ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠬᠥᠭᠵᠢᠯᠲᠡ ᠶᠢ ᠲᠡᠮᠵᠢᠬᠦ ᠣᠯᠠᠨ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ 2027 ᠣᠨ ᠤ ᠡᠴᠦᠰ ᠪᠣᠯᠲᠠᠯ᠎ᠠ ᠦᠷᠭᠦᠯᠵᠢᠯᠡᠨ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2023/8/9
      ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠲᠦᠷᠦᠭᠦᠬᠡᠨ ᠬᠠᠮᠲᠤᠷᠠᠨ ᠠᠯᠢ ᠣᠯᠠᠨ ᠠᠯᠪᠠᠨ ᠵᠠᠷ ᠨᠡᠶᠢᠲᠡᠯᠡᠵᠦ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠬᠥᠭᠵᠢᠯᠲᠡ ᠶᠢ ᠳᠡᠮᠵᠢᠬᠦ ᠣᠯᠠᠨ ᠵᠦᠢᠯ ᠤᠨ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢ ᠲᠣᠳᠣᠷᠬᠠᠢ ᠲᠣᠭᠲᠠᠭᠠᠵᠤ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠳᠠᠷᠤᠭᠠᠰᠤ ᠶᠢ ᠬᠥᠩᠭᠡᠯᠡᠨ᠂ ᠬᠥᠳᠡᠯᠭᠡᠬᠦ ᠴᠢᠳᠠᠪᠤᠷᠢ ᠶᠢ ᠨᠡᠮᠡᠭᠳᠡᠭᠦᠯᠵᠦ᠂ ᠭᠤᠣᠯᠳᠠᠯᠭ᠎ᠠ ᠲᠠᠢ ᠬᠠᠮᠲᠤᠯᠢᠭ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ ᠶᠢ ᠠᠬᠢᠭᠤᠯᠤᠨ᠎ᠠ ᠭᠡᠵᠡᠢ᠃      ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠠᠶᠢᠯᠢ ᠰᠦᠢᠳᠬᠡᠯ ᠤᠨ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠬᠦ ᠶᠢᠨ ᠲᠥᠯᠥᠭᠡ᠂ ᠠᠯᠪᠠᠨ ᠵᠠᠷ ᠲᠤ ᠲᠣᠳᠣᠷᠬᠠᠢ ᠲᠣᠭᠲᠠᠭᠠᠭᠰᠠᠨ ᠨᠢ᠂ 2027 ᠣᠨ ᠤ ᠵᠢᠯ ᠤᠨ ᠡᠴᠦᠰ ᠠᠴᠠ ᠡᠮᠦᠨ᠎ᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠵᠢᠯ ᠤᠨ ᠭᠠᠶᠢᠯᠢ ᠲᠤᠰᠢᠶᠠᠬᠤ ᠶᠣᠰᠣᠲᠠᠢ ᠠᠰᠢᠭ ᠣᠷᠣᠯᠭ᠎ᠠ ᠶᠢᠨ ᠲᠤᠭ᠎ᠠ ᠨᠢ 200 ᠲᠦᠮᠡᠨ ᠲᠥᠭᠦᠷᠢᠭ ᠠᠴᠠ ᠬᠡᠲᠦᠷᠡᠬᠦ ᠦᠭᠡᠢ ᠬᠡᠰᠡᠭ ᠠᠴᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠬᠠᠭᠠᠰ ᠢᠶᠠᠷ ᠬᠥᠩᠭᠡᠯᠡᠨ ᠲᠠᠲᠠᠪᠤᠷᠢᠯᠠᠨ᠎ᠠ︔ ᠥᠷᠲᠡᠭ ᠨᠡᠮᠡᠭᠳᠡᠯ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ᠂ ᠵᠢᠵᠢᠭ ᠬᠡᠯᠪᠡᠷᠢ ᠶᠢᠨ ᠥᠴᠥᠬᠡᠨ ᠠᠰᠢᠭ ᠬᠤᠨᠵᠢᠪᠤᠷᠢ ᠲᠠᠢ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠬᠢ ᠪᠠᠶᠠᠯᠢᠭ ᠤᠨ ᠭᠠᠶᠢᠯᠢ ︵ᠤᠰᠤᠨ ᠡᠬᠢ ᠪᠠᠶᠠᠯᠢᠭ ᠤᠨ ᠭᠠᠶᠢᠯᠢ ᠪᠠᠭᠳᠠᠭᠠᠬᠤ ᠦᠭᠡᠢ︶᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ᠂ ᠲᠡᠮᠳᠡᠭᠲᠦ ᠶᠢᠨ ᠭᠠᠶᠢᠯᠢ ︵ᠦᠨᠡᠲᠦ ᠲᠡᠮᠳᠡᠭᠲᠦ ᠶᠢᠨ ᠠᠷᠠᠯᠵᠢᠶᠠᠨ ᠤ ᠲᠡᠮᠳᠡᠭᠲᠦ ᠶᠢᠨ ᠭᠠᠶᠢᠯᠢ ᠪᠠᠭᠲᠠᠬᠤ ᠦᠭᠡᠢ︶᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠪᠠ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠶᠢ ᠬᠠᠭᠠᠰ ᠢᠶᠠᠷ ᠬᠠᠰᠤᠵᠤ ᠲᠠᠲᠠᠪᠤᠷᠢᠯᠠᠨ᠎ᠠ︔ ᠵᠢᠵᠢᠭ ᠬᠡᠯᠪᠡᠷᠢ ᠶᠢᠨ ᠥᠴᠥᠬᠡᠨ ᠠᠰᠢᠭ ᠬᠤᠨᠵᠢᠪᠤᠷᠢ ᠲᠠᠢ ᠠᠵᠤ ᠠᠬᠤᠶᠢᠯᠠᠯ ᠤᠨ ᠭᠠᠶᠢᠯᠢ ᠲᠤᠰᠢᠶᠠᠬᠤ ᠶᠣᠰᠣᠲᠠᠢ ᠠᠰᠢᠭ ᠣᠷᠣᠯᠭ᠎ᠠ ᠶᠢᠨ ᠲᠤᠭ᠎ᠠ ᠶᠢ 25% ᠪᠠᠷ ᠬᠥᠩᠭᠡᠯᠡᠨ ᠪᠤᠳᠤᠵᠤ᠂ 20% ᠶᠢᠨ ᠭᠠᠶᠢᠯᠢ ᠶᠢᠨ ᠨᠤᠷᠮ᠎ᠠ ᠪᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠲᠤᠰᠢᠶᠠᠨ᠎ᠠ᠃ ᠡᠭᠦᠨ ᠤ ᠵᠡᠷᠭᠡ ᠳᠤ᠂ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ᠥᠷᠲᠡᠭ ᠨᠡᠮᠡᠭᠳᠡᠯ ᠤᠨ ᠭᠠᠶᠢᠯᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠴᠤ 2027 ᠣᠨ ᠤ ᠵᠢᠯ ᠤᠨ ᠡᠴᠦᠰ ᠪᠣᠯᠲᠠᠯ᠎ᠠ ᠦᠷᠭᠦᠯᠵᠢᠯᠡᠭᠦᠯᠦᠨ᠎ᠡ᠂ ᠲᠤᠬᠠᠶᠢᠯᠠᠪᠠᠯ ᠰᠠᠷ᠎ᠠ ᠶᠢᠨ ᠪᠣᠷᠤᠯᠠᠭᠤᠯᠭ᠎ᠠ ᠶᠢᠨ ᠲᠤᠭ᠎ᠠ ᠨᠢ 10 ᠲᠦᠮᠡᠨ ᠲᠥᠭᠦᠷᠢᠭ ᠠᠴᠠ ᠳᠣᠷᠣᠭᠰᠢ ︵ᠲᠣᠰ ᠲᠤᠭ᠎ᠠ ᠶᠢ ᠪᠠᠭᠲᠠᠭᠠᠨ᠎ᠠ︶ ᠥᠷᠲᠡᠭ ᠨᠡᠮᠡᠭᠳᠡᠯ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠠᠴᠠ ᠥᠷᠲᠡᠭ ᠨᠡᠮᠡᠭᠳᠡᠯ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠳᠤ 3% ᠶᠢᠨ ᠲᠠᠲᠠᠪᠤᠷᠢᠯᠠᠬᠤ ᠨᠣᠷᠮ᠎ᠠ ᠶᠢᠨ ᠭᠠᠶᠢᠯᠢ ᠲᠤᠰᠢᠶᠠᠬᠤ ᠶᠣᠰᠣᠲᠠᠢ ᠪᠣᠷᠣᠯᠠᠭᠤᠯᠤᠯᠲᠠ ᠶᠢᠨ ᠣᠷᠣᠯᠭ᠎ᠠ ᠶᠢ ᠬᠡᠷᠡᠭᠯᠡᠵᠦ᠂ 1% ᠶᠢᠨ ᠲᠠᠲᠠᠪᠤᠷᠢᠯᠠᠬᠤ ᠨᠣᠷᠮ᠎ᠠ ᠪᠠᠷ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠶᠢ 3% ᠶᠢᠨ ᠤᠷᠢᠳᠴᠢᠯᠠᠨ ᠲᠠᠲᠠᠪᠤᠷᠢᠯᠠᠬᠤ ᠨᠤᠷᠮ᠎ᠠ ᠶᠢ ᠬᠡᠷᠡᠭᠯᠡᠬᠦ ᠤᠷᠢᠳᠴᠢᠯᠠᠨ ᠲᠤᠰᠢᠶᠠᠬᠤ ᠦᠷᠳᠡᠭ ᠨᠡᠮᠡᠭᠳᠡᠯ ᠤᠨ ᠭᠠᠶᠢᠯᠢ ᠶᠢᠨ ᠵᠦᠢᠯᠡᠰ ᠲᠤ 1% ᠶᠢᠨ ᠤᠷᠢᠳᠴᠢᠯᠠᠨ ᠲᠠᠲᠠᠪᠤᠷᠢᠯᠠᠬᠤ ᠨᠤᠷᠮ᠎ᠠ ᠪᠠᠷ ᠦᠷᠳᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠶᠢ ᠬᠠᠰᠤᠨ᠎ᠠ᠃      ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠪᠡᠯᠡ ᠲᠣᠬᠢᠷᠠᠭᠤᠯᠬᠤ ᠳᠤ ᠬᠦᠴᠢᠷᠲᠡᠢ᠂ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠨᠠᠮᠳᠠᠭᠤᠯᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠠᠯᠪᠠᠨ ᠵᠠᠷ ᠲᠤ ᠲᠣᠳᠣᠷᠬᠠᠢ ᠲᠣᠭᠲᠠᠭᠠᠭᠰᠠᠨ ᠨᠢ᠂ 2027 ᠣᠨ ᠤ ᠵᠢᠯ ᠤᠨ ᠡᠴᠦᠰ ᠠᠴᠠ ᠡᠮᠦᠨ᠎ᠡ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠵᠢᠵᠢᠭ ᠪᠢᠴᠢᠯ ᠠᠵᠤ ᠠᠬᠤᠶᠢᠯᠠᠯ ᠵᠢᠴᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠪᠠᠭ᠎ᠠ ᠲᠣᠭᠠᠨ ᠤ ᠵᠢᠭᠡᠯᠡᠯᠭᠡ ᠲᠠᠯᠪᠢᠭᠠᠳ ᠣᠯᠣᠭᠰᠠᠨ ᠬᠦᠦ ᠮᠥᠩᠭᠦ ᠶᠢᠨ ᠣᠷᠣᠯᠭ᠎ᠠ ᠠᠴᠠ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠦᠭᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠵᠢᠭ ᠪᠢᠴᠢᠯ ᠠᠵᠤ ᠠᠬᠤᠶᠢᠯᠠᠯ ᠯᠤᠭ᠎ᠠ ᠲᠣᠭᠲᠠᠭᠰᠠᠨ ᠵᠣᠭᠤᠰ ᠵᠢᠭᠡᠯᠡᠬᠦ ᠭᠡᠷ᠎ᠡ ᠠᠴᠠ ᠲᠡᠮᠳᠡᠭᠲᠦ ᠶᠢᠨ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃ ᠭᠠᠶᠢᠯᠢ ᠲᠤᠰᠢᠶᠠᠭᠴᠢ ᠠᠴᠠ ᠲᠠᠷᠢᠶᠠᠴᠢᠨ ᠡᠷᠦᠬᠡ᠂ ᠵᠢᠵᠢᠭ ᠪᠢᠴᠢᠯ ᠠᠵᠤ ᠠᠬᠤᠶᠢᠯᠠᠯ ᠵᠢᠴᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠵᠣᠭᠤᠰ ᠵᠢᠭᠡᠯᠡᠭᠰᠡᠨ᠂ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠠᠩᠭᠠᠭᠠᠳ ᠣᠯᠣᠭᠰᠠᠨ ᠳᠠᠭᠠᠭᠠᠯᠲᠠ ᠶᠢᠨ ᠰᠦᠢᠳᠬᠡᠯ ᠤᠨ ᠣᠷᠣᠯᠭ᠎ᠠ ᠵᠢᠴᠢ ᠳᠡᠭᠡᠷ᠎ᠡ ᠳᠤᠷᠠᠳᠤᠭᠰᠠᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠳᠤ ᠳᠠᠬᠢᠨ ᠳᠠᠭᠠᠭᠠᠯᠲᠠ ᠬᠠᠩᠭᠠᠭᠠᠳ ᠣᠯᠣᠭᠰᠠᠨ ᠳᠠᠬᠢᠨ ᠳᠠᠭᠠᠭᠠᠯᠲᠠ ᠶᠢᠨ ᠰᠦᠢᠳᠬᠡᠯ ᠤᠨ ᠣᠷᠣᠯᠭ᠎ᠠ ᠠᠴᠠ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃      ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠶᠢ ᠳᠡᠮᠵᠢᠬᠦ ᠶᠢᠨ ᠲᠥᠯᠥᠭᠡ᠂ ᠬᠤᠶᠠᠷ ᠰᠠᠯᠠᠭ᠎ᠠ ᠮᠥᠴᠢᠷ ᠪᠠᠰᠠ ᠠᠯᠪᠠᠨ ᠵᠠᠷ ᠨᠡᠶᠢᠲᠡᠯᠡᠵᠦ᠂ ᠪᠡᠯᠡ ᠣᠷᠣᠭᠤᠯᠤᠯᠲᠠ ᠶᠢᠨ ᠠᠩᠬ᠎ᠠ ᠡᠭᠦᠳᠦᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ 2027 ᠣᠨ ᠤ ᠡᠴᠦᠰ ᠪᠣᠯᠲᠠᠯ᠎ᠠ ᠦᠷᠭᠦᠯᠵᠢᠯᠡᠨ ᠬᠡᠷᠡᠭᠵᠢᠭᠦᠯᠦᠨ᠎ᠡ᠂ ᠠᠩᠬ᠎ᠠ ᠡᠭᠦᠳᠦᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠡᠷᠡᠭᠰᠡᠬᠦ ᠨᠥᠬᠦᠴᠡᠯ ᠳᠤ᠂ ᠠᠵᠢᠯᠯᠠᠵᠤ ᠪᠠᠶᠢᠭ᠎ᠠ ᠬᠥᠮᠥᠨ ᠤ ᠲᠤᠭ᠎ᠠ ᠶᠢ ᠦᠷᠭᠦᠯᠵᠢᠯᠡᠨ 300 ᠬᠥᠮᠥᠨ ᠠᠴᠠ ᠬᠡᠲᠦᠷᠡᠭᠦᠯᠬᠦ ᠦᠭᠡᠢ ᠪᠠᠷ᠂ ᠡᠳ᠋ ᠬᠥᠷᠥᠩᠭᠡ  ᠶᠢᠨ ᠶᠡᠷᠦᠩᠬᠡᠢ ᠲᠤᠭ᠎ᠠ ᠪᠠ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ ᠳᠤᠮᠳᠠᠴᠢ ᠪᠠᠷ 5000 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃ ᠲᠤᠰ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠵᠡᠷᠭᠡ ᠭᠤᠣᠯᠳᠠᠯᠭ᠎ᠠ ᠲᠠᠢ ᠬᠥᠮᠥᠰ ᠤᠨ ᠠᠳᠠᠯ ᠦᠢᠯᠡᠰ ᠴᠣᠭᠴᠠᠯᠠᠨ ᠠᠵᠢᠯ ᠣᠯᠬᠤ ᠶᠢ ᠳᠡᠮᠵᠢᠬᠦ ᠶᠢᠨ ᠲᠥᠯᠥᠭᠡ᠂ ᠠᠯᠪᠠᠨ ᠵᠠᠷ ᠲᠤ ᠲᠣᠳᠣᠷᠬᠠᠢ ᠲᠣᠭᠲᠠᠭᠠᠭᠰᠠᠨ  ᠨᠢ᠂ 2023 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠪᠤᠯᠳᠠᠯ᠎ᠠ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ︽ᠠᠳᠠᠯ ᠦᠢᠯᠡᠰ ᠴᠣᠭᠴᠠᠯᠠᠬᠤ ᠦᠨᠡᠮᠯᠡᠯ︾ ᠪᠤᠶᠤ ︽ᠠᠵᠢᠯ ᠠᠯᠳᠠᠭᠰᠠᠨ ᠳᠠᠩᠰᠠᠯᠠᠯᠲᠠ ᠶᠢᠨ ᠦᠨᠡᠮᠯᠡᠯ︾ ᠲᠠᠢ ᠬᠥᠮᠥᠰ ᠬᠤᠪᠢ ᠶᠢᠨ ᠡᠵᠡᠩᠨᠡᠯᠲᠡ ᠬᠢᠵᠦ ᠪᠠᠶᠢᠪᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠳᠡᠩᠰᠡᠯᠡᠨ ᠲᠡᠮᠳᠡᠭᠯᠡᠭᠦᠯᠦᠭᠰᠡᠨ ᠲᠣᠰ ᠰᠠᠷ᠎ᠠ ᠠᠴᠠ ᠡᠬᠢᠯᠡᠨ᠂ 3 ᠵᠢᠯ ᠤᠨ ᠳᠣᠲᠣᠷ᠎ᠠ ᠡᠷᠦᠬᠡ ᠪᠦᠷᠢ ᠵᠢᠯ ᠪᠦᠷᠢ 2 ᠲᠦᠮᠡᠨ ᠲᠥᠭᠦᠷᠢᠭ ᠢᠶᠠᠷ ᠬᠢᠵᠠᠭᠠᠷ ᠲᠤᠭ᠎ᠠ ᠪᠣᠯᠭᠠᠵᠤ᠂ ᠲᠣᠰ ᠵᠢᠯ ᠤᠨ ᠪᠣᠳᠠᠲᠠᠢ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠪᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠲᠠᠰ ᠳᠠᠷᠠᠭᠠᠯᠠᠨ ᠬᠠᠰᠤᠨ᠎ᠠ᠃ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠶᠢ ᠬᠠᠮᠤᠭ ᠤᠨ ᠥᠨᠳᠥᠷ ᠲᠡᠭᠡᠨ 20% ᠪᠠᠷ ᠥᠰᠬᠡᠵᠦ ᠪᠣᠯᠣᠨ᠎ᠠ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠡᠨᠡ ᠬᠡᠪᠴᠢᠶᠡᠨ ᠳᠣᠲᠣᠷ᠎ᠠ ᠬᠢᠵᠠᠭᠠᠷᠯᠠᠭᠰᠠᠨ ᠲᠤᠭ᠎ᠠ ᠶᠢᠨ ᠪᠣᠳᠠᠲᠠᠢ ᠪᠠᠷᠢᠮᠵᠢᠶ᠎ᠠ ᠶᠢ ᠲᠣᠭᠲᠠᠭᠠᠵᠤ ᠪᠣᠯᠣᠨ᠎ᠠ᠃ ᠠᠵᠤ ᠠᠬᠤᠶᠢᠯᠠᠯ ᠳᠡᠭᠡᠷ᠎ᠡ ᠳᠤᠷᠠᠳᠤᠭᠰᠠᠨ ᠬᠥᠮᠥᠰ ᠢ ᠡᠯᠰᠡᠵᠦ ᠬᠡᠷᠡᠭᠯᠡᠬᠦ ᠳᠡᠭᠡᠨ ᠪᠠᠰᠠ ᠵᠣᠬᠢᠴᠠᠩᠭᠤᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠦᠷᠳᠡᠨ᠎ᠠ᠃ ᠠᠯᠪᠠᠨ ᠵᠠᠷ ᠲᠤ ᠪᠠᠰᠠ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠤᠨ ᠠᠯᠪᠠᠨ  ᠠᠴᠠ ᠪᠠᠭᠤᠭᠰᠠᠨ ᠪᠠᠶᠢᠯᠳᠤᠭᠴᠢᠳ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ ᠶᠢ ᠤᠯᠠᠮ ᠨᠢᠭᠡ ᠠᠯᠬᠤᠮ ᠲᠡᠳᠬᠦᠨ ᠳᠡᠮᠵᠢᠬᠦ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢ ᠲᠤᠳᠤᠷᠬᠠᠶᠢᠯᠠᠪᠠ᠃      7 ᠳ᠋ᠤᠭᠠᠷ ᠰᠠᠷ᠎ᠠ ᠶᠢᠨ 24 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯᠳᠤᠭᠠᠨ ᠠᠴᠠ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠵᠣᠭᠤᠰᠤᠨ ᠤ ᠯᠠᠪᠳᠠᠭᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ᠂ ᠰᠢᠯᠢᠳᠡᠭᠵᠢᠭᠦᠯᠦᠨ᠂ ᠲᠡᠭᠦᠯᠳᠡᠷᠵᠢᠭᠦᠯᠵᠦ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠳᠤᠮᠳᠠᠳᠤ ᠤᠯᠤᠰ ᠤᠨ ᠡᠳ᠋ ᠤᠨ ᠵᠠᠰᠠᠭ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ ᠪᠠᠢ ᠵᠢᠩ ᠮᠢᠩ ᠢᠯᠡᠷᠬᠡᠶᠢᠯᠡᠬᠦ ᠳᠡᠭᠡᠨ᠂ ᠬᠤᠶᠠᠷ ᠰᠠᠯᠠᠭ᠎ᠠ ᠮᠥᠴᠢᠷ ᠤᠨ ᠰᠢᠷᠢᠰ ᠠᠯᠪᠠᠨ ᠵᠠᠷ ᠪᠣᠯ ᠬᠤᠷᠠᠯ ᠤᠨ ᠵᠣᠷᠢᠭ ᠰᠠᠨᠠᠭ᠎ᠠ ᠶᠢ ᠲᠦᠷᠭᠡᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠭᠠᠶᠢᠯᠢ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠤᠷᠸ᠎ᠠ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ ᠢ ᠪᠠᠲᠤᠯᠠᠬᠤ ᠶᠢᠨ ᠲᠣᠪᠣᠶᠢᠮ᠎ᠠ ᠢᠯᠡᠷᠡᠯ ᠮᠥᠨ︾ ᠭᠡᠵᠡᠢ᠃ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1