2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ 9 ᠳ᠋ᠤᠭᠡᠷ ᠰᠠᠷ᠎ᠠ ᠶᠢᠨ 11 ᠤ ᠡᠳᠦᠷ ᠠᠴᠠ 17 ᠤ ᠡᠳᠦᠷ ᠪᠣᠯᠲᠠᠯ᠎ᠠ ᠪᠥᠬᠦ ᠤᠯᠤᠰ ᠤᠨ ᠬᠡᠪᠴᠢᠶᠡᠨ ᠳᠤ ᠶᠠᠪᠤᠭᠳᠠᠨ᠎ᠠ
ᠨᠡᠶᠢᠲᠡᠯᠡᠭᠰᠡᠨ ᠴᠠᠭ᠄
2023/9/1
     2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠰᠣᠨᠢᠨ ᠮᠡᠳᠡᠭᠡ ᠨᠡᠶᠢᠲᠡᠯᠡᠬᠦ ᠬᠤᠷᠠᠯ 8 ᠳ᠋ᠤᠭᠠᠷ ᠰᠠᠷ᠎ᠠ ᠶᠢᠨ 31 ᠤ ᠡᠳᠦᠷ᠂ ᠲᠥᠪ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠰᠦᠯᠵᠢᠶᠡᠨ ᠤ ᠠᠮᠤᠷ ᠲᠦᠪᠰᠢᠨ ᠤ ᠵᠣᠬᠢᠴᠠᠭᠤᠯᠬᠤ ᠲᠣᠪᠴᠢᠶᠠᠨ ᠤ ᠳᠠᠷᠤᠭ᠎ᠠ ᠭᠤᠸ ᠯᠢᠨ᠂ ᠹᠦᠵᠧᠦ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠦ ᠵᠢᠩ ᠠᠵᠢᠯᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃     2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠢ 9 ᠳ᠋ᠤᠭᠡᠷ ᠰᠠᠷ᠎ᠠ ᠶᠢᠨ 11  ᠤ ᠡᠳᠦᠷ ᠠᠴᠠ 17 ᠤ ᠡᠳᠦᠷ ᠪᠣᠯᠲᠠᠯ᠎ᠠ ᠪᠦᠬᠦ ᠤᠯᠤᠰ ᠤᠨ ᠬᠡᠪᠴᠢᠶᠡᠨ ᠳᠤ ᠨᠢᠭᠡᠳᠦᠯᠲᠡᠢ ᠥᠷᠨᠢᠭᠦᠯᠦᠨ᠎ᠡ᠃ ᠡᠭᠦᠨ ᠳᠤ᠂ ᠡᠬᠢᠯᠡᠯᠲᠡ ᠶᠢᠨ ᠶᠣᠰᠣᠯᠠᠯ ᠵᠡᠷᠭᠡ ᠴᠢᠬᠤᠯᠠ ᠠᠵᠢᠯᠯᠠᠭ᠎ᠠ ᠹᠦᠵᠢᠶᠠᠨ ᠮᠤᠵᠢ ᠶᠢᠨ ᠹᠦᠵᠧᠦ ᠬᠤᠲᠠ ᠳᠤ ᠶᠠᠪᠤᠭᠳᠠᠬᠤ ᠪᠣᠯᠣᠨ᠎ᠠ᠃      ᠭᠤᠣ ᠯᠢᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠰᠦᠯᠵᠢᠶᠡᠨ ᠤ ᠠᠮᠤᠷ ᠲᠦᠪᠰᠢᠨ ᠤ ᠭᠠᠷᠠᠭ ᠨᠢ ︽ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠪᠣᠯᠭᠠᠵᠤ᠂ ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠳᠤ ᠲᠦᠰᠢᠭᠯᠡᠨ᠎ᠡ︾ ᠭᠡᠰᠡᠨ ᠭᠤᠣᠯ ᠰᠡᠳᠦᠪ ᠢᠶᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠰᠦᠯᠵᠢᠶᠡᠨ ᠤ ᠠᠮᠤᠷ ᠲᠦᠪᠰᠢᠨ ᠤ ᠬᠦᠷᠢᠶᠡᠨ ᠳᠤ ᠣᠯᠣᠭᠰᠠᠨ ᠠᠮᠵᠢᠯᠲᠠ ᠪᠦᠲᠦᠮᠵᠢ ᠶᠢᠨ ᠲᠣᠭᠤᠷᠢᠨ ᠳᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ︾᠂ ︽ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾᠂ ︽ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠵᠡᠷᠭᠡ ᠴᠢᠬᠤᠯᠠ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠤᠯᠤᠰ ᠤᠨ ᠪᠠᠷᠢᠮᠵᠢᠶ᠎ᠠ ᠶᠢ ᠭᠦᠨᠵᠡᠭᠡᠢ ᠤᠬᠠᠭᠤᠯᠵᠤ᠂ ᠶᠠᠷᠢᠶᠠᠨ ᠤ ᠲᠠᠪᠴᠠᠩ  ᠰᠤᠳᠤᠯᠤᠨ ᠶᠠᠷᠢᠯᠴᠠᠬᠤ  ᠳᠡᠯᠭᠡᠨ ᠦᠵᠡᠭᠦᠯᠬᠦ  ᠤᠷᠤᠯᠳᠤᠭᠠᠨ ᠶᠠᠪᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠨᠠᠮ ᠵᠠᠰᠠᠭ ᠤᠨ ᠪᠠᠶᠢᠭᠤᠯᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠤᠯᠠᠨ ᠲᠦᠮᠡᠨ ᠵᠡᠷᠭᠡ ᠡᠯ᠎ᠡ ᠲᠠᠯ᠎ᠠ ᠶᠢᠨ ᠬᠦᠴᠦᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠳᠤ ᠥᠷᠭᠡᠨ ᠢᠶᠠᠷ ᠣᠷᠣᠯᠴᠠᠵᠤ᠂ ᠪᠦᠬᠦ ᠨᠡᠶᠢᠭᠡᠮ ᠢᠶᠠᠷ ᠢᠶᠠᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠤᠯᠭᠠᠨ᠎ᠠ᠃      ᠯᠦ ᠵᠢᠩ ᠲᠠᠨᠢᠯᠴᠠᠭᠤᠯᠬᠤ ᠳᠠᠭᠠᠨ᠂ ᠲᠣᠰ ᠬᠤᠭᠤᠴᠠᠭᠠᠨ ᠤ ᠰᠦᠯᠵᠢᠶᠡᠨ ᠤ ᠠᠮᠤᠷ ᠲᠦᠪᠰᠢᠨ ᠤ ᠭᠠᠷᠠᠭ ᠲᠤ ᠳᠣᠣᠷᠠᠬᠢ ᠮᠡᠲᠦ ᠣᠨᠴᠠᠯᠢᠭ ᠲᠠᠢ᠄ ᠨᠢᠭᠡ ᠳᠤ᠂ ᠠᠷᠠᠳᠴᠢ ᠴᠢᠨᠠᠷ ᠢ ᠳᠣᠪᠤᠶᠢᠯᠭᠠᠵᠤ᠂ ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠳᠤ ᠦᠢᠯᠡᠴᠢᠯᠡᠭᠦᠯᠬᠦ᠂ ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠳᠤ ᠲᠦᠰᠢᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠬᠤᠶᠠᠷ ᠲᠤ᠂ ᠰᠢᠨ᠎ᠡ ᠶᠢ ᠡᠭᠦᠳᠬᠦ ᠴᠢᠨᠠᠷ ᠢ ᠲᠤᠪᠤᠶᠢᠯᠭᠠᠵᠤ᠂ ᠬᠥᠭᠵᠢᠯᠲᠡ ᠶᠢ ᠠᠬᠢᠭᠤᠯᠬᠤ ᠪᠠ ᠬᠠᠤᠯᠢ ᠶᠣᠰᠣᠭᠠᠷ ᠬᠠᠮᠢᠶᠠᠷᠬᠤ ᠶᠢ ᠬᠠᠷᠢᠯᠴᠠᠨ ᠨᠢᠭᠡᠳᠬᠡᠬᠦ ᠶᠢ  ᠪᠠᠷᠢᠮᠳᠠᠯᠠᠨ᠎ᠠ᠃ ᠭᠤᠷᠪᠠ ᠳᠤ᠂ ᠠᠭᠤᠰᠤᠯᠴᠠᠬᠤ ᠴᠢᠨᠠᠷ ᠢ ᠲᠤᠪᠤᠶᠢᠯᠭᠠᠵᠦ᠂ ᠰᠦᠯᠵᠢᠶᠡᠨ ᠤ ᠠᠮᠤᠷ ᠲᠦᠪᠰᠢᠨ ᠤ ︽ᠵᠠᠰᠠᠭ ᠠᠵᠤ ᠦᠢᠯᠡᠰ ᠠᠭᠤᠰᠤᠯᠴᠠᠨ ᠰᠤᠷᠤᠯᠴᠠᠬᠤ ᠰᠤᠳᠤᠯᠤᠨ ᠬᠡᠷᠡᠭᠯᠡᠬᠦ︾ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃      ᠡᠨᠡ ᠵᠢᠯ ᠤᠨ ᠰᠦᠯᠵᠢᠶᠡᠨ ᠤ ᠠᠮᠤᠷ ᠲᠦᠪᠰᠢᠨ ᠤ ᠭᠠᠷᠠᠭ ᠤᠨ ᠬᠤᠭᠤᠴᠠᠭᠠᠨ ᠳᠤ᠂ ᠡᠬᠢᠯᠡᠯᠲᠡ ᠶᠢᠨ ᠶᠣᠰᠣᠯᠠᠯ ᠠᠴᠠ ᠭᠠᠳᠠᠨ᠎ᠠ᠂ ᠪᠠᠰᠠ ᠰᠦᠯᠵᠢᠶᠡᠨ ᠤ ᠠᠮᠤᠷ ᠲᠦᠪᠰᠢᠨ ᠤ ᠦᠵᠡᠰᠬᠦᠯᠡᠩ᠂ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠤᠨ ᠲᠦᠷᠦᠭᠦᠴᠦᠳ ᠤᠨ ᠶᠠᠷᠢᠶᠠᠨ ᠤ ᠲᠠᠪᠴᠠᠩ᠂ ᠰᠦᠯᠵᠢᠶᠡᠨ ᠤ ᠠᠮᠤᠷ ᠲᠦᠪᠰᠢᠨ ᠤ ᠪᠢᠴᠢᠯ ᠸᠢᠳᠢᠤ᠋ ᠴᠤᠭᠯᠠᠭᠤᠯᠬᠤ ᠵᠢᠴᠢ ᠭᠤᠣᠯ ᠰᠡᠳᠦᠪᠲᠦ ᠡᠳᠦᠷ᠂ ᠦᠨᠳᠦᠰᠦᠨ ᠱᠠᠲᠤᠨ ᠳᠤ ᠣᠷᠣᠬᠤ ᠵᠡᠷᠭᠡ ᠠᠵᠢᠯᠯᠠᠭ᠎ᠠ ᠶᠢ ᠶᠠᠪᠤᠭᠳᠠᠭᠤᠯᠤᠨ᠎ᠠ᠃      2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠢ ᠲᠥᠪ ᠤᠨ ᠤᠬᠠᠭᠤᠯᠬᠤ ᠬᠡᠯᠲᠡᠰ᠂ ᠲᠥᠪ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠤᠷᠭᠠᠨ ᠬᠥᠮᠦᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠵᠡᠷᠭᠡ ᠠᠷᠪᠠᠨ ᠰᠠᠯᠠᠭ᠎ᠠ ᠮᠥᠴᠢᠷ ᠬᠠᠮᠲᠤᠷᠠᠨ ᠡᠷᠬᠢᠯᠡᠨ᠎ᠡ᠃ ᠡᠯ᠎ᠡ ᠱᠠᠲᠤᠨ ᠤ ᠣᠷᠣᠨ ᠨᠤᠲᠤᠭ ᠤᠨ ᠨᠠᠮ ᠤᠨ ᠬᠤᠷᠢᠶ᠎ᠠ ᠶᠢᠨ ᠢᠨᠲ᠋ᠥᠷ ᠰᠦᠯᠵᠢᠶᠡᠨ ᠤ ᠮᠡᠳᠡᠭᠡ ᠵᠠᠩᠭᠢ ᠶᠢᠨ ᠵᠥᠪᠯᠡᠯ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠬᠠᠷᠢᠭᠤᠴᠠᠵᠦ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠳ ᠲᠤᠰ ᠰᠢᠰᠲ᠋ᠧᠮ ᠲᠤᠰ ᠠᠵᠢᠯ ᠲᠤᠶᠢᠷᠦᠯ᠂ ᠲᠤᠰ ᠬᠦᠷᠢᠶᠡᠨ ᠳᠠᠬᠢ ᠠᠵᠢᠯᠯᠠᠭ᠎ᠠ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1