬᠠᠮᠢᠶ᠎ᠠ ᠪᠦᠬᠦᠢ ᠵᠦᠢᠯᠡᠰ᠄       ᠲᠣᠰ ᠤᠳᠠᠭᠠᠨ ᠤ ᠪᠣᠯᠪᠠᠰᠤᠷᠠᠭᠤᠯᠤᠯ ᠳᠤ ᠨᠡᠷ᠎ᠡ ᠮᠡᠳᠡᠭᠦᠯᠦᠭᠰᠡᠨ ᠪᠣᠶ ᠪᠦᠬᠦᠢ ᠰᠣᠷᠣᠭᠴᠢ ᠴᠥᠮ ᠰᠦᠢᠳᠬᠡᠯ ᠬᠤᠷᠢᠶᠠᠬᠤ ᠦᠭᠡᠢ᠂ ᠶᠠᠮᠠᠷ ᠴᠤ ᠰᠦᠢᠳᠬᠡᠯ ᠬᠤᠷᠢᠶᠠᠬᠤ ᠦᠭᠡᠢ᠃ ᠬᠢᠴᠢᠶᠡᠯ ᠣᠷᠣᠬᠤ᠂ ᠲᠠᠯᠠᠪᠤᠷ ᠭᠠᠵᠠᠷ᠂ ᠮᠠᠲ᠋ᠧᠷᠢᠶᠠᠯ ᠵᠡᠷᠭᠡ ᠶᠢᠨ ᠵᠠᠷᠤᠳᠠᠯ ᠢ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠡᠭᠦᠷᠭᠡᠯᠡᠵᠦ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠬᠠᠮᠢᠶ᠎ᠠ ᠪᠦᠬᠦᠢ ᠬᠢᠷᠢ ᠬᠡᠮ ᠤᠨ ᠪᠠᠶᠢᠭᠤᠯᠤᠮᠵᠢ ᠶᠢ ᠤᠷᠢᠵᠤ ᠬᠢᠴᠢᠶᠡᠯᠯᠡᠭᠦᠯᠦᠨ᠎ᠡ᠂ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠤ ᠳᠠᠷᠠᠭ᠎ᠠ᠂ ︽ᠰᠢᠮ᠎ᠡ ᠲᠡᠵᠢᠭᠡᠯᠳᠦ ᠬᠤᠭᠤᠯᠠ ᠲᠣᠬᠢᠷᠠᠭᠤᠯᠤᠭᠴᠢ︾ ᠶᠢᠨ ᠤᠯᠤᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠰᠢᠯᠭᠠᠯᠲᠠ ᠳᠤ ᠦᠨ᠎ᠡ ᠲᠥᠯᠥᠪᠦᠷᠢ ᠦᠭᠡᠢ ᠪᠠᠷ ᠣᠷᠣᠯᠴᠠᠵᠤ ᠪᠣᠯᠣᠨ᠎ᠠ᠂ ᠰᠢᠯᠭᠠᠯᠲᠠ ᠳᠤ ᠬᠢᠷᠢ ᠲᠡᠩᠴᠡᠪᠡᠯ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠣᠯᠭᠤᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠢ ᠣᠯᠵᠤ ᠪᠣᠯᠣᠨ᠎ᠠ᠃      ᠵᠢᠷᠭᠤᠭ᠎ᠠ᠂ ᠨᠡᠷ᠎ᠡ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ᠄      1᠂ ᠡᠷᠦᠬᠡ ᠠᠮᠠ ᠶᠢᠨ ᠲᠦᠷᠦᠭᠦᠸ ᠨᠢᠭᠤᠷ ᠵᠢᠴᠢ ᠲᠣᠰ ᠬᠥᠮᠥᠨ ᠤ ᠨᠢᠭᠤᠷ ᠤᠨ ᠬᠠᠭᠤᠯᠪᠤᠷᠢ ᠲᠣᠰ ᠪᠦᠷᠢ 1 ᠬᠤᠪᠢ︔       2᠂ ᠬᠤᠪᠢ ᠬᠥᠮᠥᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠨᠢᠭᠡ ᠬᠤᠪᠢ︔      3᠂ ᠨᠡᠷ᠎ᠡ ᠮᠡᠳᠡᠭᠦᠯᠬᠦ ᠪᠦᠷᠢᠳᠬᠡᠯ ᠤᠨ ᠬᠦᠰᠦᠨᠦᠭ᠃      ᠳᠣᠯᠤᠭ᠎ᠠ᠂ ᠨᠡᠷ᠎ᠡ ᠮᠡᠳᠡᠭᠦᠯᠬᠦ ᠬᠠᠶ᠋ᠢᠭ᠄ ᠬᠠᠷᠢᠶ᠎ᠠ ᠣᠷᠣᠨ ᠤ ᠡᠯ᠎ᠡ ᠨᠡᠶᠢᠭᠡᠮ ᠲᠣᠭᠤᠷᠢᠭ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ᠃      ᠬᠠᠷᠢᠯᠴᠠᠬᠤ ᠤᠲᠠᠰᠤ᠄ 0471 — 8517958      ᠨᠠᠢᠮᠠ᠂ ᠳᠠᠭᠠᠯᠳᠤᠭᠤᠯᠤᠯ᠄      2023 ᠣᠨ ᠤ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠰᠢᠮ᠎ᠡ ᠲᠡᠵᠢᠭᠡᠯᠳᠦ ᠬᠤᠭᠤᠯᠠ ᠲᠣᠬᠢᠷᠠᠭᠤᠯᠤᠭᠴᠢ ᠶᠢᠨ ᠪᠣᠯᠪᠠᠰᠤᠷᠠᠭᠤᠯᠤᠯ ᠤᠨ ᠰᠤᠷᠤᠭᠴᠢᠳ ᠤᠨ ᠮᠡᠳᠡᠭᠡ ᠵᠠᠩᠭᠢ ᠶᠢᠨ ᠪᠦᠷᠢᠳᠬᠡᠯ ᠤᠨ ᠬᠦᠰᠦᠨᠦᠭᠲᠦ                    ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ                         2023 ᠣᠨ ᠤ 8 ᠳ᠋ᠤᠭᠠᠷ ᠰᠠᠷ᠎ᠠ ᠶᠢᠨ 4 ᠤ ᠡᠳᠦᠷᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1